ᠪᠥᠬᠦ ᠪᠥᠮᠪᠥᠷᠴᠡᠭ ᠤᠨ ᠬᠦᠭᠵᠢᠵᠥ ᠪᠠᠶᠢᠭ᠎ᠠ ᠤᠯᠤᠰ ᠤᠳ ᠤᠨ ᠰᠦᠷ ᠳᠠᠯᠠᠶᠢᠴᠠᠲᠠᠶ ᠬᠦᠴᠦᠨ ᠢ ᠨᠢᠬᠳᠠᠷᠠᠭᠤᠯᠵᠥ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ | — ︽ᠠᠯᠳᠠᠨ ᠲᠣᠭᠤᠰᠭ᠎ᠠ +︾ ᠤᠳᠤᠷᠢᠳᠬᠤ ᠬᠥᠮᠦᠰ ᠤᠨ ᠶᠠᠷᠢᠯᠴᠠᠭᠠᠨ ᠤ ᠬᠤᠷᠠᠯ ᠳᠡᠭᠡᠷᠡᠬᠢ ᠶᠠᠷᠢᠶ᠎ᠠ | ︵2024 ᠣᠨ ᠤ 10 ᠰᠠᠷ᠎ᠠ ᠶᠢᠨ 24 ᠤ ᠡᠳᠦᠷ᠂ ᠺᠠᠽᠠᠨ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠫᠦᠲ᠋ᠢᠨ᠂ ᠬᠠᠮᠲᠤ ᠠᠵᠢᠯᠯᠠᠭᠰᠠᠳ ᠡ᠄ | | | | ᠶᠡᠷᠦᠩᠬᠡᠶᠢᠯᠡᠭᠴᠢ ᠫᠦᠲ᠋ᠢᠨ ᠪᠣᠯᠤᠨ ᠤᠷᠤᠰ ᠤᠨ ᠵᠠᠰᠠᠭ ᠤᠨ ᠣᠷᠳᠣᠨ ᠤ ᠡᠨᠡ ᠤᠳᠠᠭ᠎ᠠ ᠶᠢᠨ ︽ᠠᠯᠳᠠᠨ ᠲᠣᠭᠤᠰᠭ᠎ᠠ +︾ ᠤᠳᠤᠷᠢᠳᠬᠤ | ᠬᠥᠮᠦᠰ ᠤᠨ ᠶᠠᠷᠢᠯᠴᠠᠭᠠᠨ ᠤ ᠬᠤᠷᠠᠯ ᠢ ᠵᠣᠬᠢᠶᠠᠨ ᠪᠠᠶᠢᠭᠤᠯᠤᠭᠰᠠᠨ ᠳᠤ ᠲᠠᠯᠠᠷᠬᠠᠵᠤ ᠪᠠᠶᠢᠨ᠎ᠠ᠂ ᠪᠢ ᠡᠨᠡ ᠡᠳᠦᠷ ᠤᠨ ᠬᠤᠷᠠᠯ ᠳᠤ ᠣᠷᠣᠯᠴᠠᠭᠰᠠᠨ ᠡᠯ᠎ᠡ | ᠤᠯᠤᠰ ᠤᠨ ᠤᠳᠤᠷᠢᠳᠬᠤ ᠬᠥᠮᠦᠰ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠵᠦ᠂ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠺᠠᠽᠠᠨ ᠳᠤ | ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠪᠦᠬᠦ ᠪᠥᠮᠪᠥᠷᠴᠡᠭ ᠤᠨ ᠬᠦᠭᠵᠢᠵᠥ ᠪᠠᠶᠢᠭ᠎ᠠ ᠤᠯᠤᠰ ᠤᠳ ᠤᠨ ᠪᠦᠯᠦᠭᠵᠢᠯ ᠤᠨ ᠴᠢᠨᠠᠷᠲᠠᠢ ᠰᠡᠷᠭᠦᠨ ᠮᠠᠨᠳᠤᠯᠲᠠ ᠪᠣᠯ ᠳᠡᠯᠡᠬᠡᠢ ᠶᠢᠨ ᠶᠡᠭᠡ | ᠬᠤᠪᠢᠰᠤᠯᠲᠠ ᠶᠢᠨ ᠢᠯᠡ ᠲᠣᠳᠣ ᠪᠡᠯᠭᠡ ᠲᠡᠮᠳᠡᠭ ᠪᠣᠯᠤᠨ᠎ᠠ᠃ ᠪᠦᠬᠦ ᠪᠥᠮᠪᠥᠷᠴᠡᠭ ᠤᠨ ᠬᠦᠭᠵᠢᠵᠥ ᠪᠠᠶᠢᠭ᠎ᠠ ᠤᠯᠤᠰ ᠤᠳ ᠬᠠᠮᠲᠤ ᠪᠠᠷ ᠣᠳᠣᠬᠢᠴᠢᠯᠠᠯᠲᠠ | ᠲᠡᠶᠢᠰᠢ ᠤᠷᠤᠭᠰᠢᠯᠠᠬᠤ ᠪᠣᠯ ᠳᠡᠯᠡᠬᠡᠢ ᠶᠢᠨ ᠲᠡᠦᠬᠡᠨ ᠳᠡᠭᠡᠷᠡᠬᠢ ᠨᠢᠭᠡᠨ ᠲᠤᠮᠤ ᠶᠠᠪᠤᠳᠠᠯ᠂ ᠮᠦᠨ ᠴᠦ ᠬᠥᠮᠦᠨ ᠲᠥᠷᠥᠯᠬᠢᠲᠡᠨ ᠤ ᠪᠣᠯᠪᠠᠰᠤᠨ ᠤ | ᠠᠬᠢᠴᠠ ᠳᠠᠬᠢ ᠲᠡᠦᠬᠡᠨ ᠳᠤ ᠭᠠᠷᠤᠭ᠎ᠠ ᠦᠭᠡᠢ ᠠᠤᠭ᠎ᠠ ᠠᠵᠢᠯᠯᠠᠭ᠎ᠠ ᠪᠣᠯᠤᠨ᠎ᠠ᠃ ᠡᠭᠦᠨ ᠤ ᠬᠠᠮᠲᠤ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ | ᠮᠥᠨ ᠬᠦ ᠬᠦᠨᠳᠦ ᠬᠡᠴᠡᠭᠦᠦ ᠥᠷᠢᠰᠥᠯᠳᠦᠭᠡᠨ ᠳᠤ ᠲᠤᠯᠭᠠᠷᠠᠵᠤ᠂ ᠪᠦᠬᠦ ᠪᠥᠮᠪᠥᠷᠴᠡᠭ ᠤᠨ ᠬᠦᠭᠵᠢᠵᠥ ᠪᠠᠶᠢᠭ᠎ᠠ ᠤᠯᠤᠰ ᠤᠳ ᠤᠨ ᠬᠦᠭᠵᠢᠯ ᠮᠠᠨᠳᠤᠯ ᠤᠨ | ᠵᠠᠮ ᠯᠠᠪᠲᠠᠢ ᠲᠡᠭᠰᠢ ᠳᠠᠷᠳᠠᠩ ᠪᠢᠰᠢ ᠶᠤᠮ᠃ ᠪᠦᠬᠦ ᠪᠥᠮᠪᠥᠷᠴᠡᠭ ᠤᠨ ᠬᠦᠭᠵᠢᠵᠥ ᠪᠠᠶᠢᠭ᠎ᠠ ᠤᠯᠤᠰ ᠤᠳ ᠤᠨ ᠨᠢᠭᠡᠳᠦᠭᠡᠷ ᠵᠢᠭᠰᠠᠯ ᠪᠣᠯᠤᠭᠰᠠᠨ ᠤ | ᠬᠤᠪᠢ ᠳᠤ᠂ ᠪᠢᠳᠡ ᠬᠠᠮᠲᠤ ᠶᠢᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠢᠯᠡᠷᠡᠭᠦᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠨᠳᠦ ᠴᠢᠬᠤᠯᠠ ᠬᠠᠷᠢᠭᠤᠴᠠᠯᠭ᠎ᠠ ᠲᠠᠢ ᠶᠤᠮ᠃ | — ᠡᠩᠬᠡ ᠲᠠᠶᠢᠪᠤᠩ ᠢ ᠪᠠᠲᠤ ᠰᠠᠬᠢᠵᠤ᠂ ᠬᠠᠮᠲᠤ ᠶᠢᠨ ᠠᠮᠤᠷ ᠲᠦᠪᠰᠢᠨ ᠢ ᠪᠡᠶᠡᠯᠡᠭᠦᠯᠦᠶ᠎ᠠ᠃ ᠪᠢᠳᠡ ᠡᠩᠬᠡ ᠲᠠᠶᠢᠪᠤᠩ ᠢ ᠬᠠᠮᠠᠭᠠᠯᠠᠬᠤ | ᠲᠣᠭᠲᠠᠭᠤᠨ ᠬᠦᠴᠦᠨ ᠪᠤᠯᠵᠤ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠨ᠂ ᠦᠡᠭᠭᠡᠨ ᠲᠠᠯ᠎ᠠ ᠪᠠ ᠦᠨᠳᠦᠰᠦ ᠠᠴᠠ ᠨᠢ | ᠵᠡᠷᠭᠡ ᠪᠠᠷ ᠵᠠᠰᠠᠬᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠶ᠎ᠠ᠃ ᠪᠢ ᠪᠦᠬᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠲᠠᠯ᠎ᠠ ᠶᠢᠨ ᠬᠢᠨ ᠢᠳᠡᠪᠬᠢᠲᠡᠢ ᠴᠤᠤᠷᠢᠶᠠᠲᠤᠵᠤ᠂ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠵᠡᠷᠭᠡ ᠤᠯᠠᠨ | ᠬᠦᠷᠢᠶᠡᠨ ᠳᠤ ᠴᠢᠬᠤᠯᠠ ᠠᠮᠵᠢᠯᠲᠠ ᠣᠯᠵᠠᠢ᠃ ᠳᠤᠮᠳᠠᠳᠤ ᠤᠯᠤᠰ ᠪᠣᠯᠤᠨ ᠪᠷᠠᠽᠢᠯ ᠬᠠᠮᠲᠤᠷᠠᠨ ︽ᠵᠢᠷᠭᠤᠭᠠᠨ ᠵᠦᠢᠯ ᠤᠨ ᠬᠠᠮᠲᠤ ᠶᠢᠨ ᠲᠠᠨᠢᠯᠲᠠ︾ ᠶᠢ | ᠨᠡᠶᠢᠲᠡᠯᠡᠵᠦ᠂ ᠪᠦᠬᠦ ᠪᠥᠮᠪᠥᠷᠴᠡᠭ ᠤᠨ ᠬᠦᠭᠵᠢᠵᠤ ᠪᠠᠶᠢᠭ᠎ᠠ ᠤᠯᠤᠰ ᠤᠳ ᠤᠨ ᠬᠤᠯᠪᠣᠭᠳᠠᠯ ᠪᠦᠬᠦᠢ ᠤᠯᠤᠰ ᠯᠤᠭ᠎ᠠ ᠬᠠᠮᠲᠤᠷᠠᠨ ᠦᠺᠷᠠᠶᠢᠨ ᠤ | ᠬᠢᠮᠤᠷᠠᠯ ᠤᠨ ︽ᠡᠩᠬᠡ ᠲᠠᠶᠢᠪᠤᠩ ᠤᠨ ᠨᠠᠶᠢᠵᠠ︾ ᠶᠢᠨ ᠳᠤᠭᠤᠶᠢᠯᠠᠩ ᠢ ᠡᠭᠦᠰᠭᠡᠨ ᠪᠠᠶᠢᠭᠤᠯᠪᠠ᠃ ᠪᠢᠳᠡ ᠪᠠᠶᠢᠳᠠᠯ ᠢ ᠲᠦᠷᠭᠡᠬᠡᠨ ᠨᠠᠮᠳᠠᠭᠤᠯᠬᠤ ᠶᠢ | ᠠᠬᠢᠭᠤᠯᠵᠤ᠂ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠢ ᠪᠡᠶᠡᠯᠡᠭᠦᠯᠬᠦ ᠳᠤ ᠵᠠᠮ ᠳᠡᠪᠢᠰᠤᠶᠠ᠃ ᠡᠨᠡ ᠵᠢᠯ ᠤᠨ 7 ᠰᠠᠷ᠎ᠠ ᠳᠤ ᠫᠠᠯᠧᠰᠲ᠋ᠠᠶᠢᠨ ᠤ | ᠡᠯ᠎ᠡ ᠪᠦᠯᠦᠭ ᠤᠨ ᠬᠢᠨ ᠪᠡᠭᠡᠵᠢᠩ ᠳᠤ ᠳᠣᠲᠣᠭᠠᠳᠤ ᠳᠠᠭᠠᠨ ᠡᠶᠡᠳᠡᠬᠦ ᠶᠢ ᠪᠠᠶᠠᠯᠡᠬᠦᠯᠵᠤ᠂ ᠳᠤᠮᠳᠠᠳᠤ ᠳᠣᠷᠣᠨᠠᠲᠤ ᠶᠢᠨ ᠡᠩᠬᠡ ᠲᠠᠶᠢᠪᠤᠩ ᠢ ᠪᠡᠶᠡᠯᠡᠭᠦᠯᠬᠦ | ᠴᠢᠬᠤᠯᠠ ᠨᠢᠭᠡ ᠠᠯᠬᠤᠮ ᠢ ᠠᠯᠬᠤᠪᠠ᠃ ᠪᠢᠳᠡ ᠭᠠᠽᠠ ᠣᠷᠣᠨ ᠤ ᠪᠦᠬᠦ ᠲᠠᠯ᠎ᠠ ᠪᠠᠷ ᠲᠠᠶᠢᠨ ᠵᠣᠭᠰᠣᠬᠤ ᠶᠢ ᠦᠷᠭᠦᠯᠵᠢᠯᠡᠨ ᠠᠬᠢᠭᠤᠯᠵᠤ᠂ ︽ᠬᠤᠶᠠᠷ | ᠤᠯᠤᠰ ᠤᠨ ᠲᠥᠰᠦᠯ︾ ᠢ ᠲᠠᠬᠢᠨ ᠡᠬᠢᠯᠡᠭᠦᠯᠬᠦ ᠶᠢᠨ ᠵᠡᠷᠭᠡ ᠪᠠᠷ ᠲᠠᠶᠢᠨ ᠤ ᠭᠠᠯ ᠯᠧᠪᠠᠨᠣᠨ ᠳᠤ ᠦᠷᠪᠢᠰᠬᠦ ᠶᠢ ᠬᠤᠷᠢᠭᠯᠠᠵᠤ᠂ ᠫᠠᠯᠧᠰᠲ᠋ᠠᠶᠢᠨ᠂ | ᠯᠧᠪᠠᠨᠣᠨ ᠤ ᠠᠷᠠᠳ ᠢᠷᠭᠡᠳ ᠢ ᠲᠠᠬᠢᠨ ᠠᠶᠤᠯ ᠵᠣᠪᠠᠯᠠᠩ ᠠᠮᠰᠠᠭᠤᠯᠵᠤ ᠪᠣᠯᠬᠤ ᠦᠭᠡᠢ᠃ | — ᠬᠥᠭᠵᠢᠯᠲᠡ ᠶᠢ ᠳᠠᠬᠢᠨ ᠰᠡᠷᠭᠦᠭᠡᠵᠦ᠂ ᠨᠡᠶᠢᠳᠡᠮ ᠤᠨ ᠴᠡᠴᠡᠭᠯᠡᠯ ᠬᠥᠭᠵᠢᠯ ᠢ ᠪᠡᠶᠡᠯᠡᠭᠦᠯᠤᠶ᠎ᠠ᠃ ᠪᠦᠬᠦ ᠪᠥᠮᠪᠥᠷᠴᠡᠭ ᠤᠨ ᠬᠦᠭᠵᠢᠵᠤ ᠪᠠᠶᠢᠭ᠎ᠠ | ᠤᠯᠤᠰ ᠤᠳ ᠬᠥᠭᠵᠢᠯᠲᠡ ᠶᠢᠨ ᠲᠥᠯᠥᠭᠡ ᠪᠦᠯᠬᠦᠮᠳᠡᠵᠤ᠂ ᠬᠦᠭᠵᠢᠯᠳᠠ ᠠᠴᠠ ᠪᠤᠯᠵᠤ ᠮᠠᠨᠳᠤᠭᠰᠠᠨ ᠶᠤᠮ᠃ ᠪᠢᠳᠡ ᠬᠠᠮᠲᠤ ᠪᠠᠷ ᠬᠥᠭᠵᠢᠬᠦ ᠲᠤᠯᠭᠠᠭᠤᠷᠢ | ᠬᠦᠴᠦᠨ ᠪᠤᠯᠵᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠬᠤ ᠪᠠ | ᠲᠡᠭᠦᠨ ᠢ ᠬᠦᠳᠦᠯᠦᠨ ᠳᠠᠭᠠᠭᠤᠯᠵᠤ᠂ ᠬᠥᠭᠵᠢᠯᠲᠡ ᠶᠢ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠥᠪᠯᠡᠬᠦ ᠵᠦᠢᠯ ᠤᠨ ᠭᠤᠣᠯ ᠪᠠᠶᠢᠷᠢᠨ ᠳᠤ | ᠲᠠᠯᠪᠢᠬᠤ ᠶᠢ ᠠᠬᠢᠭᠤᠯᠤᠶ᠎ᠠ᠃ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠭᠰᠠᠨ 3 ᠵᠢᠯ ᠤᠨ ᠲᠤᠷᠰᠢ᠂ ᠨᠢᠭᠡᠨᠲᠡ 200 | ᠳ᠋ᠦᠩᠰᠢᠭᠤᠷ ᠳ᠋ᠣᠯᠯᠠᠷ ᠤᠨ ᠬᠥᠭᠵᠢᠯᠲᠡ ᠶᠢᠨ ᠪᠡᠯᠡ ᠮᠥᠩᠭᠦ ᠶᠢ ᠲᠠᠶᠢᠴᠢᠯᠠᠵᠥ᠂ 1100 ᠭᠠᠷᠤᠢ ᠲᠦᠷᠦᠯ ᠵᠦᠢᠯ ᠢ ᠥᠷᠨᠢᠭᠦᠯᠵᠡᠢ᠃ ᠪᠦᠬᠦ | ᠪᠥᠮᠪᠥᠷᠴᠡᠭ ᠤᠨ ᠠᠵᠤ ᠦᠢᠯᠡᠳᠪᠦᠷᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠬᠤᠯᠪᠣᠭ᠎ᠠ ᠶᠢᠨ ᠭᠠᠷᠮᠠᠭᠠᠢ ᠲᠥᠪ ᠤᠢᠢᠷ᠎ᠠ ᠳᠤ ᠱᠠᠩᠬᠠᠢ ᠳᠤ | ᠨᠤᠲᠤᠭᠰᠢᠪᠠ᠂ ᠳᠤᠮᠳᠠᠳᠤ ᠤᠯᠤᠰ ᠪᠠᠰᠠ ᠪᠦᠬᠦ ᠪᠥᠮᠪᠥᠷᠴᠡᠭ ᠤᠨ ︽ᠤᠶᠤᠨᠲᠤ ᠪᠣᠭᠤᠮᠲᠠ︾ ᠶᠢᠨ ᠰᠦᠯᠵᠢᠶᠡᠨ ᠳᠡᠭᠡᠷᠡᠬᠢ ᠬᠠᠮᠲᠤᠷᠠᠯᠴᠠᠭᠠᠨ ᠤ | ᠲᠠᠪᠴᠠᠩ ᠪᠣᠯᠤᠨ ᠠᠯᠳᠠᠨ ᠲᠣᠭᠤᠰᠭ᠎ᠠ ᠤᠯᠤᠰ ᠤᠳ ᠤᠨ ᠪᠣᠭᠤᠮᠲᠠ ᠶᠢᠨ ᠵᠢᠱᠢᠶ᠎ᠠ ᠦᠵᠡᠭᠦᠯᠬᠦ ᠲᠥᠪ ᠢ ᠪᠠᠶᠢᠭᠤᠯᠬᠤ ᠪᠣᠯᠤᠨ᠎ᠠ᠂ ᠡᠯ᠎ᠡ | ᠤᠯᠤᠰ ᠤᠨ ᠬᠢᠨ ᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | — ᠪᠣᠯᠪᠠᠰᠤᠨ ᠢ ᠬᠠᠮᠲᠤ ᠪᠠᠷ ᠮᠠᠨᠳᠤᠭᠤᠯᠵᠤ᠂ ᠣᠯᠠᠨ ᠡᠰᠢᠲᠦ ᠡᠶ᠎ᠡ ᠵᠣᠬᠢᠴᠠᠯ ᠢ ᠪᠡᠶᠡᠯᠡᠭᠦᠯᠦᠶ᠎ᠡ᠃ ᠤᠯᠠᠨ ᠶᠠᠩᠵᠤ ᠶᠢᠨ ᠪᠣᠯᠪᠠᠰᠤᠨ ᠪᠣᠯ | ᠳᠡᠯᠡᠬᠡᠢ ᠶᠢᠨ ᠤᠤᠷ ᠴᠢᠨᠠᠷ ᠮᠥᠨ᠃ ᠪᠢᠳᠡ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠠᠬᠢᠭᠤᠯᠬᠤ ᠬᠦᠴᠦᠨ ᠪᠤᠯᠵᠤ᠂ ᠤᠯᠤᠯᠴᠠᠭ᠎ᠠ | ᠶᠠᠷᠢᠯᠴᠠᠭ᠎ᠠ ᠪᠠᠨ ᠨᠡᠮᠡᠭᠳᠡᠭᠦᠯᠵᠦ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠳᠡᠮᠵᠢᠶ᠎ᠡ | ᠃ ᠪᠢ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠭᠤᠸ᠎ᠠ ᠰᠠᠶᠢᠬᠠᠨ ᠢᠶᠠᠨ ᠬᠠᠮᠲᠤᠳᠬᠠᠭᠰᠠᠨ ᠳᠡᠯᠡᠬᠡᠢ ᠶᠢᠨ | ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠪᠦᠳᠦᠭᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ ᠳᠤᠮᠳᠠᠳᠤ ᠤᠯᠤᠰ ᠲᠦᠷᠦᠭᠦᠯᠡᠨ | ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠤᠶᠤᠨ ᠤ ᠬᠥᠮᠥᠷᠭᠡ ᠶᠢᠨ ᠬᠠᠮᠲᠤᠷᠠᠯᠴᠠᠭᠠᠨ ᠤ ᠬᠤᠯᠪᠣᠭ᠎ᠠ ᠶᠢ ᠪᠠᠶᠢᠭᠤᠯᠵᠤ᠂ ᠡᠯ᠎ᠡ | ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠬᠠᠷᠢᠯᠴᠠᠨ ᠰᠤᠷᠤᠯᠴᠠᠵᠤ ᠬᠠᠷᠢᠯᠴᠠᠨ | ᠲᠤᠯᠢᠳᠠᠬᠤ ᠶᠢ ᠠᠬᠢᠭᠤᠯᠤᠨ᠎ᠠ᠃ | ᠬᠠᠮᠲᠤ ᠠᠵᠢᠯᠯᠠᠭᠰᠠᠳ ᠡ︕ | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠨᠢ ᠯᠠᠪᠲᠠᠢ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠬᠢᠶᠠᠯ ᠬᠠᠩᠭᠠᠬᠤ ᠶᠤᠮ᠃ | ᠳᠡᠭᠡᠷ᠎ᠡ ᠰᠠᠷ᠎ᠠ ᠲᠣᠮᠳᠠᠲᠣ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠠᠮᠵᠢᠯᠲᠠ ᠲᠠᠢ | ᠶᠠᠪᠤᠭᠳᠠᠵᠤ᠂ ᠳᠤᠮᠳᠠᠳᠤ ᠠᠹᠷᠢᠺᠠ ᠭᠠᠷ ᠬᠤᠯᠪᠣᠨ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠠᠬᠢᠭᠤᠯᠤᠨ᠎ᠡ ᠭᠡᠵᠦ ᠨᠡᠶᠢᠲᠡᠯᠡᠨ᠂ | ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠢᠨ᠎ᠡ ᠬᠥᠳᠡᠯᠭᠡᠬᠦ ᠡᠨᠧᠷᠬᠢ ᠨᠡᠮᠡᠷᠢᠯᠡᠬᠦ ᠪᠣᠯᠤᠨ᠎ᠠ᠃ | | ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠮᠠᠭᠲᠠ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠲᠠᠢ | ᠰᠡᠳᠬᠢᠯ ᠢᠶᠠᠨ ᠬᠤᠯᠪᠤᠵᠤ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠲᠤ ᠦᠨᠳᠦᠰᠦᠯᠡᠵᠦ᠂ ᠨᠡᠩ ᠤᠯᠠᠨ ᠪᠦᠬᠦ ᠪᠥᠮᠪᠥᠷᠴᠡᠭ ᠤᠨ | ᠬᠦᠭᠵᠢᠵᠦ ᠪᠠᠶᠢᠭ᠎ᠠ ᠤᠯᠤᠰ ᠤᠳ ᠤᠨ ᠵᠢᠩᠬᠢᠨᠢ ᠪᠦᠷᠢᠯᠳᠦᠬᠦᠨ᠂ ᠬᠠᠨᠢᠲᠠᠨ ᠤᠯᠤᠰ᠂ ︽ᠠᠯᠳᠠᠨ ᠲᠣᠭᠤᠰᠬ᠎ᠠ +︾ ᠵᠡᠷᠭᠡ ᠬᠡᠯᠪᠡᠷᠢ ᠪᠠᠷ ᠠᠯᠳᠠᠨ | ᠲᠣᠭᠤᠰᠬ᠎ᠠ ᠶᠢᠨ ᠦᠢᠯᠡᠰ ᠲᠤ ᠣᠷᠣᠯᠴᠠᠬᠤ ᠶᠢ ᠳᠡᠮᠵᠢᠵᠦ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠠᠤᠭ᠎ᠠ ᠶᠡᠭᠡ ᠬᠦᠴᠦᠨ ᠢ | ᠨᠢᠭᠲᠠᠷᠠᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠨ᠎ᠠ᠃ | ᠲᠠ ᠣᠯᠠᠨ ᠳᠤ ᠪᠠᠶᠠᠷᠯᠠᠯ᠎ᠠ︕ | ︵ᠰᠢᠨᠬᠤᠸᠠ ᠬᠤᠷᠢᠶ᠎ᠠ ᠶᠢᠨ ᠣᠷᠣᠰ ᠤᠨ ᠺᠠᠽᠠᠨ ᠤ 10 ᠰᠠᠷ᠎ᠠ ᠶᠢᠨ 24 ᠤ ᠴᠠᠬᠢᠯᠭᠠᠨ ᠮᠡᠳᠡᠭᠡ︶ | |