ᠰᠢᠯᠢ ᠶᠢᠨ ᠭᠤᠤᠯ ᠠᠶᠢᠮᠠᠭ ᠤᠨ ᠤᠯᠠᠭᠠᠨᠮᠥ᠋ᠴᠢᠷ ᠤᠨ ᠲᠣᠭᠯᠠᠭᠴᠢᠳ ᠤᠷᠠᠳ ᠤᠨ ᠡᠮᠦᠨᠡᠲᠦ ᠬᠤᠰᠢᠭᠤᠨ ᠳᠤ ᠬᠦᠷᠴᠣ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/10/28
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠣᠭᠤᠰᠢᠯᠠᠭᠤᠯᠤᠨ ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠡᠶᠢᠳᠠᠪᠣᠷᠢᠵᠢᠭᠤᠯᠬᠤ ᠶᠢᠨ ᠲᠦᠯᠦᠭᠡ᠂ ᠣᠶᠢᠷ᠎ᠠ ᠳᠤ᠂ ᠰᠢᠯᠢ ᠶᠢᠨ ᠭᠤᠣᠯ ᠠᠢᠮᠠᠭ ᠤᠨ ᠤᠯᠠᠭᠠᠨᠮᠥ᠋ᠴᠢᠷ ᠤᠨ ︽ᠵᠣᠬᠢᠶᠠᠨ ᠪᠦᠲᠦᠭᠡᠬᠦ ᠡᠵᠡᠩᠨᠡᠯᠲᠡ︾ ᠤᠷᠠᠳ ᠤᠨ ᠡᠮᠦᠨᠡᠲᠦ  ᠬᠤᠰᠢᠭᠤᠨ ᠤ ᠤᠯᠠᠭᠠᠨᠮᠥ᠋ᠴᠢᠷ ᠲᠤ ᠢᠷᠡᠵᠦ ᠲᠣᠭᠯᠠᠯᠲᠠ ᠭᠠᠷᠭᠠᠪᠠ᠃    ᠰᠢᠯᠢ ᠶᠢᠨ ᠭᠤᠣᠯ ᠠᠶᠢᠮᠠᠭ ᠤᠨ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠨᠦᠭᠦᠳ ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠠᠢ ᠬᠠᠮᠲᠤ ᠲᠣᠭᠯᠠᠯᠲᠠ  ᠭᠠᠷᠭᠠᠭᠰᠠᠨ  ᠨᠢ᠂ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠭᠰᠠᠨ ᠢᠶᠠᠷ ᠪᠠᠷᠠᠬᠤ ᠦᠭᠡᠢ ᠬᠤᠶᠠᠷ ᠭᠠᠵᠠᠷ ᠤᠨ ᠰᠣᠶᠣᠯ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠤᠯᠠᠭᠠᠨᠮᠥ᠋ᠴᠢᠷ ᠤᠨ ᠤᠮᠠᠷᠠᠲᠤ ᠶᠢᠨ ᠰᠣᠶᠣᠯ᠂ ᠬᠠᠳᠤᠨ ᠭᠤᠣᠯ ᠤᠨ ᠰᠣᠶᠣᠯ᠂ ᠦᠨᠳᠦᠰᠦᠲᠡᠨ ᠤ ᠪᠦᠯᠬᠦᠮᠳᠡᠯ ᠵᠡᠷᠭᠡ ᠲᠠᠯ᠎ᠠ ᠪᠠᠷ ᠬᠢ ᠣᠶᠢᠯᠠᠭᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃    
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ