ᠲᠤᠭᠠᠴᠠᠭ᠎ᠠ ᠬᠢᠬᠦ ᠴᠢᠳᠠᠮᠵᠢ ᠶᠢ ᠲᠦᠬᠦᠮ ᠲᠦᠳᠡ ᠪᠤᠯᠭᠠᠬᠤ ᠶᠢᠨ ᠤᠴᠢᠷ
ᠨᠡᠶᠢᠲᠡᠯᠡᠭᠰᠡᠨ ᠴᠠᠭ᠄
2024/10/8
   ᠲᠣᠭᠠᠴᠢᠯᠠᠭᠰᠠᠨ ᠲᠣᠭᠠᠴᠠᠭ᠎ᠠ ᠡᠳᠦᠷ ᠢᠷᠡᠬᠦᠶ᠎ᠡ ᠲᠦᠭᠡᠮᠡᠯᠵᠢᠵᠦ ᠪᠠᠶᠢᠭ᠎ᠠ ᠥᠨᠥᠳᠦᠷ᠂ ᠲᠦᠷᠭᠡᠨ ᠲᠣᠭᠠᠴᠠᠭ᠎ᠠ ᠬᠢᠬᠦ᠂ ᠨᠢᠭᠤᠴᠠ ᠨᠤᠮᠤᠷ ᠬᠡᠷᠡᠭᠯᠡᠬᠦ ᠥᠬᠡᠶ ᠪᠠᠷ ᠲᠣᠭᠠᠴᠠᠭ᠎ᠠ ᠬᠢᠬᠦ ᠨᠢ ᠨᠢᠭᠡᠨᠲᠡ ᠮᠠᠰᠢ ᠣᠯᠠᠨ ᠬᠡᠷᠡᠭᠯᠡᠭᠴᠢᠳ ᠤᠨ ᠲᠡᠷᠢᠭᠦᠨ ᠰᠣᠩᠭᠤᠯᠲᠠ ᠪᠣᠯᠵᠠᠶ᠃ ᠡᠶᠢᠮᠦᠷᠬᠦᠦ ᠲᠤᠭᠠᠴᠠᠭ᠎ᠠ ᠬᠢᠬᠦ ᠴᠢᠳᠠᠮᠵᠢ ᠨᠢ ᠬᠡᠷᠡᠭᠯᠡᠭᠴᠢᠳ  ᠲᠤ ᠲᠦᠭᠦᠮ ᠲᠦᠳᠡ ᠦᠵᠡᠬᠦᠯᠦᠭᠰᠡᠨ ᠤ ᠬᠠᠮᠳᠤ ᠮᠦᠨᠴᠤ ᠠᠮᠤᠷ ᠲᠦᠪᠰᠢᠨ ᠤ ᠬᠡᠮ ᠰᠤᠭᠤᠭ ᠠᠪᠴᠢᠷᠠᠬᠰᠠᠨ ᠪᠠᠶᠢᠯ᠎ᠠ᠃ ᠴᠥᠭᠡᠨ ᠪᠤᠰᠤ ᠬᠡᠷᠡᠭᠯᠡᠭᠴᠢᠳ ᠠᠴᠠ᠂ ᠥᠯᠥ ᠮᠡᠳᠡᠭ ᠤᠨ ᠬᠤᠭᠤᠷᠣᠨᠳᠣ ᠲᠤᠭᠠᠴᠠᠭ᠎ᠠ ᠬᠢᠬᠦ᠂ ᠪᠣᠯᠭᠤᠮᠵᠢ ᠥᠬᠡᠶ ᠦᠢᠯᠡ ᠶᠠᠪᠤᠳᠠᠯ ᠠᠴᠠ ᠪᠣᠯᠵᠣ ᠪᠠᠩᠬᠢ ᠶᠢᠨ ᠲᠠᠩᠰᠠᠨ ᠡᠷᠦᠬᠡ ᠶᠢᠨ ᠵᠤᠭᠤᠰ ᠢᠶᠠᠨ ᠠᠯᠳᠠᠬᠰᠠᠨ ᠶᠠᠪᠤᠳᠠᠯ ᠡᠭᠦᠰᠴᠤ ᠦᠩᠭᠡᠷᠡᠪᠡ ᠭᠡᠵᠦ ᠲᠤᠰᠬᠠᠵᠠᠢ᠃ ᠡᠨᠡ ᠨᠢ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠢᠶᠠᠷ ᠪᠠᠷᠠᠬᠤ ᠦᠭᠡᠶ ᠪᠠᠰᠠ ᠲᠤᠭᠠᠴᠠᠭ᠎ᠠ ᠬᠢᠬᠦ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠨᠦᠯᠦᠭᠡᠯᠡᠭᠰᠡᠨ ᠪᠠᠶᠢᠨ᠎ᠠ᠃   ᠲᠦᠷᠭᠡᠨ ᠲᠤᠭᠠᠴᠠᠭ᠎ᠠ ᠬᠢᠬᠦ ᠶᠢᠨ ᠣᠭ ᠰᠠᠨᠠᠭ᠎ᠠ ᠪᠣᠯ ᠲᠣᠭᠠᠴᠠᠭ᠎ᠠ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠬᠡᠷᠡᠭᠯᠡᠭᠴᠢᠳ ᠲᠤ ᠲᠥᠬᠦᠮ  ᠦᠵᠡᠬᠦᠯᠬᠦ ᠶᠢᠨ ᠲᠥᠯᠥᠭᠡ ᠶᠤᠮ᠂ ᠭᠡᠲᠡᠯ᠎ᠡ ᠪᠣᠳᠠᠲᠠᠶ ᠬᠡᠷᠡᠭᠯᠡᠭᠡᠨ ᠤ ᠳᠤᠮᠳᠠ᠂ ᠵᠠᠷᠢᠮ ᠲᠠᠪᠴᠠᠩ ᠨᠢ ᠲᠦᠷᠭᠡᠨ ᠲᠣᠭᠠᠴᠠᠭ᠎ᠠ ᠬᠢᠬᠦ ᠶᠢ ᠬᠡᠷᠡᠭᠯᠡᠭᠴᠢᠳ ᠤᠨ ᠵᠣᠭᠤᠰᠣ ᠮᠦᠩᠬᠦ ᠶᠢ ᠰᠢᠯᠵᠢᠬᠦᠯᠬᠦ ︽ᠳᠥᠲᠡ ᠵᠠᠮ︾ ᠪᠣᠯᠭᠠᠬᠰᠠᠨ ᠪᠠᠶᠢᠨ᠎ᠠ᠃ ᠵᠢᠱᠢᠶᠡᠯᠡᠪᠡᠯ᠂ ᠲᠦᠷᠭᠡᠨ ᠲᠤᠭᠠᠴᠠᠭ᠎ᠠ ᠬᠢᠬᠦ᠂ ᠨᠢᠭᠤᠴᠠ  ᠨᠣᠮᠧᠷ ᠬᠡᠷᠡᠭᠯᠡᠬᠦ ᠥᠬᠡᠶ ᠲᠣᠭᠠᠴᠠᠭ᠎ᠠ ᠬᠢᠬᠦ ᠴᠢᠳᠠᠮᠵᠢ ᠶᠢ ᠨᠡᠭᠡᠭᠡᠬᠦ ᠳᠤ ᠮᠠᠰᠢ ᠲᠥᠬᠦᠮ᠂ ᠬᠡᠷᠡᠭᠯᠡᠭᠴᠢᠳ ᠬᠡᠳᠦᠬᠡᠨ ᠲᠤᠪᠴᠢᠳᠠᠪᠠᠯ ᠪᠤᠯᠴᠢᠬᠠᠨ᠎ᠠ᠂ ᠵᠠᠷᠢᠮ ᠨᠢ ᠲᠦᠢᠯ ᠤᠨ ᠨᠢᠭᠤᠴᠠ ᠳᠠᠯᠳᠠ ᠠᠷᠭ᠎ᠠ ᠮᠠᠶ᠋ᠢᠭ ᠢᠶᠠᠷ ᠰᠠᠨᠠᠭᠤᠯᠤᠮᠵᠢ ᠭᠠᠷᠭᠠᠵᠤ᠂ ᠬᠡᠷᠡᠭᠯᠡᠭᠴᠢᠳ ᠣᠪᠠᠶᠢᠨ ᠳᠤ ᠦᠭᠡᠶ ᠡᠷᠬᠡ ᠣᠯᠭᠤᠵᠤ ᠲᠦᠷᠭᠡᠨ ᠲᠤᠭᠠᠴᠠᠭ᠎ᠠ ᠬᠢᠬᠦ ᠴᠢᠳᠠᠮᠵᠢ ᠶᠢ ᠨᠡᠭᠡᠭᠡᠳᠡᠭ᠃ ᠡᠬᠦᠨ ᠲᠠᠢ ᠡᠰᠡᠷᠭᠦ ᠪᠠᠷ᠂ ᠬᠡᠷᠡᠭᠯᠡᠭᠴᠢᠳ ᠲᠦᠷᠭᠡᠨ ᠲᠤᠭᠠᠴᠠᠭ᠎ᠠ ᠬᠢᠬᠦ ᠴᠢᠳᠠᠮᠵᠢ ᠶᠢ ᠬᠦᠴᠦᠨ ᠦᠭᠡᠢ ᠪᠤᠯᠭᠠᠬᠤ ᠬᠡᠪᠡᠯ ᠬᠠᠷᠢᠨ ᠠᠯᠢ ᠤᠯᠠᠨ ᠶᠠᠪᠤᠴᠠ ᠲᠠᠷᠠᠭᠠᠯᠠᠯ ᠬᠡᠷᠡᠭᠰᠡᠵᠦ ᠲᠠᠬᠢᠨ ᠲᠠᠪᠳᠠᠨ ᠤᠷᠤᠯᠳᠤᠬᠤ ᠴᠢᠬᠤᠯᠠᠳᠠᠢ᠃   ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠳᠤ ᠬᠡᠷᠡᠭᠯᠡᠭᠴᠢᠳ ᠪᠠᠶᠢᠳᠠᠯ ᠢ ᠮᠡᠳᠡᠬᠦ ᠡᠷᠬᠡ ᠪᠠ ᠡᠵᠡᠨ ᠮᠡᠳᠡᠵᠦ ᠰᠣᠩᠭᠤᠬᠤ ᠡᠷᠬᠡ ᠲᠠᠢ ᠭᠡᠵᠦ ᠲᠣᠳᠣᠷᠬᠠᠶ ᠲᠣᠭᠲᠠᠭᠠᠵᠠᠶ᠃ ᠲᠦᠷᠭᠡᠨ ᠲᠤᠭᠠᠴᠠᠭ᠎ᠠ ᠬᠢᠬᠦ ᠴᠢᠳᠠᠮᠵᠢ ᠶᠢ ᠨᠡᠭᠡᠭᠡᠬᠦ ᠳᠡᠭᠡᠨ ᠬᠡᠷᠡᠭᠯᠡᠭᠴᠢᠳ ᠪᠠᠶᠢᠳᠠᠯ ᠢ ᠭᠦᠢᠴᠡᠳ ᠮᠡᠳᠡᠵᠦ ᠵᠥᠪᠰᠢᠶᠡᠷᠡᠭᠰᠡᠨ ᠤ ᠰᠠᠭᠤᠷᠢᠨ ᠳᠡᠭᠡᠷ᠎ᠡ ᠨᠡᠭᠡᠭᠡᠪᠡᠯ ᠲᠠᠭᠠᠷᠠᠨ᠎ᠠ᠃ ᠲᠦᠷᠭᠡᠨ ᠲᠤᠭᠠᠴᠠᠭ᠎ᠠ ᠬᠢᠬᠦ ᠴᠢᠳᠠᠮᠵᠢ ᠶᠢ ᠬᠦᠴᠦᠨ ᠦᠭᠡᠢ ᠪᠤᠯᠭᠠᠬᠤ ᠪᠣᠯ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠪᠣᠯᠬᠤᠷ ᠨᠠᠩ ᠶᠠᠮᠠᠷ ᠴᠤ ᠬᠢᠵᠠᠭᠠᠷᠯᠠᠯ ᠢ ᠬᠦᠯᠢᠶᠡᠬᠦ ᠦᠭᠡᠶ ᠪᠠᠶᠢᠪᠠᠯ ᠵᠣᠬᠢᠨ᠎ᠠ᠃   ᠲᠦᠷᠭᠡᠨ ᠲᠣᠭᠠᠴᠠᠭ᠎ᠠ ᠬᠢᠬᠦ ᠴᠢᠳᠠᠮᠵᠢ ᠶᠢ ᠨᠡᠭᠡᠭᠡᠬᠦ ᠳᠤ ᠬᠢᠯᠪᠠᠷ ᠬᠦᠴᠦᠨ ᠦᠭᠡᠢ ᠪᠤᠯᠭᠠᠬᠤ ᠳᠤ ᠬᠦᠴᠢᠷ ᠠᠰᠠᠭᠤᠳᠠᠯ ᠨᠢ ᠨᠢᠭᠡᠨᠲᠡ ᠣᠳᠣᠬᠠᠨ ᠤ ᠲᠣᠭᠠᠴᠠᠭ᠎ᠠ ᠬᠢᠬᠦ ᠬᠦᠷᠢᠶᠡᠨ ᠳᠠᠬᠢ ᠨᠢᠭᠡ ᠠᠷᠬᠠᠭ ᠬᠡᠮ ᠪᠣᠯᠵᠠᠶ᠃ ᠡᠨᠡ ᠬᠦ ᠠᠰᠠᠭᠤᠳᠠᠯ ᠢ ᠦᠨᠳᠦᠰᠦᠨ ᠠᠴᠠ ᠨᠢ ᠰᠶᠢᠳᠪᠤᠷᠢᠯᠡᠬᠦ ᠳᠤ᠂ ᠲᠣᠭᠠᠴᠠᠭ᠎ᠠ ᠬᠢᠬᠦ ᠲᠠᠪᠴᠠᠩ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠡᠷᠡᠭᠯᠡᠭᠴᠢᠳ ᠭᠤᠷᠪᠠᠨ ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ᠪᠦᠲᠦᠮᠵᠢᠲᠡᠢ ᠠᠷᠭ᠎ᠠ ᠬᠡᠮᠵᠶ᠊ ᠡᠶ᠎ᠡ ᠠᠪᠴᠤ ᠬᠦᠴᠦ ᠪᠠᠨ ᠬᠠᠮᠲᠤᠳᠬᠠᠨ ᠴᠡᠭᠴᠡᠯᠡᠨ ᠵᠠᠰᠠᠬᠤ ᠬᠡᠷᠡᠭᠲᠡᠢ᠃ ᠡᠩ ᠲᠡᠷᠢᠭᠦᠨ ᠳᠤ᠂ ᠲᠤᠭᠠᠴᠠᠭ᠎ᠠ ᠬᠢᠬᠦ ᠲᠠᠪᠴᠠᠩ ᠨᠢ ᠬᠡᠷᠡᠭᠯᠡᠭᠴᠢᠳ ᠤᠨ ᠲᠦᠷᠭᠡᠨ ᠲᠤᠭᠠᠴᠠᠭ᠎ᠠ ᠬᠢᠬᠦ ᠴᠢᠳᠠᠮᠵᠢ ᠶᠢ ᠨᠡᠭᠡᠭᠡᠭᠦ ᠠᠴᠠ ᠡᠮᠦᠨᠡᠬᠢ ᠬᠠᠮᠢᠶ᠎ᠠ ᠪᠥᠬᠦᠶ ᠮᠡᠳᠡᠭᠡ ᠵᠠᠩᠭᠢ ᠶᠢ ᠭᠦᠢᠴᠡᠳ ᠣᠶᠢᠯᠠᠭᠠᠬᠰᠠᠨ ᠪᠠᠶᠢᠬᠤ ᠶᠢ ᠪᠠᠲᠤᠯᠠᠬᠤ ᠴᠢᠬᠤᠯᠠᠳᠠᠢ᠃ ᠳᠠᠷᠠᠭ᠎ᠠ ᠳᠤᠨᠢ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠭᠠᠴᠠᠭ᠎ᠠ ᠬᠢᠬᠦ ᠲᠠᠪᠴᠠᠩ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠢᠮ ᠲᠣᠭᠲᠠᠭᠠᠯ ᠳᠤ ᠨᠡᠶᠢᠴᠡᠨ ᠡᠵᠡᠩᠨᠡᠬᠦ ᠶᠢ ᠪᠠᠲᠤᠯᠠᠬᠤ ᠬᠡᠷᠡᠭᠲᠡᠶ᠃ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠲᠠᠪᠴᠠᠩ ᠢ ᠬᠠᠤᠯᠢ ᠶᠣᠰᠣᠭᠠᠷ ᠰᠢᠢᠳᠭᠡᠨ ᠲᠣᠷᠭᠠᠬᠤ ᠶᠢᠨ ᠬᠠᠮᠲᠤ᠂ ᠲᠡᠭᠦᠨ ᠤ ᠵᠦᠢ ᠵᠣᠬᠢᠰ ᠦᠭᠡᠶ ᠦᠢᠯᠡ ᠠᠵᠢᠯᠯᠠᠭ᠎ᠠ ᠶᠢ ᠢᠯᠡ ᠨᠡᠶᠢᠲᠡᠯᠡᠵᠦ ᠴᠡᠭᠡᠷᠯᠡᠯ ᠪᠣᠯᠭᠠᠨ᠎ᠠ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠᠰᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ᠡᠭᠦᠨ ᠠᠴᠠ ᠭᠠᠳᠠᠨ᠎ᠠ᠂ ᠬᠡᠷᠡᠭᠯᠡᠭᠴᠢᠳ ᠴᠦ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠲᠦᠷᠭᠡᠨ ᠲᠣᠭᠠᠴᠠᠭ᠎ᠠ ᠬᠢᠬᠦ ᠵᠡᠷᠭᠡ ᠳᠥᠭᠦᠮ ᠳᠥᠲᠡ ᠴᠢᠳᠠᠮᠵᠢ ᠶᠢ ᠬᠡᠷᠡᠭᠯᠡᠬᠦ ᠦᠶᠡᠰ᠂ ᠬᠠᠮᠢᠶ᠎ᠠ ᠪᠥᠬᠦᠶ ᠵᠦᠢᠯ ᠵᠤᠷᠪᠤᠰ ᠪᠠ ᠬᠡᠯᠡᠯᠴᠡᠭᠡᠷ ᠢ ᠨᠠᠷᠢᠨ ᠬᠢᠨᠠᠮᠠᠭᠠᠶ ᠤᠩᠰᠢᠵᠤ᠂ ᠥᠪᠡᠷ ᠤᠨ ᠡᠷᠬᠡ ᠠᠰᠢᠭ ᠢᠶᠠᠨ ᠬᠤᠬᠢᠷᠠᠯ ᠳᠤ ᠤᠴᠠᠷᠠᠭᠤᠯᠬᠤ ᠠᠴᠠ ᠵᠠᠶᠢᠯᠠᠰᠬᠢᠨ᠎ᠠ᠃ ᠪᠠᠩᠬᠢ ᠶᠢᠨ ᠲᠠᠩᠰᠠᠨ ᠡᠷᠦᠬᠡ ᠪᠠᠨ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠡᠪ ᠤᠨ ᠪᠤᠰᠤ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠪᠠᠷᠢᠨ ᠰᠢᠢᠳᠪᠦᠷᠢᠯᠡᠨ᠎ᠡ᠃   ᠡᠯ᠎ᠠ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ ᠲᠥᠪ ᠭᠤᠤᠯᠴᠢ᠂ ᠢᠯᠡ ᠲᠣᠳᠣ᠂ ᠵᠢᠷᠤᠮᠵᠢᠭᠰᠠᠨ ᠲᠤᠭᠠᠴᠠᠭ᠎ᠠ ᠬᠢᠬᠦ ᠰᠠᠶᠢᠨ ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠪᠠᠯ ᠬᠡᠷᠡᠭᠯᠡᠭᠴᠢᠳ ᠰᠠᠶ᠋ᠢ ᠲᠤᠭᠠᠴᠢᠯᠠᠬᠰᠠᠨ ᠴᠢᠳᠠᠮᠵᠢ ᠶᠢ ᠰᠠᠨᠠᠭ᠎ᠠ ᠠᠮᠤᠷ ᠬᠡᠷᠡᠭᠯᠡᠵᠦ᠂ ᠲᠡᠷᠡᠴᠢᠯᠡᠨ ᠲᠤᠭᠠᠴᠠᠭ᠎ᠠ ᠬᠢᠬᠦ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠴᠢᠳᠠᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ