11 ᠰᠠᠷ᠎ᠠ ᠶᠢᠨ 10 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠤᠳᠠᠯ ᠤᠨ ᠬᠤᠳᠳᠤᠭ | ᠪᠠᠯᠭᠠᠰᠤᠨ ᠤ ᠲᠣᠮᠢᠯᠠᠭᠰᠠᠨ ᠰᠠᠯᠪᠤᠷᠢ ᠠᠪᠣᠷᠠᠨ ᠲᠣᠰᠠᠯᠠᠯᠲᠠ ᠶᠢᠨ ᠣᠲᠠᠰᠣ ᠲᠣᠰᠬᠤ ᠳᠤ᠂ ᠲᠣᠰᠬᠤᠨ ᠤ ᠠᠷᠠᠳ ᠠᠴᠠ ᠰᠤᠳᠠᠯ ᠤᠨ ᠬᠤᠳᠳᠤᠭ | ᠲᠠᠷᠢᠶᠠᠯᠠᠩ ᠤᠨ ᠲᠠᠯᠠᠪᠠᠶ ᠶᠢᠨ ᠬᠤᠶᠠᠳᠤᠭᠠᠷ ᠬᠤᠪᠢᠶᠠᠷᠢ ᠲᠠᠯᠠᠪᠠᠶ ᠶᠢᠨ ᠬᠤᠶᠢᠲᠤ ᠲᠠᠯ᠎ᠠ ᠶᠢᠨ ᠲᠠᠷᠢᠶᠠᠨ ᠭᠠᠵᠠᠷ ᠤᠨ ᠤᠰᠤ ᠵᠠᠯᠠᠬᠤ ᠰᠤᠪᠠᠭ ᠲᠤ ᠨᠢᠭᠡ | ᠬᠤᠨ ᠭᠠᠯᠠᠭᠤ ᠰᠢᠷᠬᠠᠳᠣᠭᠰᠠᠨ ᠬᠡᠮᠡᠨ ᠮᠡᠳᠡᠭᠦᠯᠵᠦ ᠠᠪᠤᠷᠠᠨ ᠲᠣᠰᠠᠯᠠᠬᠤ ᠶᠢ ᠭᠤᠶᠤᠴᠢᠯᠠᠪᠠ᠃ ᠠᠷᠠᠳ ᠤᠨ ᠴᠠᠭᠳᠠᠭ᠎ᠠ ᠨᠠᠷ ᠳᠠᠷᠤᠶ ᠲᠦᠷᠭᠡᠨ | ᠲᠤᠬᠠᠶ ᠶᠢᠨ ᠲᠠᠯᠠᠪᠤᠷ ᠲᠤ ᠬᠦᠷᠴᠣ ᠦᠵᠡᠬᠦ ᠳᠤ᠂ ᠰᠢᠷᠬᠠᠲᠤᠭᠰᠠᠨ ᠬᠤᠨ ᠭᠠᠯᠠᠭᠤ ᠶᠢᠨ ᠵᠡᠭᠦᠨ ᠬᠥᠯ ᠨᠢ ᠬᠤᠭᠤᠷᠠᠵᠤ᠂ ᠪᠡᠶ᠎ᠡ ᠳᠤᠨᠢ ᠪᠠᠰᠠ | ᠰᠢᠷᠬᠠᠳᠣᠭᠰᠠᠨ ᠭᠠᠵᠠᠷ ᠪᠠᠶᠢᠪᠠ᠃ ᠠᠯᠢ ᠲᠦᠷᠭᠡᠨ ᠢᠶᠠᠷ ᠡᠮᠨᠡᠨ ᠵᠠᠰᠠᠬᠤ ᠶᠢᠨ ᠲᠥᠯᠥᠭᠡ᠂ ᠠᠷᠠᠳ ᠤᠨ ᠴᠠᠭᠳᠠᠭ᠎ᠠ ᠠᠴᠠ ᠲᠡᠷᠡ ᠳᠠᠷᠤᠶ ᠳᠤᠨᠢ ᠣᠶᠢᠷ᠎ᠠ | ᠬᠠᠪᠢ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡᠨ ᠳᠤ ᠰᠢᠯᠵᠢᠬᠦᠯᠪᠡ᠃ | ᠠᠪᠤᠷᠠᠨ ᠲᠤᠰᠠᠯᠠᠬᠤ ᠥᠷᠲᠡᠭᠡᠨ ᠤ ᠠᠵᠢᠯᠲᠠᠨ ᠠᠴᠠ ᠬᠡᠯᠡᠭᠰᠡᠨ ᠨᠢ᠄ ︽ ᠰᠢᠷᠬᠠᠲᠤᠭᠰᠠᠨ ᠬᠤᠨ ᠭᠠᠯᠠᠭᠤ ᠪᠣᠯ ᠤᠯᠤᠰ ᠤᠨ ᠬᠤᠶᠠᠳᠤᠭᠠᠷ ᠳᠡᠰ ᠤᠨ | ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠪᠣᠯᠣᠨ᠎ᠠ᠂ ᠣᠲᠣ ᠨᠢᠭᠡᠨᠲᠡ ︽ᠳᠡᠯᠡᠬᠡᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭᠠᠨ ᠤ | ᠮᠥᠬᠦᠬᠦ ᠰᠢᠬᠠᠭᠰᠠᠨ ᠳᠦᠷᠰᠦ ᠶᠢᠨ ᠤᠯᠠᠭᠠᠨ ᠨᠡᠷᠡᠰ︾ ᠪᠠ ︽ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠨᠡᠷᠡᠰ ᠤᠨ | ᠵᠢᠭᠰᠠᠭᠠᠯᠲᠠ︾ ᠳᠤ ᠵᠢᠭᠰᠠᠭᠠᠭᠳᠠᠵᠤ ᠪᠠᠶᠢᠨ᠎ᠠ᠂ ᠲᠣᠰ ᠬᠤᠨ ᠭᠠᠯᠠᠭᠤ ᠶᠢ ᠠᠪᠤᠷᠠᠨ ᠲᠤᠰᠠᠯᠠᠬᠤ ᠥᠷᠲᠡᠭᠡ ᠳᠤ ᠤᠯᠠᠮ ᠨᠢᠭᠡ ᠠᠯᠬᠤᠮ ᠡᠮᠨᠡᠨ ᠵᠠᠰᠠᠵᠤ᠂ | ᠲᠦᠢᠯᠪᠤᠷᠢᠲᠠᠶ ᠡᠷᠡᠭᠦᠯᠵᠢᠭᠰᠡᠨ ᠤ ᠳᠠᠷᠠᠭ᠎ᠠ᠂ ᠲᠡᠭᠦᠨ ᠢ ᠡᠬᠡ ᠪᠠᠶᠢᠭᠠᠯᠢ ᠳᠤ ᠲᠠᠯᠪᠢᠨ᠎ᠠ︾ ᠭᠡᠵᠡᠶ᠃ | ᠴᠠᠭᠳᠠᠭᠠᠨ ᠤ ᠲᠠᠯ᠎ᠠ ᠠᠴᠠ᠂ ᠬᠡᠷᠪᠡ ᠰᠦᠷᠦᠭ ᠠᠴᠠ ᠪᠠᠨ ᠬᠤᠴᠣᠷᠠᠭᠰᠠᠨ ᠪᠣᠶᠣ ᠰᠢᠷᠬᠠᠲᠤᠭᠰᠠᠨ ᠬᠡᠭᠡᠷ᠎ᠡ ᠶᠢᠨ ᠠᠮᠢᠲᠠᠨ ᠲᠠᠢ ᠲᠣᠬᠢᠶᠠᠯᠳᠤᠪᠠᠯ᠂ | ᠲᠣᠰ ᠪᠡᠶ᠎ᠡ ᠶᠢᠨ ᠪᠠ ᠬᠡᠭᠡᠷ᠎ᠡ ᠶᠢᠨ ᠠᠮᠢᠲᠠᠨ ᠤ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠴᠠᠭᠳᠠᠭᠠᠨ ᠤ ᠲᠠᠯ᠎ᠠ᠂ ᠬᠡᠭᠡᠷ᠎ᠡ ᠶᠢᠨ | ᠠᠮᠢᠲᠠᠨ ᠢ ᠠᠪᠤᠷᠠᠨ ᠲᠤᠰᠠᠯᠠᠬᠤ ᠥᠷᠲᠡᠭᠡ ᠲᠠᠢ ᠴᠠᠭ ᠲᠤᠬᠠᠶ ᠳᠤᠨᠢ ᠬᠠᠷᠢᠯᠴᠠᠵᠤ᠂ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ ᠬᠡᠮᠡᠨ | ᠰᠠᠨᠠᠭᠤᠯᠵᠣ ᠪᠠᠶᠢᠨ᠎ᠠ᠃ | |