ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/11/27
ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠠᠵᠤ ᠠᠬᠤᠢ᠂ ᠲᠣᠭᠠᠴᠢᠯᠠᠭᠰᠠᠨ ᠨᠡᠶᠢᠭᠡᠮ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃    ︵ᠬᠤᠶᠠᠷ︶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠥᠯᠥᠪᠵᠢᠭᠦᠯᠭᠡ ᠲᠥᠯᠥᠪᠯᠡᠭᠡ᠂ ᠢᠵᠢ ᠪᠦᠷᠢᠳᠦᠭᠦᠯᠬᠦ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃    ︵ᠭᠤᠷᠪᠠ︶ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃    ︵ᠲᠦᠷᠪᠡ︶ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃    ︵ᠲᠠᠪᠤ︶ ᠪᠥᠬᠦ ᠬᠤᠰᠢᠭᠤᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠪᠠ ᠨᠡᠭᠡᠭᠡᠨ ᠠᠰᠢᠭᠯᠠᠬᠤ ᠶᠢ ᠠᠬᠢᠭᠤᠯᠤᠨ᠎ᠠ᠃    ︵ᠵᠢᠷᠭᠤᠭ᠎ᠠ︶ ᠪᠥᠬᠦ ᠬᠤᠰᠢᠭᠤᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃    ︵ᠳᠤᠯᠤᠭ᠎ᠠ︶ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠲᠣᠭᠠᠴᠢᠯᠠᠭᠰᠠᠨ ᠠᠵᠤ ᠦᠢᠯᠡᠰᠵᠢᠯᠲᠡ ᠪᠣᠯᠤᠨ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ  ᠪᠣᠵᠠᠭᠠᠶᠢᠷᠠᠭᠤᠯᠣᠨ᠎ᠠ᠃    ︵ᠨᠠᠢᠮᠠ︶ ᠲᠣᠭᠠᠴᠠᠯᠬᠠᠰᠠᠨ ᠨᠡᠶᠢᠭᠡᠮ ᠤᠨ ᠪᠠᠶᠢᠭᠤᠯᠥᠯᠳᠡ ᠶᠢ ᠵᠤᠬᠢᠴᠠᠭᠤᠯᠥᠨ ᠠᠬᠢᠭᠤᠯᠵᠦ᠂ ᠣᠯᠡᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠳᠡ ᠶᠢᠨ ᠮᠡᠳᠡᠭᠡ ᠵᠠᠩᠬᠢᠵᠢᠯᠳᠡ ᠶᠢ ᠠᠬᠢᠭᠤᠯᠥᠨ᠂ ᠣᠶᠣᠨᠳᠦ ᠬᠤᠳᠡ ᠶᠢᠨ ᠪᠦᠳᠦᠭᠡᠨ ᠪᠠᠶᠢᠭᠤᠯᠥᠯᠳᠡ ᠶᠢ ᠠᠬᠢᠭᠤᠯᠥᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠢ ᠬᠠᠷᠢᠭᠤᠴᠠᠨ᠎ᠠ᠃    ︵ᠶᠢᠰᠦ︶ ᠬᠤᠰᠢᠭᠤᠨ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ︵ᠠᠷᠪᠠ︶ ᠳ᠋ᠠᠶᠢᠲ᠋ᠠ ᠶᠢᠨ ᠰᠠᠭᠤᠷᠢ ᠳᠦᠷᠢᠮ ᠤᠨ ᠪᠠᠶᠢᠭᠤᠯᠤᠯᠲᠠ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ᠂ ᠳ᠋ᠠᠶᠢᠲ᠋ᠠ ᠶᠢᠨ ᠪᠠᠷᠢᠮᠵᠢᠶ᠎ᠠ ᠶᠢᠨ ᠵᠢᠷᠤᠮᠵᠢᠯ᠂ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠪᠣᠳᠠᠲᠠᠶ ᠡᠭᠦᠷᠭᠡᠯᠡᠬᠦ ᠳᠤ᠂ ᠵᠣᠬᠢᠴᠠᠩᠭᠤᠶ ᠳ᠋ᠠᠶᠢᠲ᠋ᠠ ᠶᠢᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠠᠮᠢᠶ᠎ᠠ ᠪᠦᠬᠦᠢ ᠳ᠋ᠠᠶᠢᠲ᠋ᠠ ᠶᠢᠨ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃    ︵ᠠᠷᠪᠠᠨ ᠨᠢᠭᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃    ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠬᠤᠶᠠᠷ᠂ ᠳᠤᠳᠤᠭᠠᠳᠤ ᠶᠢᠨ ᠪᠠᠶᠢᠭᠤᠯᠤᠮᠵᠢ     ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ 4 ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ ᠠᠯᠪᠠᠨ ᠭᠡᠷ    ᠬᠠᠷᠢᠭᠤᠴᠠᠯᠭᠠᠲᠠᠨ᠄ ᠯᠢ ᠰᠢᠤᠢ    ᠬᠠᠷᠢᠯᠴᠠᠬᠤ ᠤᠲᠠᠰᠤ᠄ 0478 - 3267955    ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰᠤᠭ    ᠬᠠᠷᠢᠭᠤᠴᠠᠯᠭᠠᠲᠠᠨ᠄ ᠸᠠᠩ ᠬᠦᠶ ᠫᠢᠩ    ᠬᠠᠷᠢᠯᠴᠠᠬᠤ ᠤᠲᠠᠰᠤ᠄ 0478 - 3243001    ︵ᠭᠤᠷᠪᠠ︶  ᠡᠷᠬᠢᠯᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠰᠤᠭ    ᠬᠠᠷᠢᠭᠤᠴᠠᠯᠭᠠᠲᠠᠨ᠄   ᠳᠠᠶᠢᠴᠢᠨ    ᠬᠠᠷᠢᠯᠴᠠᠬᠤ ᠤᠲᠠᠰᠤ᠄ 0478 - 3267977    ︵ᠲᠦᠷᠪᠡ︶ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠰᠤᠭ    ᠬᠠᠷᠢᠭᠤᠴᠠᠯᠭᠠᠲᠠᠨ : ᠵᠢᠶᠠᠨ ᠸᠧᠨ ᠶᠤᠸᠠᠨ    ᠬᠠᠷᠢᠯᠴᠠᠬᠤ ᠤᠲᠠᠰᠤ᠄ 0478 - 3267955    ᠬᠠᠶ᠋ᠢᠭ᠄ ᠤᠷᠠᠳ ᠤᠨ ᠡᠮᠦᠨᠡᠲᠦ ᠬᠤᠰᠢᠭᠤᠨ ᠤ ᠮᠤᠨᠠ ᠪᠠᠯᠭᠠᠰᠤᠨ ᠤ ᠣᠷᠠᠳ ᠶᠡᠭᠡ ᠵᠡᠭᠡᠯᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠰᠠᠷ ᠤᠨ 853 ᠲᠠᠰᠤᠯᠭ᠎ᠠ    ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ᠄ 15᠄ 00-18᠄ 00    ᠬᠠᠷᠢᠯᠴᠠᠬᠤ ᠬᠡᠯᠪᠡᠷᠢ᠄ 0478 - 3267955    ᠬᠠᠷᠢᠭᠤᠴᠠᠯᠭᠠᠲᠠᠨ᠄ ᠶᠠᠩ ᠵᠢᠶᠠᠨ ᠬᠤᠸᠠ   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ