︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠦᠵᠡᠰᠬᠦᠯᠡᠩ ᠤᠨ ᠲᠣᠭᠤᠷᠢᠨ ᠦᠵᠡᠭᠦᠯᠭᠡ ᠤᠷᠠᠳ ᠤᠨ ᠡᠮᠦᠨᠡᠲᠦ ᠬᠤᠰᠢᠭᠤᠨ ᠳᠤ  ᠶᠠᠪᠣᠭᠳᠠᠪᠠ
ᠨᠡᠶᠢᠲᠡᠯᠡᠭᠰᠡᠨ ᠴᠠᠭ᠄
2024/11/14
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠣᠬᠢᠶᠠᠨ ᠪᠠᠶᠢᠭᠤᠯᠤᠭᠰᠠᠨ ︽ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠦᠵᠡᠭᠦᠯᠭᠡ 11 ᠰᠠᠷ᠎ᠠ ᠶᠢᠨ 13 ᠤ ᠡᠳᠦᠷ  ᠤᠷᠠᠳ ᠤᠨ ᠡᠮᠦᠨᠡᠲᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠲᠤ ᠲᠣᠭᠤᠷᠢᠨ ᠦᠵᠡᠬᠦᠯᠬᠡ ᠬᠢᠪᠡ᠃

微信图片_20241114153547.jpg

     ᠲᠣᠰ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠤᠷᠠᠳ ᠤᠨ ᠡᠮᠦᠨᠡᠲᠦ ᠬᠤᠰᠢᠭᠤᠨ ᠤ ᠷᠦᠢ ᠲᠠᠢ ᠨᠡᠶᠢᠭᠡᠮ ᠲᠣᠭᠤᠷᠢᠭ  ᠤᠨ ᠨᠠᠮ ᠤᠨ

ᠭᠡᠰᠢᠭᠦᠨ ᠺᠠᠳ᠋ᠷ᠂ ᠰᠠᠭᠤᠭᠠᠯᠢ ᠠᠷᠠᠳ ᠵᠡᠷᠭᠡ 40 ᠭᠠᠷᠤᠶ ᠬᠥᠮᠦᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ

ᠳᠠᠭᠠᠬᠤ︾ ᠭᠤᠤᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷᠠᠬᠢ

ᠥᠪᠥᠷ ᠮᠣᠩᠭᠤᠯ ᠤᠨ ᠬᠥᠭᠵᠢᠯᠲᠡ ᠶᠢᠨ ᠠᠬᠢᠴᠠ ᠪᠣᠯᠤᠨ ᠠᠮᠢᠳᠤᠯᠢᠭ ᠰᠡᠳᠬᠢᠯ ᠬᠥᠳᠡᠯᠭᠡᠮ᠎ᠡ ᠦᠨᠳᠦᠰᠦᠲᠡᠨ ᠤ ᠥᠯᠢᠭᠡᠷ ᠢ ᠨᠠᠷᠢᠨ ᠬᠢᠨᠠᠮᠠᠭᠠᠶ ᠰᠣᠨᠣᠰᠴᠤ

᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ︾ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠶᠡᠷᠦᠩᠬᠡᠶ ᠱᠦᠵᠢ

ᠰᠢ ᠶᠢᠨ ᠫᠢᠩ ᠤᠨ ᠥᠪᠥᠷ ᠮᠣᠩᠭᠤᠯ ᠤᠨ ᠠᠷᠠᠳ ᠲᠦᠮᠡᠨ ᠳᠤ ᠥᠭᠭᠦᠭᠰᠡᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠴᠢᠩ ᠰᠡᠳᠬᠢᠯ ᠤᠨ

ᠨᠠᠶᠢᠳᠠᠯᠭ᠎ᠠ ᠶᠢ  ᠰᠣᠨᠣᠰᠪᠠ᠃

微信图片_20241114153550.jpg

     ᠲᠣᠰ ᠤᠳᠠᠭᠠᠨ ᠤ ᠦᠵᠡᠭᠦᠯᠭᠡ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠳᠬᠠᠬᠤ︾ ᠪᠠᠷ ᠭᠤᠤᠯ

ᠰᠢᠵᠢᠮ ᠪᠣᠯᠭᠠᠵᠤ᠂ ︽︿ᠵᠢᠷᠭᠤᠭᠠᠨ ᠦᠭᠡ﹀ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢᠶᠠᠷ ᠭᠤᠤᠯ ᠦᠨᠳᠦᠰᠦ ᠪᠣᠯᠭᠠᠪᠠ︔ ᠨᠡᠶᠢᠲᠡ 7

ᠦᠵᠡᠭᠦᠯᠭᠡ ᠶᠢᠨ ᠲᠢᠩᠬᠢᠮ ᠬᠤᠪᠢᠶᠠᠵᠤ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ

ᠡᠯ᠎ᠡ ᠲᠡᠦᠬᠡᠨ ᠴᠠᠭ ᠦᠶ᠎ᠡ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ

ᠨᠠᠮ ᠳᠠᠭᠠᠨ ᠬᠠᠶᠢᠷᠠᠲᠠᠶ ᠪᠠ ᠦᠨᠡᠨᠴᠢ ᠰᠢᠳᠤᠷᠭᠤ ᠶᠢ ᠢᠯᠡᠷᠡᠭᠦᠯᠪᠡ᠃

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ