ᠡᠷᠳᠡᠨᠢᠪᠤᠯᠠᠭ ᠰᠤᠮᠤ ᠠᠯᠲᠠᠨ ᠯᠢᠩᠬᠤᠸ᠎ᠠ ᠴᠡᠴᠡᠭ ᠤᠨ ᠠᠵᠤ ᠦᠢᠯᠡᠰ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠣᠯ ᠵᠢᠷᠭᠠᠯᠲᠤ  ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/11/14
    ᠡᠨᠡ ᠵᠢᠯ ᠠᠴᠠ ᠨᠠᠰᠢ᠂ ᠡᠷᠳᠡᠨᠢᠪᠤᠯᠠᠭ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠣ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠪᠠ ᠤᠨᠴᠠᠯᠢᠬᠳᠤ ᠲᠠᠷᠢᠶᠠᠯᠠᠩ ᠤᠨ ᠠᠵᠤ  ᠦᠢᠯᠡᠰ ᠢ ᠬᠥᠭᠵᠢᠭᠦᠯᠬᠦ  ᠪᠠᠷ  ᠭᠠᠷᠳᠠᠴᠠ ᠪᠣᠯᠭᠠᠨ᠂ ᠠᠯᠲᠠᠨ ᠯᠢᠩᠬᠤᠸ᠎ᠠ ᠴᠡᠴᠡᠭ  ᠤᠨ ᠤᠨᠴᠠᠯᠢᠬᠳᠤ ᠬᠢᠲᠠᠳ ᠡᠮ ᠤᠨ ᠮᠠᠲ᠋ᠧᠷᠢᠶᠠᠯ ᠢ  ᠬᠦᠭᠵᠢᠬᠦᠯᠵᠦ᠂  ᠥᠷᠭᠡᠨ ᠣᠯᠠᠨ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠲᠠᠰᠤᠷᠠᠯᠲᠠ ᠥᠬᠡᠶ ᠳᠡᠭᠡᠭᠰᠢᠯᠡᠬᠦᠯᠬᠦ ᠶᠢᠨ ᠣᠯᠠᠮ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠲᠠᠰᠣᠷᠠᠯᠲᠠ ᠦᠬᠡᠢ ᠠᠬᠢᠭᠤᠯᠪᠠ᠃    ᠡᠨᠡ ᠵᠢᠯ ᠤᠨ ᠡᠬᠢ ᠪᠠᠷ᠂ ᠡᠷᠳᠡᠨᠢᠪᠤᠯᠠᠭ ᠰᠤᠮᠤ  ᠪᠠᠶᠢᠴᠠᠭᠠᠨ ᠰᠤᠳᠤᠯᠤᠯᠳᠠ ᠬᠢᠬᠦ ᠪᠠᠷ ᠳᠠᠮᠵᠢᠨ᠂ ᠦᠪᠦᠷ ᠮᠤᠩᠭᠤᠯ ᠤᠨ ᠬᠤᠩ ᠶᠤᠸᠠᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠳᠦ ᠺᠤᠮᠫᠠᠨᠢ ᠶᠢ ᠣᠷᠢᠵᠣ᠂ ᠪᠦᠬᠦ ᠬᠤᠰᠢᠭᠤᠨ ᠳᠤ ᠬᠠᠮᠤᠭ ᠤᠨ ᠲᠦᠷᠦᠭᠦᠨ ᠳᠤ ᠠᠯᠲᠠᠨ ᠯᠢᠩᠬᠤᠸ᠎ᠠ ᠴᠡᠴᠡᠭ ᠳᠠᠷᠢᠬᠤ ᠠᠵᠦ ᠦᠢᠯᠡᠰ ᠢ ᠬᠦᠭᠵᠢᠭᠦᠯᠬᠦ ᠶᠢᠨ ᠬᠠᠮᠳᠤ ︽ᠨᠠᠮ ᠤᠨ ᠡᠬᠦᠷ + ᠺᠤᠮᠫᠠᠨᠢ ᠶᠢᠨ ᠰᠠᠭᠤᠷᠢᠨ ᠭᠠᠵᠠᠷ + ᠮᠠᠯᠴᠢᠨ ᠳᠠᠷᠢᠶᠠᠴᠢᠨ ᠡᠷᠦᠬᠡ︾ ᠶᠢᠨ ᠡᠵᠡᠩᠨᠡᠯᠳᠡ ᠶᠢᠨ ᠵᠠᠭᠪᠤᠷ ᠢᠶᠠᠷ 600 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠤᠨ᠂ 170 ᠲᠦᠮᠡᠨ ᠰᠠᠭᠤᠷᠢ ᠠᠯᠲᠠᠨ ᠯᠢᠩᠬᠤᠸ᠎ᠠ ᠴᠡᠴᠡᠭ ᠲᠠᠷᠢᠵᠦ᠂ ᠠᠯᠲᠠᠨ ᠯᠢᠩᠬᠤᠸ᠎ᠠ ᠴᠡᠴᠡᠭ ‍ᠤᠨ‌ᠤᠰᠤ ᠠᠷᠪᠢᠯᠠᠬᠤ ᠦᠨᠳᠦᠷ ᠦᠷ᠎ᠡ ᠠᠰᠢᠭᠳᠦ ᠲᠠᠷᠢᠮᠠᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠪᠠ᠃ ᠣᠶᠢᠷ᠎ᠠ ᠳᠤ᠂ ᠥᠪᠥᠷ ᠮᠣᠩᠭᠤᠯ ᠤᠨ ᠬᠤᠩ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠷᠢᠶᠠᠲᠤ ᠣᠷᠣᠨ ᠤ ᠪᠠᠨ ᠤᠷᠠᠳ ᠤᠨ ᠡᠮᠦᠨᠡᠲᠦ ᠬᠤᠰᠢᠭᠤᠨ ᠤ ᠹᠧᠩ ᠳ᠋ᠡ ᠶᠤᠸᠠᠨ ᠲᠠᠷᠢᠶᠠᠯᠠᠩ ᠤᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠯᠴᠠᠬᠤ ᠶᠢ ᠠᠬᠢᠭᠤᠯᠵᠤ᠂ 700 ᠮᠥ ᠠᠯᠲᠠᠨ ᠯᠢᠩᠬᠤᠸ᠎ᠠ ᠴᠡᠴᠡᠭ ᠳᠠᠷᠢᠬᠤ ᠭᠡᠷ᠎ᠡ ᠲᠣᠭᠲᠠᠪᠠ᠃    ᠠᠯᠲᠠᠨ ᠯᠢᠩᠬᠤᠸ᠎ᠠ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠬᠤ ᠶᠢᠨ ᠲᠥᠯᠥᠭᠡ᠂ ᠡᠨᠡ ᠵᠢᠯ ᠤᠨ 9 ᠰᠠᠷ᠎ᠠ ᠳᠤ᠂ ᠲᠣᠰ ᠰᠤᠮᠤ ᠺᠠᠲᠷ ᠠᠵᠢᠯᠲᠠᠳ ᠢ ᠵᠣᠬᠢᠶᠠᠨ ᠪᠠᠶᠢᠭᠤᠯᠵᠤ ᠱᠠᠨᠳᠦ᠋ᠩ ᠮᠤᠵᠢ ᠶᠢᠨ ᠫᠢᠩ ᠢ ᠰᠢᠶᠠᠨ ᠳᠤ ᠬᠦᠷᠴᠦ ᠠᠯᠲᠠᠨ ᠯᠢᠩᠬᠤᠸ᠎ᠠ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠣᠰ ᠲᠠᠷᠢᠮᠠᠯ ᠤᠨ ᠮᠡᠷᠭᠡᠵᠢᠯ᠂ ᠤᠷᠭᠤᠯᠲᠠ᠂ ᠠᠵᠤ ᠠᠬᠤᠶ ᠶᠢᠨ ᠦᠷ᠎ᠡ ᠠᠰᠢᠭ ᠵᠢᠴᠢ ᠵᠠᠬ᠎ᠠ ᠳᠡᠯᠭᠡᠭᠦᠷ ᠤᠨ ᠬᠡᠷᠡᠭᠴᠡᠭᠡ ᠵᠡᠷᠭᠡ ᠪᠠᠶᠢᠳᠠᠯ ᠢ ᠨᠠᠷᠢᠨ  ᠣᠶᠢᠯᠠᠭᠠᠭᠰᠠᠨ ᠤ ᠳᠠᠷᠠᠭ᠎ᠠ᠂ ᠮᠠᠯᠴᠢᠨ ᠲᠠᠷᠢᠶᠠᠴᠢᠳ ᠢ ᠳᠠᠶᠢᠴᠢᠯᠠᠨ ᠠᠯᠲᠠᠨ ᠯᠢᠩᠬᠤᠸ᠎ᠠ ᠴᠡᠴᠡᠭ ᠤᠨ ᠲᠠᠷᠢᠮᠠᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠲᠡᠳᠡᠨ ᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ  ᠪᠠᠷ ᠵᠣᠷᠢᠪᠠ᠃    ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠳᠡᠯᠭᠡᠷᠡᠭᠦᠯᠦᠭᠰᠡᠨ ᠠᠯᠲᠠᠨ ᠯᠢᠩᠬᠤᠸ᠎ᠠ ᠴᠡᠴᠡᠭ ᠤᠨ ᠲᠥᠷᠥᠯ ᠵᠦᠢᠯ ᠨᠢ ᠬᠤᠶᠠᠷ ᠶᠡᠭᠡ ᠣᠨᠴᠠᠯᠢᠭ ᠲᠠᠢ ᠪᠠᠶᠢᠳᠠᠭ᠂ ᠨᠢᠭᠡ ᠳᠤ ᠤᠰᠤ ᠠᠷᠪᠢᠯᠠᠨ᠎ᠠ᠂ ᠪᠥᠬᠦ ᠵᠢᠯ ᠤᠨ ᠮᠥ ᠪᠦᠷᠢ ᠶᠢᠨ ᠳᠤᠮᠳᠠᠴᠢ ᠬᠡᠷᠡᠭᠯᠡᠬᠦ ᠤᠰᠤᠨ ᠤ ᠬᠡᠮᠵᠢᠶ᠎ᠡ ᠨᠢ ᠵᠥᠪᠬᠡᠨ 100 ᠪᠣᠰᠤᠭ᠎ᠠ ᠳᠥᠷᠪᠡᠯᠵᠢᠨ ᠮᠧᠲᠷ ᠣᠷᠴᠢᠮ ᠪᠠᠶᠢᠵᠤ᠂ ᠲᠠᠷᠢᠶᠠᠯᠠᠩ ᠤᠨ ᠤᠰᠤ ᠠᠷᠪᠢᠯᠠᠬᠤ ᠶᠢ ᠦᠨᠡᠨ ᠬᠦ ᠪᠦᠲᠦᠮᠵᠢᠲᠡᠶ  ᠪᠡᠶᠡᠯᠡᠬᠦᠯᠦᠨ᠎ᠡ︔ ᠬᠤᠶᠠᠷ ᠲᠤ᠂ ᠤᠨᠠᠯᠲᠠ ᠶᠢ ᠨᠡᠮᠡᠭᠳᠡᠭᠦᠯᠵᠦ᠂ ᠨᠢᠭᠲᠠ ᠲᠠᠷᠢᠬᠤ᠂ ᠪᠥᠬᠦ ᠮᠧᠬᠠᠨᠢᠭᠵᠢᠭᠤᠯᠬᠤ ᠵᠠᠭᠪᠤᠷ ᠢ ᠬᠡᠷᠡᠭᠯᠡᠵᠦ᠂ ᠨᠢᠭᠡᠳᠦᠭᠡᠷ ᠵᠢᠯ ᠤᠨ ᠤᠨᠠᠯᠲᠠ ᠶᠢ 50 ᠺᠢᠯᠣᠭ᠍ᠷᠠᠮ ᠠᠴᠠ ᠳᠡᠭᠡᠭᠰᠢ ᠳᠤ ᠬᠦᠷᠦᠭᠦᠯᠵᠦ᠂ ᠵᠠᠬ᠎ᠠ ᠳᠡᠯᠭᠡᠭᠦᠷ ᠤᠨ ᠦᠨ᠎ᠡ ᠪᠠᠷ ᠬᠠᠮᠤᠭ ᠤᠨ ᠳᠣᠤᠷ᠎ᠠ ᠨᠢ 80 ᠲᠥᠭᠦᠷᠢᠭ / ᠺᠢᠯᠣᠭ᠍ᠷᠠᠮ ᠳᠤ ᠬᠦᠷᠦᠭᠦᠯᠵᠦ᠂ ᠮᠥ ᠪᠦᠷᠢ ᠶᠢᠨ ᠣᠷᠣᠯᠭ᠎ᠠ ᠶᠢ ᠴᠥᠮ 4000 ᠲᠥᠭᠦᠷᠢᠭ ᠠᠴᠠ ᠳᠡᠭᠡᠭᠰᠢ ᠪᠠᠶᠢᠯᠭᠠᠵᠤ᠂ ᠪᠥᠬᠦ ᠥᠰᠥᠯᠲᠡ ᠶᠢᠨ ᠦᠶᠡᠯᠡᠯ ᠤᠨ ᠬᠤᠭᠤᠴᠠᠭᠠᠨ ᠳᠤ ᠨᠡᠷᠡᠨ ᠬᠤᠸᠠᠷ᠂ ᠯᠠᠵᠤᠤ᠂ ᠲᠥᠪᠡᠳ ᠬᠠᠰᠢ᠂ ᠡᠷᠳᠡᠨᠢ ᠰᠢᠰᠢ ᠵᠡᠷᠭᠡ ᠤᠯᠠᠮᠵᠢᠯᠠᠯᠲᠤ ᠲᠠᠷᠢᠮᠠᠯ ᠢ  ᠠᠳᠠᠯᠢᠳᠬᠠᠪᠠᠯ᠂ ᠠᠵᠤ ᠠᠬᠤᠶ ᠶᠢᠨ ᠦᠷ᠎ᠡ ᠠᠰᠢᠭ ᠢ 300% ᠣᠷᠴᠢᠮ ᠨᠡᠮᠡᠭᠳᠡᠭᠦᠯᠵᠦ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ︽ᠬᠤᠤᠰ ᠡᠯᠪᠡᠭ ᠬᠤᠷᠢᠶᠠᠯᠲᠠ︾ ᠶᠢ  ᠪᠡᠶᠡᠯᠡᠬᠦᠯᠵᠦ ᠴᠢᠳᠠᠨ᠎ᠠ᠃    ᠳᠠᠷᠠᠭᠠᠴᠢ ᠶᠢᠨ ᠠᠯᠬᠤᠮ ᠳᠤ᠂ ᠡᠷᠳᠡᠨᠢᠪᠤᠯᠠᠭ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠯᠲᠠᠨ ᠯᠢᠩᠬᠤᠸ᠎ᠠ ᠴᠡᠴᠡᠭ ᠤᠨ ᠲᠠᠷᠢᠮᠠᠯ ᠢ ᠬᠦᠴᠦᠯᠡᠨ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠬᠤ ᠪᠠ ᠳᠡᠯᠭᠡᠷᠡᠭᠦᠯᠵᠦ᠂  ᠲᠣᠰ ᠲᠠᠷᠢᠮᠠᠯ ᠤᠨ ᠠᠵᠤ ᠦᠢᠯᠡᠰ ᠢᠶᠠᠷ ᠪᠠᠶᠠᠵᠢᠯ ᠤᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠠᠵᠤ ᠦᠢᠯᠡᠰ ᠢᠶᠠᠷ ᠳᠠᠶᠢᠴᠢᠯᠠᠬᠤ᠂ ᠮᠠᠯᠴᠢᠨ ᠲᠠᠷᠢᠶᠠᠴᠢᠨ ᠤ ᠣᠷᠣᠯᠴᠠᠭᠰᠠᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂  ᠠᠯᠲᠠᠨ ᠯᠢᠩᠬᠤᠸ᠎ᠠ ᠴᠡᠴᠡᠭ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠣᠯ ᠵᠢᠷᠭᠠᠯᠲᠤ ᠴᠡᠴᠡᠭ ᠢ ᠴᠡᠴᠡᠭᠯᠡᠭᠦᠯᠦᠨ᠎ᠡ᠃           
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ