︽ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠰᠤᠷᠭᠠᠨ ᠬᠥᠮᠦᠵᠢᠯ ᠤᠨ ᠬᠠᠮᠢᠶ᠎ᠠ | ᠪᠥᠬᠦᠶ ᠲᠥᠷᠥᠯ ᠵᠦᠢᠯ ᠢ ᠳᠡᠮᠵᠢᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠡᠳ᠋ ᠤᠨ ᠵᠠᠰᠠᠭ ᠤᠨ ᠶᠠᠮᠤᠨ | ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠡᠳ᠋ ᠰᠤᠷᠭᠠᠨ ᠬᠥᠮᠦᠵᠢᠯ [2021] 156 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠲᠡᠳᠬᠦᠬᠦ ᠲᠥᠪ ᠤᠨ ︽2024 ᠣᠨ ᠤ ᠲᠥᠪ ᠤᠨ ᠲᠤᠰᠬᠠᠶ ᠵᠦᠢᠯ ᠤᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢ ᠲᠡᠳᠬᠦᠬᠦ ᠲᠥᠷᠥᠯ ᠵᠦᠢᠯ ᠢ ᠥᠷᠨᠢᠭᠦᠯᠬᠦ ᠲᠤᠬᠠᠶ | ᠮᠡᠳᠡᠭᠳᠡᠯ︾ ︵ᠥᠪᠥᠷ ᠰᠤᠷᠤᠯᠭ᠎ᠠ ᠶᠢ ᠲᠡᠳᠬᠦᠬᠦ ᠲᠥᠪ [2024] 18 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠡᠳᠦᠭᠡ ᠬᠤᠶᠠᠳᠤᠭᠠᠷ ᠪᠦᠯᠦᠭ ᠤᠨ ᠬᠢᠨᠠᠨ ᠲᠣᠭᠲᠠᠭᠠᠵᠤ ᠪᠠᠲᠤᠯᠠᠭᠳᠠᠭᠰᠠᠨ ᠬᠦᠴᠢᠷᠳᠡᠯ ᠲᠠᠢ ᠪᠠᠭᠰᠢ ᠶᠢᠨ 2 ᠨᠡᠷᠡᠰ ᠢ ᠵᠠᠰᠠᠭ ᠤᠨ | ᠣᠷᠳᠣᠨ ᠤ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠶᠢ 10 ᠡᠳᠦᠷ᠂ 2024 ᠣᠨ ᠤ 11 ᠳ᠋ᠤᠭᠡᠷ ᠰᠠᠷ᠎ᠠ ᠶᠢᠨ | 14 ᠤ ᠡᠳᠦᠷ ᠠᠴᠠ 11 ᠳ᠋ᠤᠭᠡᠷ ᠰᠠᠷ᠎ᠠ ᠶᠢᠨ 23 ᠤ ᠡᠳᠦᠷ ᠪᠣᠯᠲᠠᠯ᠎ᠠ ᠨᠡᠶᠢᠲᠡᠯᠡᠪᠡ᠃ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠮᠠᠳᠠᠭ ᠲᠠᠢ ᠪᠣᠯ ᠤᠲᠠᠰᠤ ᠪᠠᠷ ᠢᠷᠡᠵᠦ ᠠᠰᠠᠭᠤᠳᠠᠯ ᠢ ᠲᠤᠰᠬᠠᠵᠤ ᠪᠣᠯᠤᠨ᠎ᠠ᠃ | ᠢᠯᠡᠴᠢᠯᠡᠨ ᠮᠡᠳᠡᠭᠦᠯᠬᠦ ᠤᠲᠠᠰᠤ᠄ 0478 - 36066 58᠂ 0478 - 3606639 | ᠢᠮᠧᠯ᠄ wltqzzzx@163.com᠃ | ᠳᠠᠭᠠᠯᠳᠤᠭᠤᠯᠤᠯ᠄ 2024 ᠣᠨ ᠤ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠰᠤᠷᠤᠯᠭ᠎ᠠ ᠶᠢ | ᠲᠡᠳᠬᠦᠬᠦ ᠲᠥᠷᠥᠯ ᠵᠦᠢᠯ ᠤᠨ ᠲᠠᠷᠢᠶᠠᠯᠠᠬᠤ ᠶᠢ ᠵᠣᠷᠢᠭᠵᠢᠭᠤᠯᠬᠤ ᠲᠥᠯᠥᠪᠯᠡᠭᠡ ᠶᠢᠨ ᠬᠤᠶᠠᠳᠤᠭᠠᠷ ᠪᠦᠯᠦᠭ ᠬᠦᠴᠢᠷᠳᠡᠯᠲᠡᠶ ᠪᠠᠭᠰᠢ ᠶᠢ ᠲᠤᠰᠠᠯᠠᠬᠤ ᠪᠠᠷ | ᠲᠥᠯᠥᠪᠯᠡᠵᠦ ᠪᠠᠶᠢᠭ᠎ᠠ ᠨᠡᠷᠡᠰ | ᠤᠷᠠᠳ ᠤᠨ ᠡᠮᠦᠨᠡᠲᠦ ᠬᠤᠱᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ | 2024 ᠣᠨ ᠤ 11 ᠰᠠᠷ᠎ᠠ ᠶᠢᠨ 14 ᠤ ᠡᠳᠦᠷ |