ᠡᠳᠡᠭᠡᠷ ᠰᠡᠬᠦᠳᠡᠷ ᠢ ᠰᠦᠯᠵᠢᠶᠡᠨ ᠲᠡᠭᠡᠷ᠎ᠡ ᠪᠢᠳᠡᠭᠡᠢ ᠳᠤᠷ᠎ᠠ ᠪᠠᠷ ᠢᠶᠠᠨ ᠲᠠᠯᠪᠢᠭᠠᠷᠠᠢ
ᠨᠡᠶᠢᠲᠡᠯᠡᠭᠰᠡᠨ ᠴᠠᠭ᠄
2024/10/8
    ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠤᠯᠠᠩᠬᠢ ᠬᠥᠮᠦᠰ ᠭᠠᠳᠠᠭᠰᠢ ᠵᠢᠭᠤᠯᠴᠢᠯᠠᠨ ᠠᠶᠠᠯᠠᠵᠤ᠂ ᠲᠦᠷᠦᠯ ᠰᠠᠳᠤᠨ ᠨᠠᠶᠢᠵᠢ ᠨᠦᠬᠦᠳ ᠲᠠᠢ ᠪᠠᠨ ᠤᠴᠠᠷᠠᠨ ᠵᠤᠯᠭᠠᠵᠤ ᠤᠷᠮ᠎ᠠ ᠰᠡᠳᠬᠢᠯ ᠢᠶᠠᠨ ᠰᠡᠷᠭᠦᠭᠡᠵᠦ ᠶᠠᠪᠤᠳᠠᠭ᠃ ᠲᠡᠭᠡᠭᠡᠳ ᠠᠮᠲᠠᠲᠤ ᠢᠳᠡᠭᠡᠨ᠂ ᠭᠤᠶᠣ ᠦᠵᠡᠮᠵᠢ ᠪᠠᠨ ᠰᠡᠬᠦᠳᠡᠷ ᠲᠠᠳᠠᠵᠤ ᠨᠠᠶᠢᠵᠠ ᠶᠢᠨ ᠲᠣᠭᠤᠷᠢᠭ᠂ ᠣᠬᠤᠷ ᠸᠢᠳᠢᠣ᠋ ᠳᠡᠭᠡᠷ᠎ᠡ ᠬᠤᠪᠢᠶᠠᠯᠴᠠᠬᠤ ᠳᠤᠷᠠᠲᠠᠶ ᠪᠠᠶᠢᠳᠠᠭ᠃    ᠬᠡᠳᠡᠯ᠎ᠠ ᠡᠲᠡᠭᠡᠷ ᠦᠢᠯᠡ ᠶᠠᠪᠤᠳᠠᠯ ᠴᠢᠨᠢ ᠬᠤᠪᠢ ᠬᠥᠮᠦᠨ ᠤ ᠮᠡᠳᠡᠭᠡ ᠵᠠᠩᠭᠢ ᠪᠠᠨ ᠳᠠᠮ ᠢᠶᠠᠷ ᠵᠠᠳᠠᠷᠠᠭᠤᠯᠬᠤ ᠶᠢ ᠲᠠ ᠮᠡᠳᠡᠨ᠎ᠡ ᠤᠤ︖ ᠬᠡᠷᠪᠡ ᠤᠨᠳᠤᠤ ᠰᠠᠨᠠᠭ᠎ᠠ ᠲᠠᠢ ᠬᠥᠮᠦᠨ ᠬᠡᠷᠡᠭᠯᠡᠪᠡᠯ ᠥᠪᠡᠷ ᠪᠡᠶ᠎ᠠ ᠪᠠ ᠭᠡᠷ ᠤᠨ ᠬᠥᠮᠦᠰ ᠤᠨ ᠡᠳ᠋ ᠬᠥᠷᠥᠩᠭᠡ ᠴᠢᠨᠠᠭᠰᠢᠯᠠᠪᠠᠯ ᠬᠤᠪᠢ ᠬᠦᠮᠦᠨ ᠤ ᠠᠮᠤᠷ ᠲᠦᠪᠰᠢᠨ ᠢ ᠰᠦᠷᠳᠡᠭᠦᠯᠵᠦ ᠮᠡᠳᠡᠨ᠎ᠡ᠃ ᠬᠠᠮᠢᠶ᠎ᠠ ᠪᠦᠬᠦᠢ ᠬᠦᠷᠢᠶ᠎ᠠ ᠴᠠᠷᠠᠭᠠᠨ ᠤ ᠲᠤᠰᠬᠠᠢ ᠮᠡᠷᠭᠡᠵᠢᠯᠳᠡᠨ ᠠᠴᠠ ᠲᠤᠤᠷᠠᠬᠢ ᠬᠡᠳᠦᠨ ᠵᠦᠢᠯ ᠤᠨ ᠰᠡᠬᠦᠳᠡᠷ ᠢ ᠰᠦᠯᠵᠢᠶᠠᠨ ᠲᠡᠭᠡᠷ᠎ᠠ ᠲᠠᠯᠪᠢᠬᠤ ᠠᠴᠠ ᠬᠢᠴᠢᠶᠡᠭᠡᠷᠡᠢ ᠭᠡᠵᠦ ᠤᠯᠠᠨ ᠳᠤ ᠰᠠᠨᠠᠭᠤᠯᠤᠨ᠎ᠠ᠃   • ᠭᠠᠷ ᠲᠠᠭᠠᠨ ᠪᠡᠶ᠎ᠡ ᠶᠢᠨ ᠦᠨᠡᠮᠯᠡᠯ ᠪᠠᠷᠢᠬᠰᠠᠨ ᠰᠡᠬᠦᠳᠡᠷ ᠢ ᠲᠠᠯᠪᠢᠵᠦ ᠪᠤᠯᠬᠤ ᠦᠭᠡᠢ   ᠡᠲᠡᠭᠡᠷ ᠰᠡᠬᠦᠳᠡᠷ  ᠲᠤ ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠣᠨ ᠰᠠᠭᠤᠴᠠ ᠶᠢᠨ ᠬᠠᠶ᠋ᠢᠭ ᠵᠡᠷᠭᠡ ᠮᠡᠳᠡᠭᠡ ᠵᠠᠩᠭᠢ ᠪᠠᠶᠢᠳᠠᠭ᠂ ᠬᠡᠷᠪᠡ ᠵᠠᠳᠠᠷᠠᠬᠤ ᠳᠤ ᠬᠦᠷᠪᠡᠯ ᠬᠠᠤᠯᠢ ᠪᠤᠰᠤ ᠡᠲᠡᠭᠡᠳ ᠡᠲᠡᠭᠡᠷ ᠮᠡᠳᠡᠭᠡ ᠵᠠᠩᠭᠢ ᠶᠢ ᠠᠰᠢᠭᠯᠠᠨ ᠪᠡᠶ᠎ᠡ ᠶᠢᠨ ᠬᠢᠷᠢ ᠬᠡᠮ ᠢ ᠴᠢᠨᠢ ᠬᠤᠯᠠᠭᠠᠶᠢᠯᠠᠨ ᠬᠡᠷᠡᠭᠯᠡᠵᠦ᠂ ᠢᠲᠡᠭᠡᠮᠵᠢ ᠶᠢᠨ ᠺᠠᠷᠲ᠂ ᠵᠢᠭᠡᠯᠡᠯᠭᠡ ᠵᠡᠷᠭᠡ ᠮᠥᠩᠭᠦᠨ ᠬᠦᠢᠯᠭᠡᠭᠡᠨ ᠤ ᠲᠤᠬᠠᠶᠢᠯᠠᠭᠰᠠᠨ ᠠᠵᠢᠯ ᠢ ᠬᠦᠢᠴᠡᠳᠭᠡᠵᠦ᠂ ᠴᠢᠨᠠᠭᠰᠢᠯᠠᠪᠠᠯ ᠬᠠᠤᠯᠢ ᠶᠢ ᠵᠥᠷᠢᠴᠡᠬᠦ ᠠᠵᠢᠯᠯᠠᠭ᠎ᠠ ᠬᠢᠵᠦ ᠮᠡᠳᠡᠨ᠎ᠡ᠃ ᠡᠭᠦᠨ ᠠᠴᠠ ᠭᠠᠳᠠᠨ᠎ᠠ᠂ ᠭᠠᠷ ᠲᠠᠭᠠᠨ ᠴᠠᠭᠠᠨ ᠴᠠᠭᠠᠰᠤ ᠪᠠᠷᠢᠬᠤ ᠰᠡᠬᠦᠳᠡᠷ ᠪᠤᠶᠤ ᠰᠤᠨᠢᠨ ᠪᠠᠷᠢᠬᠤ ᠰᠡᠬᠦᠳᠡᠷ ᠢ ᠦᠷᠭᠦᠯᠵᠢ ᠪᠡᠶ᠎ᠡ ᠶᠢᠨ ᠬᠢᠷᠢ ᠬᠡᠮ ᠢ ᠰᠢᠯᠭᠠᠬᠤ ᠳᠤ ᠬᠡᠷᠡᠭᠯᠡᠳᠡᠭ᠂ ᠬᠡᠷᠪᠡ ᠬᠠᠤᠯᠢ ᠪᠤᠰᠤ ᠡᠲᠡᠭᠡᠳ ᠣᠯᠵᠤ ᠠᠪᠤᠪᠠᠯ ᠂ ᠬᠠᠭᠤᠷᠮᠠᠭ ᠦᠨᠡᠮᠯᠡᠯ ᠦᠢᠯᠡᠳᠬᠦ ᠪᠤᠶᠤ ᠰᠦᠯᠵᠢᠶᠡᠨ ᠤ ᠮᠡᠬᠡᠯᠡᠯ ᠶᠠᠪᠤᠭᠤᠯᠬᠤ ᠳᠤ ᠬᠡᠷᠡᠭᠯᠡᠵᠦ ᠮᠡᠳᠡᠨ᠎ᠡ᠂ ᠢᠩᠭᠢᠪᠡᠯ ᠬᠤᠪᠢ ᠬᠥᠮᠦᠨ ᠳᠤ ᠴᠢᠨᠢ ᠠᠵᠤ ᠠᠬᠤᠶ ᠶᠢᠨ ᠬᠤᠬᠢᠷᠠᠯ ᠪᠠ ᠨᠡᠷ᠎ᠡ ᠲᠥᠷᠥ ᠶᠢᠨ ᠬᠤᠬᠢᠷᠠᠯ ᠤᠴᠠᠷᠠᠭᠤᠯᠵᠤ ᠮᠡᠳᠡᠨ᠎ᠡ᠃    • ᠡᠯ᠎ᠡ ᠵᠦᠢᠯ ᠤᠨ ᠬᠡᠷᠡᠴᠢ ᠪᠠᠷᠢᠮᠲᠠ ᠶᠢᠨ ᠲᠥᠷᠥᠯ ᠤᠨ ᠰᠡᠬᠦᠳᠡᠷ ᠢ ᠲᠠᠯᠪᠢᠵᠦ ᠪᠤᠯᠬᠤ ᠦᠭᠡᠢ   ᠮᠠᠰᠢ ᠤᠯᠠᠨ ᠬᠥᠮᠦᠨ ᠠᠵᠢᠯ ᠢᠶᠠᠷ ᠭᠠᠳᠠᠭᠰᠢ ᠭᠠᠷᠬᠤ᠂ ᠵᠢᠭᠤᠯᠴᠢᠯᠠᠬᠤ ᠳᠠᠭᠠᠨ ᠪᠦᠷ ᠭᠠᠯᠲᠤ ᠲᠡᠷᠭᠡᠨ ᠤ ᠪᠢᠯᠧᠲ ᠪᠤᠶᠤ ᠨᠢᠰᠭᠡᠯ ᠳᠤ ᠰᠠᠭᠤᠬᠤ ᠫᠠᠶᠢᠰᠠ ᠪᠠᠨ ᠰᠡᠭᠦᠳᠡᠷᠯᠡᠵᠦ᠂ ᠥᠪᠡᠷ ᠤᠨ ᠨᠠᠶᠢᠵᠠ ᠶᠢᠨ ᠲᠣᠭᠤᠷᠢᠭ ᠲᠠᠭᠠᠨ ᠲᠠᠯᠪᠢᠵᠦ ᠬᠤᠪᠢᠶᠠᠯᠴᠠᠬᠤ ᠲᠤᠷᠠᠳᠠᠢ ᠪᠠᠶᠢᠳᠠᠭ᠃ ᠡᠳᠡᠭᠡᠷ ᠪᠢᠯᠧᠲ ᠭᠡᠷᠡᠴᠢ ᠳᠡᠭᠡᠷ᠎ᠡ ᠴᠢᠨᠢ ᠣᠪᠣᠭ ᠨᠡᠷ᠎ᠡ᠂ ᠮᠤᠷᠳᠠᠬᠤ ᠭᠠᠵᠠᠷ᠂ ᠬᠦᠷᠬᠦ ᠭᠠᠵᠠᠷ ᠵᠡᠷᠭᠡ ᠮᠡᠳᠡᠭᠡ ᠵᠠᠩᠭᠢ ᠪᠠᠶᠢᠳᠠᠭ ᠢᠶᠠᠷ ᠪᠠᠷᠠᠬᠤ ᠦᠭᠡᠶ᠂ ᠵᠢᠷᠤᠭᠠᠰᠤᠨ ᠺᠤᠳ᠋ ᠪᠤᠶᠤ ᠬᠤᠶᠠᠷ ᠬᠡᠮᠵᠢᠯᠳᠦ ᠺᠤᠳ᠋ ᠲᠡᠭᠡᠷ᠎ᠡ ᠨᠢ ᠠᠶᠠᠨᠴᠢᠳ ᠤᠨ ᠬᠤᠪᠢ ᠬᠥᠮᠦᠨ ᠤ ᠮᠡᠳᠡᠭᠡ ᠵᠠᠩᠭᠢ ᠪᠠᠶᠢᠳᠠᠭ ᠠᠴᠠ ᠬᠠᠤᠯᠢ ᠪᠤᠰᠤ ᠡᠲᠡᠭᠡᠳ ᠲᠤ ᠠᠰᠢᠬᠯᠠᠬᠳᠠᠬᠤ ᠪᠣᠯᠤᠯᠴᠠᠭ᠎ᠠ ᠲᠠᠢ ᠶᠤᠮ᠃   • ᠭᠡᠷ ᠤᠨ ᠲᠦᠯᠬᠢᠭᠦᠷ᠂ ᠲᠡᠷᠭᠡᠨ ᠫᠠᠶᠢᠰᠠ ᠵᠡᠷᠭᠡ ᠰᠡᠬᠦᠳᠡᠷ ᠢ ᠲᠠᠯᠪᠢᠵᠦ ᠪᠤᠯᠬᠤ ᠦᠭᠡᠢ   ᠬᠠᠤᠯᠢ ᠪᠤᠰᠤ ᠡᠲᠡᠭᠡᠳ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢᠶᠠᠷ ᠲᠠᠮᠵᠢᠭᠤᠯᠤᠨ᠂ ᠰᠡᠬᠦᠳᠡᠷ ᠨᠡᠶᠢᠳᠡᠯᠡᠭᠰᠡᠨ ᠬᠦᠮᠦᠨ ᠤ ᠤᠨᠴᠠᠭᠠᠢ ᠴᠠᠭ ᠬᠤᠭᠤᠴᠠᠭᠠᠨ ᠳᠠᠬᠢ ᠣᠨᠴᠠ ᠲᠣᠭᠲᠠᠭᠰᠠᠨ ᠣᠷᠣᠨ ᠪᠠᠶᠢᠷᠢ ᠶᠢ ᠵᠠᠳᠠᠯᠤᠨ ᠭᠠᠷᠭᠠᠬᠤ ᠪᠦᠭᠡᠳ ᠪᠠᠰᠠ ᠨᠡᠶᠢᠲᠡᠯᠡᠭᠰᠡᠨ ᠬᠦᠮᠦᠨ ᠤ ᠠᠮᠢᠳᠤᠷᠠᠯ ᠤᠨ ᠳᠠᠳᠬᠠᠯ ᠢ ᠣᠶᠢᠯᠭᠠᠵᠤ ᠪᠣᠯᠤᠨ᠎ᠠ᠃ ᠢᠩᠬᠢᠬᠦᠯᠡᠷ ᠰᠦᠯᠵᠢᠶᠡᠨ ᠲᠡᠭᠡᠷ᠎ᠠ ᠲᠠᠯᠪᠢᠬᠤ ᠰᠡᠬᠦᠳᠡᠷ ᠲᠤ ᠭᠡᠷ ᠤᠨ ᠲᠦᠯᠬᠢᠭᠦᠷ᠂ ᠲᠡᠷᠭᠡᠨ ᠫᠠᠶᠢᠰᠠ ᠶᠢᠨ ᠨᠣᠮᠧᠷ ᠵᠡᠷᠭᠡ ᠢᠯᠡᠷᠬᠡᠶ ᠣᠨᠴᠠᠯᠢᠭ ᠲᠠᠢ ᠶᠠᠭᠤᠮᠠᠰ ᠢ ᠪᠢᠲᠡᠭᠡᠶ ᠤᠷᠤᠭᠤᠯᠤᠭᠠᠷᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ