— ᠥᠪᠥᠷ ᠮᠣᠩᠭᠤᠯ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ 75 ᠵᠢᠯ ᠤᠨ ᠬᠥᠭᠵᠢᠯᠲᠡ ᠶᠢ ᠭᠡᠷᠡᠴᠢᠯᠡᠨ᠎ᠡ | 2024 ᠣᠨ ᠤ 10 ᠰᠠᠷ᠎ᠠ ᠶᠢᠨ 1 ᠤ ᠡᠳᠦᠷ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠬᠦ᠋ᠷᠴᠦ ᠢᠷᠡᠬᠦ | ᠲᠠᠰᠢᠷᠠᠮ ᠢᠶᠠᠷ᠂ ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠳᠡᠳ᠋ ᠰᠠᠶᠢᠳ᠂ ᠰᠣᠨᠢᠨ ᠮᠡᠳᠡᠭᠡᠨ ᠤ ᠵᠤᠷᠭᠠᠨ ᠤ ᠳᠠᠷᠤᠭ᠎ᠠ ᠬᠤᠸᠠ ᠴᠦᠨ | ᠵᠢᠩ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ X ᠲᠠᠪᠴᠠᠩ ᠳᠤ 18 ᠴᠤᠭᠴᠠ ᠬᠠᠷᠢᠴᠠᠭᠤᠯᠤᠭᠰᠠᠨ ᠵᠢᠷᠤᠭ ᠨᠡᠶᠢᠲᠡᠯᠡᠵᠦ᠂ ᠥᠩᠭᠡᠷᠡᠭᠰᠡᠨ | 75 ᠵᠢᠯ ᠤᠨ ᠳᠤᠮᠳᠠᠳᠤ ᠶᠢᠨ ᠡᠬᠡ ᠭᠠᠵᠠᠷ ᠲᠧ ᠡᠬᠦᠰᠦᠭᠰᠡᠨ ᠯᠤᠲᠤ ᠶᠡᠭᠡ ᠬᠤᠪᠢᠷᠠᠯᠲᠠ ᠶᠢ ᠠᠮᠢᠳᠤᠯᠢᠭ ᠢᠶᠠᠷ ᠳᠡᠯᠭᠡᠨ ᠦᠵᠡᠭᠦᠯᠪᠡ᠂ ᠡᠭᠦᠨ ᠳᠤ ︽ | ᠳ᠋ᠦᠩ ᠹᠠᠩ ᠬᠤᠩ ᠨᠢᠭᠡᠳᠦᠭᠡᠷ vs ᠴᠠᠩ ᠧ ᠵᠢᠷᠭᠤᠳᠤᠭᠠᠷ︾ ᠪᠠᠶᠢᠯ᠎ᠠ᠄ 1970 ᠣᠨ ᠳᠤ᠂ ᠳᠤᠮᠳᠠᠳᠤ ᠤᠯᠤᠰ ᠠᠩᠬᠠᠳᠠᠭᠴᠢ ᠳᠡᠯᠡᠬᠡᠢ ᠶᠢᠨ | ᠪᠥᠮᠪᠥᠷᠴᠡᠭ ᠤᠨ ᠬᠢᠮᠡᠯ ᠳᠠᠭᠠᠭᠤᠯᠢ ᠤᠳᠤ ᠳ᠋ᠦᠩ ᠹᠠᠩ ᠬᠤᠩ ᠨᠢᠭᠡᠳᠦᠭᠡᠷ ᠢ ᠠᠮᠵᠢᠯᠲᠠ ᠲᠠᠢ ᠬᠠᠷᠪᠤᠵᠤ᠂ ᠳᠤᠮᠳᠠᠳᠤ ᠤᠯᠤᠰ ᠤᠨ ᠰᠠᠨᠰᠠᠷ ᠤᠨ | ᠠᠶᠠᠯᠠᠯ ᠤᠨ ᠰᠢᠨ᠎ᠡ ᠬᠠᠭᠤᠳᠠᠰᠤ ᠶᠢ ᠨᠡᠭᠡᠭᠡᠯ᠎ᠡ︔ 2024 ᠣᠨ ᠳᠤ᠂ ᠴᠠᠩ ᠧ ᠵᠢᠷᠭᠤᠳᠤᠭᠠᠷ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠬᠥᠷᠥᠰᠥ | ᠰᠢᠷᠣᠶ ᠡᠪᠴᠤ ᠪᠤᠴᠠᠵᠤ ᠢᠷᠡᠪᠡ᠃ | ᠡᠨᠡ ᠬᠤᠶᠠᠷ ᠶᠡᠭᠡ ᠶᠠᠪᠤᠳᠠᠯ ᠨᠢ ᠴᠥᠮ ᠥᠪᠥᠷ ᠮᠣᠩᠭᠤᠯ ᠤᠨ ᠨᠤᠲᠤᠭ ᠳᠡᠪᠢᠰᠭᠡᠷ ᠳᠡᠭᠡᠷ᠎ᠡ ᠡᠭᠦᠰᠦᠭᠰᠡᠨ ᠶᠤᠮ᠃ ᠳᠤᠮᠳᠠᠳᠤ ᠤᠯᠤᠰ ᠤᠨ | ᠠᠩᠬᠠᠳᠠᠭᠴᠢ ᠳᠡᠯᠡᠬᠡᠶ ᠶᠢᠨ ᠪᠥᠮᠪᠥᠷᠴᠡᠭ ᠤᠨ ᠬᠢᠮᠡᠯ ᠳᠠᠭᠠᠭᠤᠯᠢ ᠣᠲᠣ ︽ᠳ᠋ᠦᠩ ᠹᠠᠩ ᠬᠤᠩ ᠨᠢᠭᠡᠳᠦᠭᠡᠷ︾ ᠢ ᠥᠪᠥᠷ ᠮᠣᠩᠭᠤᠯ ᠤᠨ ᠡᠵᠡᠨ᠎ᠡ ᠶᠢᠨ | ᠳ᠋ᠦᠩᠹᠤᠩ ᠰᠠᠨᠰᠠᠷ ᠤᠨ ᠬᠤᠲᠠ ︵ᠪᠠᠰᠠ ᠳᠤᠮᠳᠠᠳᠤ ᠤᠯᠤᠰ ᠤᠨ ᠵᠢᠦᠴᠢᠦᠸᠠᠨ ᠤ ᠳᠠᠭᠠᠭᠤᠯᠢ ᠣᠲᠣ ᠬᠠᠷᠪᠤᠬᠤ ᠲᠥᠪ ᠭᠡᠳᠡᠭ︶ ᠠᠴᠠ ᠬᠠᠷᠪᠤᠨ | ᠭᠠᠷᠭᠠᠪᠠ︔ ᠬᠥᠮᠦᠨ ᠲᠥᠷᠥᠯᠬᠢᠲᠡᠨ ᠤ ᠲᠡᠦᠬᠡᠨ ᠲᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠪᠤᠴᠠᠵᠤ ᠢᠷᠡᠭᠰᠡᠨ ᠴᠠᠩ ᠧ | ᠵᠢᠷᠭᠤᠳᠤᠭᠠᠷ ᠤᠨ ᠪᠤᠴᠠᠵᠤ ᠢᠷᠡᠬᠦ ᠪᠠᠭᠠᠵᠢ ᠥᠪᠥᠷ ᠮᠣᠩᠭᠤᠯ ᠤᠨ ᠳᠥᠷᠪᠡᠳ ᠬᠤᠰᠢᠭᠤᠨ ᠳᠤ ᠪᠠᠭᠤᠪᠠ᠃ | ᠰᠠᠨᠰᠠᠷ ᠤᠨ ᠠᠶᠠᠯᠠᠯ ᠤᠨ ᠡᠨᠡ ᠬᠤᠶᠠᠷ ᠶᠡᠭᠡ ᠶᠠᠪᠤᠳᠠᠯ 54 ᠵᠢᠯ ᠠᠯᠤᠰᠯᠠᠪᠠ᠃ ᠦᠨᠡᠨ ᠳᠡᠭᠡᠨ ᠠᠯᠢ ᠡᠷᠲᠡ 68 ᠵᠢᠯ ᠤᠨ ᠡᠮᠦᠨ᠎ᠡ ᠳᠤᠮᠳᠠᠳᠤ | ᠤᠯᠤᠰ ᠤᠨ ᠰᠠᠨᠰᠠᠷ ᠲᠤ ᠳᠡᠭᠦᠯᠢᠬᠦ ᠬᠦᠰᠡᠯ ᠵᠡᠬᠦᠳᠦ ᠶᠢ ᠪᠡᠶᠡᠯᠡᠬᠦᠯᠬᠦ ᠶᠢᠨ ᠲᠥᠯᠥᠭᠡ ᠥᠪᠥᠷ ᠮᠣᠩᠭᠤᠯ ᠤᠨ ᠡᠵᠡᠨ᠎ᠡ ᠶᠢᠨ ᠮᠠᠯᠴᠢᠳ ᠨᠢᠭᠡᠨᠲᠡ ᠭᠠᠵᠠᠷ | ᠨᠤᠲᠤᠭ ᠠᠴᠠ ᠪᠠᠨ ᠨᠡᠭᠦᠴᠢᠭᠡᠭᠰᠡᠨ ᠶᠤᠮ᠃ | ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ 75 ᠵᠢᠯ ᠤᠨ ᠰᠦᠷ ᠳᠠᠯᠠᠶᠢᠴᠠᠲᠠᠢ ᠬᠥᠭᠵᠢᠯᠲᠡ ᠶᠢᠨ ᠲᠡᠦᠬᠡᠨ ᠳᠤ ᠥᠪᠥᠷ ᠮᠣᠩᠭᠤᠯ | ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠲᠠᠢ ᠬᠠᠮᠲᠤ ᠠᠶᠠᠯᠠᠭᠰᠠᠭᠠᠷ ᠢᠷᠡᠵᠠᠢ᠃ | 68 ᠵᠢᠯ᠂ 14 ᠵᠢᠯ ᠳᠤ ᠨᠢᠭᠡ ᠤᠳᠤ ᠠᠴᠠ 1 ᠵᠢᠯ ᠳᠤ 200 ᠭᠠᠷᠤᠢ ᠤᠳᠤ ᠬᠦᠷᠳᠡᠯ᠎ᠡ | 9 ᠰᠠᠷ᠎ᠠ ᠶᠢᠨ 6 ᠤ ᠡᠳᠦᠷ᠂ ᠳ᠋ᠦᠩᠹᠤᠩ ᠰᠠᠨᠰᠠᠷ ᠤᠨ ᠬᠤᠲᠠ ᠠᠴᠠ ᠠᠮᠵᠢᠯᠲᠠ ᠲᠠᠢ ᠪᠠᠷ ᠬᠠᠷᠪᠤᠨ ᠭᠠᠷᠭᠠᠭᠰᠠᠨ ᠳᠠᠬᠢᠨ ᠳᠠᠪᠲᠠᠨ ᠬᠡᠷᠡᠭᠯᠡᠵᠦ | ᠪᠣᠯᠬᠤ ᠲᠤᠷᠰᠢᠯᠲᠠ ᠶᠢᠨ ᠰᠠᠨᠰᠠᠷ ᠤᠨ ᠨᠢᠰᠦᠭᠦᠷ ᠲᠣᠭᠤᠷᠢᠯ ᠵᠠᠮ ᠢᠶᠠᠷ 268 ᠡᠳᠦᠷ ᠨᠢᠰᠦᠭᠰᠡᠨ ᠤ ᠳᠠᠷᠠᠭ᠎ᠠ ᠤᠷᠢᠳᠴᠢᠯᠠᠨ ᠲᠣᠭᠲᠠᠭᠠᠭᠰᠠᠨ | ᠭᠠᠵᠠᠷ ᠲᠠᠭᠠᠨ ᠠᠮᠵᠢᠯᠲᠠ ᠲᠠᠢ ᠪᠤᠴᠠᠵᠤ ᠢᠷᠡᠪᠡ᠃ | 9 ᠰᠠᠷ᠎ᠠ ᠶᠢᠨ 25 ᠤ ᠡᠳᠦᠷ᠂ ᠬᠦᠴᠦᠲᠦ ᠰᠤᠮᠤ ᠨᠢᠭᠡᠳᠦᠭᠡᠷ ᠠᠯᠤᠰ ᠳᠥᠷᠪᠡᠲᠤᠬᠡᠷ ᠨᠡᠷᠡᠮᠵᠢᠲᠦ ᠬᠤᠳᠠᠯᠳᠤᠭᠠᠨ ᠤ ᠬᠥᠯᠭᠡ ᠲᠡᠶᠢᠷᠦᠯᠲᠦ ᠰᠤᠮᠤ ᠶᠢ | ᠳ᠋ᠦᠩᠹᠤᠩ ᠰᠠᠨᠰᠠᠷ ᠤᠨ ᠬᠤᠲᠠ ᠠᠴᠠ ᠬᠠᠷᠪᠤᠨ ᠭᠠᠷᠭᠠᠵᠤ᠂ ᠲᠡᠬᠦᠨ ᠳᠤ ᠠᠴᠢᠶᠠᠯᠠᠭᠰᠠᠨ 5 ᠳᠠᠭᠠᠭᠤᠯᠢ ᠣᠲᠣ ᠶᠢ ᠵᠢᠱᠢᠭᠰᠡᠨ ᠲᠣᠭᠤᠷᠢᠯ ᠵᠠᠮ ᠳᠤ | ᠤᠷᠤᠭᠰᠢᠲᠠᠶ ᠪᠠᠷ ᠣᠷᠣᠭᠤᠯᠵᠠᠢ᠃ | 9 ᠰᠠᠷ᠎ᠠ ᠶᠢᠨ 27 ᠤ ᠡᠳᠦᠷ᠂ ᠳ᠋ᠦᠩᠹᠤᠩ ᠰᠠᠨᠰᠠᠷ ᠤᠨ ᠬᠤᠲᠠ ᠠᠩᠬᠠᠳᠠᠭᠴᠢ ᠳᠠᠬᠢᠨ ᠳᠠᠪᠲᠠᠨ ᠬᠡᠷᠡᠭᠯᠡᠵᠦ ᠪᠣᠯᠬᠤ ᠡᠭᠡᠬᠦ ᠬᠡᠯᠪᠡᠷᠢ ᠶᠢᠨ | ᠮᠡᠷᠭᠡᠵᠢᠯ ᠤᠨ ᠲᠤᠷᠰᠢᠯᠲᠠ ᠶᠢᠨ ᠳᠠᠭᠠᠭᠤᠯᠢ ᠣᠲᠣ — ᠦᠢᠯᠡᠳᠦᠯᠭᠡ ᠠᠷᠪᠠ ᠵᠢᠰᠦᠳᠦᠭᠡᠷ ᠳᠠᠭᠠᠭᠤᠯᠢ ᠣᠲᠣ ᠶᠢ ᠠᠮᠵᠢᠯᠲᠠᠲᠠᠶ ᠬᠠᠷᠪᠤᠪᠠ᠃ | ᠁ | ᠥᠨᠥᠳᠦᠷ ᠲᠠᠭᠠᠭᠤᠯᠢ ᠤᠳᠤᠨ ᠤ ᠬᠠᠷᠪᠤᠯᠲᠠ ᠤᠯᠠᠮ ᠨᠢᠭᠲᠠᠷᠠᠵᠤ᠂ ᠨᠢᠭᠡ ᠰᠤᠮᠤ ᠪᠠᠷ ᠣᠯᠠᠨ ᠲᠠᠭᠠᠭᠤᠯᠢ ᠣᠲᠣ ᠶᠢ ᠬᠠᠷᠪᠤᠬᠤ ᠨᠢ ᠬᠡᠪ ᠤᠨ | ᠪᠠᠶᠢᠳᠠᠯ ᠪᠣᠯᠵᠣ᠂ ᠳᠠᠬᠢᠨ ᠳᠠᠪᠲᠠᠨ ᠬᠡᠷᠡᠭᠯᠡᠭᠳᠡᠬᠦ ᠥᠨᠳᠥᠷ ᠳᠠᠪᠲᠠᠮᠵᠢᠲᠤ ᠦᠭᠡ ᠪᠣᠯᠵᠠᠶ᠃ | 68 ᠵᠢᠯ ᠤᠨ ᠡᠮᠦᠨᠡᠬᠢ 1956 ᠣᠨ ᠳᠤ᠂ ᠳᠤᠮᠳᠠᠳᠤ ᠤᠯᠤᠰ ᠤᠨ ᠠᠩᠬᠠᠳᠠᠭᠴᠢ ᠵᠠᠯᠠᠭᠤᠷᠲᠤ ᠰᠤᠮᠤᠨ ᠤ ᠰᠤᠳᠤᠯᠭᠠᠨ ᠤ ᠪᠠᠶᠢᠭᠤᠯᠤᠮᠵᠢ ᠶᠢᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠲᠠᠪᠤᠳᠤᠭᠠᠷ ᠰᠤᠳᠤᠯᠭᠠᠨ ᠤ ᠬᠦᠷᠢᠶᠡᠯᠡᠩ ᠪᠡᠭᠡᠵᠢᠩ ᠤᠨ ᠪᠠᠷᠠᠭᠤᠨ ᠲᠡᠭᠦᠷᠭᠡ ᠳᠤ ᠪᠠᠶᠢᠭᠤᠯᠤᠭᠳᠠᠪᠠ︔ | 66 ᠵᠢᠯ ᠤᠨ ᠡᠮᠦᠨᠡᠬᠢ 1958 ᠣᠨ ᠳᠤ᠂ ᠡᠨᠡᠬᠦ ᠤᠷᠢᠳ ᠡᠮᠦᠨ᠎ᠡ ᠪᠠᠶᠢᠭ᠎ᠠ ᠦᠭᠡᠢ ᠠᠵᠢᠯ ᠦᠢᠯᠡᠰ ᠥᠪᠥᠷ ᠮᠣᠩᠭᠤᠯ ᠤᠨ ᠡᠵᠡᠨ᠎ᠡ ᠶᠢᠨ ᠥᠷᠭᠡᠨ | ᠠᠭᠤᠳᠠᠮ ᠨᠤᠲᠤᠭ ᠳᠡᠪᠢᠰᠭᠡᠷ ᠲᠤ ᠨᠤᠳᠤᠭᠰᠢᠪᠠ︔ 59 ᠵᠢᠯ ᠤᠨ ᠡᠮᠦᠨᠡᠬᠢ 1965 ᠣᠨ ᠳᠤ᠂ ᠳᠤᠮᠳᠠᠳᠤ ᠤᠯᠤᠰ ᠤᠨ ᠠᠩᠬᠠᠳᠠᠭᠴᠢ ᠬᠠᠲᠠᠭᠤ | ᠪᠡᠶᠡᠲᠦ ᠲᠡᠶᠢᠷᠦᠯᠲᠦ ᠰᠤᠮᠤ ᠶᠢᠨ ᠬᠥᠳᠡᠯᠭᠡᠭᠦᠷ ᠢ ᠰᠤᠳᠤᠯᠤᠨ ᠦᠢᠯᠡᠳᠴᠦ ᠦᠢᠯᠡᠳᠪᠦᠷᠢᠯᠡᠬᠦ ᠰᠠᠭᠤᠷᠢᠨ ᠭᠠᠵᠠᠷ ᠳᠠᠷᠤᠶ ᠣᠲᠣ ᠶᠢᠨ ᠳᠤᠮᠳᠠᠳᠤ | ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ | ᠰᠤᠴᠤᠸᠠᠨ ᠠᠴᠠ ᠥᠪᠥᠷ ᠮᠣᠩᠭᠤᠯ ᠤᠨ ᠬᠥᠬᠡᠬᠤᠲᠠ ᠳᠤ ᠨᠡᠭᠦᠪᠡ︔ 54 ᠵᠢᠯ ᠤᠨ ᠡᠮᠦᠨᠡᠬᠢ 1970 ᠣᠨ ᠳᠤ᠂ ᠳᠤᠮᠳᠠᠳᠤ ᠤᠯᠤᠰ ᠤᠨ | ᠠᠩᠬᠠᠳᠠᠭᠴᠢ ᠬᠢᠮᠡᠯ ᠳᠠᠭᠠᠭᠤᠯᠢ ᠤᠳᠤ ︽ᠳ᠋ᠦᠩ ᠹᠠᠩ ᠬᠤᠩ ᠨᠢᠭᠡᠳᠦᠭᠡᠷ︾ ᠳ᠋ᠦᠩᠹᠤᠩ ᠰᠠᠨᠰᠠᠷ ᠤᠨ ᠠᠶᠠᠯᠠᠯ ᠤᠨ ᠬᠤᠳᠠ ᠠᠴᠠ ᠣᠭᠲᠠᠷᠭᠤᠢ ᠳᠤ | ᠲᠡᠬᠦᠯᠢᠪᠡ᠃ ᠨᠢᠭᠡ ᠬᠢᠮᠡᠯ ᠲᠠᠭᠠᠭᠤᠯᠢ ᠣᠳᠣ ᠶᠢ ᠣᠭᠲᠠᠷᠭᠤᠶ ᠳᠤ ᠭᠠᠷᠭᠠᠬᠤ ᠳᠤ 14 ᠵᠢᠯ ᠤᠨ ᠬᠤᠭᠤᠴᠠᠭ᠎ᠠ ᠶᠢ ᠬᠡᠷᠡᠭᠰᠡᠯᠡ᠃ | ᠣᠳᠣ ᠵᠢᠯ ᠳᠤ ᠬᠡᠳᠦᠨ ᠠᠷᠪᠠᠨ ᠤᠳᠠᠭ᠎ᠠ ᠬᠠᠷᠪᠤᠬᠤ ᠨᠢ ᠨᠢᠭᠡᠨᠲᠡ ᠬᠡᠪ ᠤᠨ ᠪᠠᠶᠢᠳᠠᠯ ᠪᠣᠯᠵᠤ᠂ ᠵᠢᠯ ᠪᠦᠷᠢ ᠶᠢᠨ ᠬᠠᠷᠪᠤᠬᠤ ᠰᠠᠨᠰᠠᠷ ᠤᠨ ᠨᠢᠰᠦᠭᠦᠷ ᠨᠢ | ᠬᠡᠳᠦᠨ ᠵᠠᠭᠤ ᠳᠤ ᠬᠦᠷᠴᠦ ᠪᠠᠶᠢᠨ᠎ᠠ᠃ | 2023 ᠣᠨ ᠳᠤ᠂ ᠮᠠᠨ ᠤ ᠤᠯᠤᠰ 70 ᠰᠢᠬᠠᠮ ᠤᠳᠠᠭ᠎ᠠ ᠶᠢᠨ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠡᠭᠦᠷᠭᠡ ᠶᠢ ᠠᠮᠵᠢᠯᠲᠠ ᠲᠠᠢ | ᠪᠡᠶᠡᠯᠡᠭᠦᠯᠵᠦ᠂ 200 ᠭᠠᠷᠤᠢ ᠰᠠᠨᠰᠠᠷ ᠤᠨ ᠨᠢᠰᠦᠭᠦᠷ ᠢ ᠬᠠᠷᠪᠤᠭᠰᠠᠨ ᠪᠥᠭᠡᠳ ᠨᠢᠭᠡ ᠰᠤᠮᠤ ᠪᠠᠷ 26 ᠲᠠᠭᠠᠭᠤᠯᠢ ᠤᠳᠤ ᠪᠠ 41 ᠲᠠᠭᠠᠭᠤᠯᠢ | ᠤᠳᠤ ᠶᠢ ᠬᠠᠷᠪᠤᠵᠤ᠂ ᠨᠢᠭᠡ ᠰᠤᠮᠤ ᠪᠠᠷ ᠤᠯᠠᠨ ᠤᠳᠤ ᠶᠢ ᠬᠠᠷᠪᠤᠭᠰᠠᠨ ᠲᠡᠮᠳᠡᠭᠯᠡᠯ ᠢ ᠬᠤᠶᠠᠷᠳᠠ ᠰᠢᠨᠡᠳᠭᠡᠪᠡ᠃ ᠡᠭᠦᠨ ᠤ ᠬᠠᠮᠲᠤ᠂ 2023 ᠣᠨ ᠳᠤ | ᠴᠠᠩ ᠵᠧᠩ ᠰᠢᠷᠢᠰ ᠲᠡᠮᠳᠡᠭᠳᠦ ᠬᠥᠯᠭᠡ ᠲᠡᠶᠢᠷᠦᠯᠳᠦ ᠰᠤᠮᠤ ᠶᠢ 500 ᠳ᠋ᠤᠭᠠᠷ ᠤᠳᠠᠭ᠎ᠠ ᠬᠠᠷᠪᠤᠵᠠᠢ᠃ 1970 ᠣᠨ ᠤ 4 ᠰᠠᠷ᠎ᠠ ᠶᠢᠨ 24 ᠤ ᠡᠳᠦᠷ | ᠴᠠᠩ ᠵᠧᠩ ᠨᠢᠭᠡᠳᠦᠭᠡᠷ ᠬᠥᠯᠭᠡ ᠲᠡᠶᠢᠷᠦᠯᠳᠦ ᠰᠤᠮᠤ ᠳ᠋ᠦᠩᠹᠤᠩ ᠰᠠᠨᠰᠠᠷ ᠤᠨ ᠬᠤᠳᠠ ᠠᠴᠠ ᠠᠩᠬ᠎ᠠ ᠤᠳᠠᠭ᠎ᠠ ᠨᠢᠰᠴᠦ ᠳ᠋ᠦᠩ ᠹᠠᠩ ᠬᠤᠩ ᠨᠢᠭᠡᠳᠦᠭᠡᠷ | ᠳᠠᠭᠠᠭᠤᠯᠢ ᠤᠳᠤ ᠶᠢ ᠰᠠᠨᠰᠠᠷ ᠲᠤ ᠬᠦᠷᠭᠡᠭᠰᠡᠨ ᠠᠴᠠ ᠴᠠᠩ ᠵᠧᠩ ᠰᠢᠷᠢᠰ ᠲᠡᠶᠢᠷᠦᠯᠳᠦ ᠰᠤᠮᠤ ᠶᠢ ᠵᠠᠭᠤᠳᠡᠬᠢ ᠤᠳᠠᠭ᠎ᠠ ᠬᠠᠷᠪᠤᠬᠤ ᠳᠤ 37 ᠵᠢᠯ ᠤᠨ | ᠴᠠᠭ ᠬᠡᠷᠡᠭᠰᠡᠵᠡᠢ︔ ᠨᠢᠭᠡᠳᠦᠭᠡᠷ ᠵᠠᠭᠤᠳᠡᠬᠢ ᠤᠳᠠᠭᠠᠨ ᠤ ᠬᠠᠷᠪᠤᠯᠲᠠ ᠠᠴᠠ ᠬᠤᠶᠠᠳᠤᠭᠠᠷ ᠵᠠᠭᠤᠳᠡᠬᠢ ᠤᠳᠠᠭᠠᠨ ᠤ ᠬᠠᠷᠪᠤᠯᠲᠠ ᠪᠣᠯᠲᠠᠯ᠎ᠠ 7 ᠵᠢᠯ | ᠭᠠᠷᠤᠶ ᠶᠢᠨ ᠴᠠᠭ ᠬᠡᠷᠡᠭᠰᠡᠪᠡ︔ ᠭᠤᠷᠪᠠᠳᠤᠭᠠᠷ ᠵᠠᠭᠤᠳᠡᠬᠢ ᠤᠳᠠᠭᠠᠨ ᠤ ᠬᠠᠷᠪᠤᠯᠲᠠ ᠶᠢ ᠪᠡᠶᠡᠯᠡᠭᠦᠯᠬᠦ ᠳᠤ 4 ᠵᠢᠯ ᠭᠠᠷᠤᠶ ᠴᠠᠭ ᠬᠡᠷᠡᠭᠰᠡᠵᠦ᠂ | ᠳᠥᠷᠪᠡᠳᠦᠭᠡᠷ ᠵᠠᠭᠤᠳᠡᠬᠢ ᠤᠳᠠᠭ᠎ᠠ ᠬᠠᠷᠪᠤᠬᠤ ᠳᠤ 2 ᠵᠢᠯ ᠤᠨ ᠭᠠᠳᠠᠨ᠎ᠠ 9 ᠰᠠᠷ᠎ᠠ ᠬᠡᠷᠡᠭᠯᠡᠵᠦ᠂ ᠲᠠᠪᠤᠳᠤᠭᠠᠷ ᠵᠠᠭᠤᠳᠡᠬᠢ ᠤᠳᠠᠭᠠᠨ ᠤ ᠬᠠᠷᠪᠤᠯᠲᠠ ᠶᠢ | ᠪᠡᠶᠡᠯᠡᠭᠦᠯᠬᠦ ᠳᠤ ᠬᠤᠶᠠᠷᠬᠠᠨ ᠵᠢᠯ ᠬᠡᠷᠡᠭᠰᠡᠵᠡᠶ᠃ | 60 ᠭᠠᠷᠤᠢ ᠵᠢᠯ ᠤᠨ ᠲᠤᠷᠰᠢ᠂ ᠬᠡᠳᠦᠨ ᠵᠠᠭᠤᠨ ᠳᠠᠭᠠᠭᠤᠯᠢ ᠤᠳᠤ᠂ 18 ᠬᠤᠪᠢᠯᠭᠠᠨ ᠣᠩᠭᠤᠴᠠ ᠨᠢᠰᠭᠦ ᠣᠩᠭᠤᠴᠠ᠂ 1 ᠬᠠᠷᠠᠯᠲᠠᠲᠤ ᠨᠢᠰᠦᠭᠦᠷ᠂ | 1 ᠣᠭᠲᠠᠷᠭᠤᠢ ᠶᠢᠨ ᠲᠤᠷᠰᠢᠯᠲᠠ ᠶᠢᠨ ᠲᠠᠰᠤᠭ ᠢ ᠳ᠋ᠦᠩᠹᠤᠩ ᠰᠠᠨᠰᠠᠷ ᠤᠨ ᠬᠤᠳᠠ ᠠᠴᠠ ᠠᠮᠵᠢᠯᠲᠠ ᠲᠠᠢ ᠬᠠᠷᠪᠤᠨ ᠭᠠᠷᠭᠠᠵᠤ᠂ 17 ᠬᠤᠪᠢᠯᠭᠠᠨ | ᠣᠩᠭᠤᠴᠠ ᠨᠢᠰᠭᠦ ᠣᠩᠭᠤᠴᠠ᠂ ᠦᠢᠯᠡᠳᠦᠯᠭᠡ ᠠᠷᠪᠠᠳᠤᠭᠠᠷ ᠵᠡᠷᠭᠡ ᠳᠠᠭᠠᠭᠤᠯᠢ ᠤᠳᠤ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠭᠤᠷᠪᠠᠳᠤᠭᠠᠷ | ᠬᠤᠭᠤᠴᠠᠭᠠᠨ ᠤ ᠨᠢᠰᠦᠯᠲᠡ ᠶᠢᠨ ᠲᠤᠷᠰᠢᠯᠲᠠ ᠶᠢᠨ ᠮᠠᠰᠢᠨ ᠳᠤ ᠲᠠᠬᠢᠨ ᠣᠷᠣᠵᠤ᠂ ᠴᠠᠩ ᠧ ᠲᠠᠪᠤᠳᠤᠭᠠᠷ᠂ ᠴᠠᠩ ᠧ ᠵᠢᠷᠭᠤᠳᠤᠭᠠᠷ ᠵᠡᠷᠭᠡ ᠰᠠᠷᠠᠨ | ᠪᠥᠮᠪᠥᠷᠴᠡᠭ ᠢ ᠬᠠᠶᠢᠨ ᠰᠢᠨᠵᠢᠯᠡᠬᠦ ᠨᠢᠰᠦᠭᠦᠷ ᠴᠥᠮ ᠥᠪᠥᠷ ᠮᠣᠩᠭᠤᠯ ᠤᠨ ᠳᠤᠮᠳᠠ ᠬᠡᠰᠡᠭ ᠤᠨ ᠲᠠᠯ᠎ᠠ ᠨᠤᠲᠤᠭ ᠪᠤᠶᠤ ᠥᠪᠥᠷ ᠮᠣᠩᠭᠤᠯ ᠤᠨ ᠪᠠᠷᠠᠭᠤᠨ | ᠬᠡᠰᠡᠭ ᠲᠤ ᠪᠠᠶᠢᠷᠢᠯᠠᠵᠤ ᠪᠠᠶᠢᠭ᠎ᠠ ᠳ᠋ᠦᠩᠹᠤᠩ ᠤᠨ ᠡᠭᠡ ᠭᠠᠵᠠᠷ ᠲᠤ ᠪᠠᠭᠤᠵᠠᠢ᠃ | ᠰᠢᠨ᠎ᠡ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠲᠡᠦᠬᠡᠨ ᠲᠡᠭᠡᠷ᠎ᠡ ᠥᠪᠥᠷ ᠮᠣᠩᠭᠤᠯ ᠵᠠᠮ ᠲᠤᠷᠰᠢ ᠠᠶᠠᠯᠠᠯ ᠢ ᠬᠠᠮᠠᠭᠠᠯᠠᠭᠰᠠᠨ ᠪᠥᠭᠡᠳ ᠢᠮᠠᠭᠲᠠ | ᠣᠷᠣᠯᠴᠠᠵᠠᠢ᠃ | 30 ᠭᠠᠷᠤᠢ ᠵᠢᠯ᠂ ᠳᠤᠮᠳᠠᠳᠤ ᠤᠯᠤᠰ ᠤᠨ ᠬᠥᠮᠦᠨ ᠢ ᠰᠠᠨᠰᠠᠷ ᠲᠤ ᠬᠦᠷᠭᠡᠬᠦ ᠠᠴᠠ ᠳᠤᠮᠳᠠᠳᠤ ᠤᠯᠤᠰ ᠤᠨ ᠬᠥᠮᠦᠨ ᠰᠠᠨᠰᠠᠷ ᠲᠤ ᠪᠠᠶᠢᠩᠭᠤ | ᠰᠠᠭᠤᠬᠤ ᠬᠦᠷᠲᠡᠯ᠎ᠡ | 2024 ᠣᠨ ᠤ 9 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠢᠷᠭᠢᠶ᠎ᠡ ᠶᠢᠨ | ᠨᠡᠶᠢᠲᠡ ᠶᠢᠨ ᠳᠠᠪᠴᠠᠩ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠬᠡᠪᠯᠡᠯ ᠤᠨ 10 ᠰᠠᠷ᠎ᠠ ᠶᠢᠨ ᠤᠯᠠᠷᠢᠯ ᠤᠨ ᠪᠢᠴᠢᠭ ᠢ ᠨᠡᠶᠢᠲᠡᠯᠡᠵᠦ᠂ ᠠᠳᠠᠯᠢ | ᠪᠤᠰᠤ ᠦᠡᠭᠭᠡ ᠪᠠᠷ ᠠᠳᠠᠯᠢ ᠪᠤᠰᠤ ᠭᠤᠣᠯᠳᠠᠯᠭ᠎ᠠ ᠶᠢ ᠲᠣᠳᠣᠷᠬᠠᠶᠢᠯᠠᠪᠠ᠃ | 1999 ᠣᠨ ᠤ ᠬᠤᠪᠢᠯᠭᠠᠨ ᠣᠩᠭᠤᠴᠠ ᠨᠢᠭᠡᠳᠦᠭᠡᠷ ᠨᠢᠰᠭᠦ ᠣᠩᠭᠤᠴᠠ ᠠᠴᠠ ᠡᠬᠢᠯᠡᠨ ᠥᠪᠥᠷ ᠮᠣᠩᠭᠤᠯ ᠤᠨ ᠬᠢᠯᠢ ᠶᠢᠨ ᠪᠠᠶᠢᠴᠠᠭᠠᠯᠲᠠ ᠶᠢᠨ | ᠶᠡᠷᠦᠩᠬᠡᠶ ᠥᠷᠲᠡᠭᠡ ᠶᠢᠨ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠨᠡᠶᠢᠲᠡ 18 ᠤᠳᠠᠭᠠᠨ ᠤ ᠨᠢᠰᠭᠦ ᠣᠩᠭᠤᠴᠠ ᠶᠢ ᠬᠠᠷᠪᠤᠬᠤ | ᠭᠠᠳᠠᠷ ᠬᠦᠷᠢᠶᠡᠨ ᠤ ᠠᠮᠤᠷ ᠢ ᠬᠠᠮᠠᠭᠠᠯᠠᠬᠤ ᠡᠭᠦᠷᠭᠡ ᠶᠢ ᠡᠭᠦᠷᠭᠡᠯᠡᠵᠤ᠂ ᠬᠤᠪᠢᠯᠭᠠᠨ ᠤᠩᠭᠤᠴᠠ ᠠᠷᠪᠠᠨ ᠬᠤᠶᠠᠳᠤᠭᠠᠷ ᠠᠴᠠ ᠬᠤᠪᠢᠯᠭᠠᠨ ᠤᠩᠭᠤᠴᠠ | ᠠᠷᠪᠠᠨ ᠲᠤᠯᠤᠳᠤᠭᠠᠷ ᠬᠦᠷᠳᠡᠯ᠎ᠠ 6 ᠤᠳᠠᠭᠠᠨ ᠤ ᠬᠤᠪᠢᠯᠭᠠᠨ ᠤᠩᠭᠤᠴᠠ ᠶᠢ ᠬᠤᠷᠢᠶᠠᠨ ᠠᠪᠬᠤ ᠡᠬᠦᠷᠭᠡ ᠶᠢ ᠬᠠᠷᠢᠭᠤᠴᠠᠪᠠ᠃ ᠲᠡᠳᠡ ᠨᠠᠷ ᠲᠠᠢ | ᠠᠳᠠᠯᠢ ᠪᠠᠷ ︽ᠬᠤᠪᠢᠯᠭᠠᠨ ᠤᠡᠭᠭᠤᠴᠠ ᠠᠷᠪᠠ ᠵᠢᠰᠦᠳᠦᠭᠡᠷ︾ ᠤᠨ ᠬᠠᠷᠪᠤᠯᠲᠠ ᠪᠠ ︽ᠬᠤᠪᠢᠯᠭᠠᠨ ᠤᠡᠭᠭᠤᠴᠠ ᠠᠷᠪᠠᠠ ᠨᠠᠢᠮᠠᠳᠤᠭᠠᠷ︾ ᠤᠨ ᠪᠤᠴᠠᠬᠤ | ᠠᠶᠠᠯᠠᠯ ᠢ ᠬᠠᠮᠠᠭᠠᠯᠠᠬᠤ ᠪᠠᠷ ᠪᠡᠯᠡᠳᠭᠡᠵᠦ ᠪᠠᠶᠢᠭ᠎ᠠ ᠨᠢ ᠪᠠᠰᠠ ᠡᠵᠡᠨ᠎ᠡ ᠶᠢᠨ ᠡᠯ᠎ᠡ ᠬᠠᠮᠢᠶ᠎ᠠ ᠪᠦᠬᠦᠢ ᠨᠢᠭᠡᠴᠢ ᠵᠢᠴᠢ ᠡᠷᠭᠢᠨ ᠲᠣᠭᠤᠷᠢᠨ ᠤ ᠬᠤᠰᠢᠭᠤ | ᠰᠢᠶᠠᠨ ᠤ ᠬᠠᠮᠢᠶ᠎ᠠ ᠪᠦᠬᠦᠢ ᠨᠢᠭᠡᠴᠢ ᠪᠣᠯᠤᠨ᠎ᠠ᠃ | 1992 ᠣᠨ ᠳᠤ᠂ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠲᠦᠷᠦᠯ ᠵᠦᠢᠯ | ᠪᠠᠶᠢᠭᠤᠯᠤᠭᠳᠠᠪᠠ᠃ 32 ᠵᠢᠯ ᠤᠨ ᠲᠤᠷᠰᠢ ᠬᠥᠮᠦᠨ ᠥᠬᠡᠶ ᠪᠠᠶᠢᠭᠰᠠᠨ ᠠᠴᠠ ᠪᠠᠨ ᠬᠥᠮᠦᠨ ᠲᠠᠢ ᠪᠠᠶᠢᠬᠤ ᠪᠣᠯᠵᠣ᠂ ᠨᠢᠭᠡ ᠬᠥᠮᠦᠨ ᠨᠢᠭᠡ ᠡᠳᠦᠷ | ᠪᠠᠶᠢᠭᠰᠠᠨ ᠠᠴᠠ ᠣᠯᠠᠨ ᠬᠥᠮᠦᠨ ᠣᠯᠠᠨ ᠡᠳᠦᠷ᠂ ᠣᠬᠤᠷ ᠬᠤᠭᠤᠴᠠᠭ᠎ᠠ ᠪᠠᠷ ᠰᠠᠭᠤᠬᠤ ᠠᠴᠠ ᠳᠤᠮᠳᠠ ᠬᠤᠭᠤᠴᠠᠭ᠎ᠠ᠂ ᠣᠷᠳᠣ ᠬᠤᠭᠤᠴᠠᠭ᠎ᠠ ᠪᠠᠷ | ᠰᠠᠭᠤᠬᠤ ᠬᠦᠷᠲᠡᠯ᠎ᠡ᠂ ᠨᠢᠭᠡᠳᠦᠭᠡᠷ ᠤᠳᠠᠭ᠎ᠠ ᠶᠢᠨ ︽ᠰᠠᠨᠰᠠᠷ ᠲᠠᠬᠢ ᠠᠭᠤᠯᠵᠠᠯᠲᠠ︾ ᠠᠴᠠ ᠠᠭᠤᠯᠵᠠᠵᠤ ᠠᠵᠢᠯ ᠢᠶᠠᠨ ᠲᠤᠰᠢᠶᠠᠬᠤ ᠪᠠ ᠭᠥᠯᠢᠶᠡᠨ ᠠᠪᠬᠤ | ᠬᠦᠷᠲᠡᠯ᠎ᠡ᠂ ᠬᠡᠷᠡᠭᠯᠡᠭᠡᠨ ᠤ ᠴᠢᠨᠠᠷᠲᠠᠶ ᠨᠢᠰᠦᠯᠲᠡ ᠠᠴᠠ ︽ᠰᠠᠨᠰᠠᠷ ᠤᠨ ᠡᠭᠡᠯᠵᠢ ᠶᠢᠨ ᠲᠡᠷᠭᠡ︾ ᠬᠦᠷᠲᠡᠯ᠎ᠡ᠂ ᠰᠠᠨᠰᠠᠷᠴᠢᠨ ᠤ ᠰᠠᠭᠤᠬᠤ ᠥᠷᠥᠭᠡ ᠨᠢ ︽ | ᠨᠢᠭᠡ ᠥᠷᠥᠭᠡ︾ ᠠᠴᠠ ︽ᠬᠤᠶᠠᠷ ᠥᠷᠥᠭᠡ︾᠂ ᠳᠠᠬᠢᠭᠠᠳ ︽ᠭᠤᠷᠪᠠᠨ ᠥᠷᠥᠭᠡ ᠬᠤᠶᠠᠷ ᠲᠢᠩᠬᠢᠮ︾ ᠬᠦᠷᠲᠡᠯ᠎ᠡ᠂ ᠰᠠᠨᠰᠠᠷᠴᠢᠨ ᠤ ᠢᠳᠡᠵᠦ | ᠤᠤᠭᠤᠬᠤ ᠢᠳᠡᠭᠡᠨ ᠤ ᠲᠦᠷᠦᠯ 7 ᠡᠳᠦᠷ ᠲᠧ ᠲᠠᠪᠬᠤᠴᠠᠬᠤ ᠦᠭᠡᠢ ᠪᠠᠶᠢᠬᠤ ᠶᠢ ᠪᠡᠶᠡᠯᠡᠬᠦᠯᠵᠦ᠂ ᠮᠠᠨ ᠤ ᠤᠯᠤᠰ ᠤᠨ ᠰᠠᠨᠰᠠᠷᠴᠢᠨ ᠰᠠᠨᠰᠠᠷ ᠤᠨ | ᠦᠷᠳᠡᠭᠡ ᠳᠤ ᠬᠠᠭᠠᠰ ᠵᠢᠯ ᠢᠶᠠᠷ ᠠᠮᠢᠳᠤᠷᠠᠵᠤ ᠲᠡᠶᠢᠯᠬᠦ ᠪᠤᠯᠵᠠᠢ᠃ ᠰᠠᠨᠰᠠᠷᠴᠢᠨ ᠳᠤ ᠰᠠᠨᠰᠠᠷ ᠤᠨ ᠠᠶᠠᠯᠠᠯ ᠤᠨ ᠵᠢᠯᠣᠭᠤᠴᠢ᠂ ᠰᠠᠨᠰᠠᠷ ᠤᠨ ᠨᠢᠰᠦᠯᠲᠡ ᠶᠢᠨ | ᠢᠨᠵᠧᠨᠧᠷ ᠪᠣᠯᠤᠨ ᠠᠴᠢᠶᠠᠯᠠᠪᠤᠷᠢ ᠶᠢᠨ ᠲᠤᠰᠬᠠᠢ ᠮᠡᠷᠭᠡᠵᠢᠯᠲᠡᠨ ᠵᠡᠷᠭᠡ ᠪᠠᠶᠢᠵᠤ᠂ ᠤᠯᠤᠰ ᠤᠨ ᠲᠡᠰ ᠤᠨ ᠰᠠᠨᠰᠠᠷ ᠤᠨ ᠲᠤᠷᠰᠢᠯᠲᠠ ᠶᠢᠨ ᠲᠠᠰᠤᠭ ᠤᠨ | ᠳᠤᠮᠳᠠᠳᠤ ᠤᠯᠤᠰ ᠤᠨ ᠰᠠᠨᠰᠠᠷ ᠤᠨ ᠦᠷᠳᠡᠭᠡ ᠨᠢᠭᠡᠨᠲᠡ ᠲᠣᠭᠤᠷᠢᠯᠲᠠ ᠶᠢᠨ ᠵᠠᠮ ᠳᠤ ᠪᠠᠨ ᠤᠷᠤᠵᠤ᠂ 100 ᠭᠠᠷᠤᠢ ᠰᠠᠨᠰᠠᠷ ᠤᠨ ᠰᠢᠨᠵᠢᠯᠡᠬᠦ | ᠤᠬᠠᠭᠠᠨ ᠤ ᠰᠤᠳᠤᠯᠭᠠᠨ ᠪᠣᠯᠤᠨ ᠬᠡᠷᠡᠭᠯᠡᠭᠡᠨ ᠤ ᠲᠦᠷᠦᠯ ᠵᠦᠢᠯ ᠢ ᠬᠡᠷᠡᠭᠵᠢᠭᠦᠯᠵᠦ᠂ 4000 ᠭᠠᠷᠤᠢ ᠵᠦᠢᠯ ᠤᠨ ᠦᠷ᠎ᠡ ᠪᠦᠲᠦᠭᠡᠯ ᠢ ᠡᠯ᠎ᠡ ᠠᠵᠢᠯ | ᠲᠦᠷᠦᠯ ᠳᠤ ᠥᠷᠭᠡᠨ ᠢᠶᠠᠷ ᠬᠡᠷᠡᠭᠯᠡᠬᠦ ᠪᠤᠯᠪᠠ᠃ | ᠥᠪᠥᠷ ᠮᠣᠩᠭᠤᠯ ᠳᠤ᠂ ᠮᠧᠩ ᠼᠤᠤ ᠪᠦᠯᠦᠭᠯᠡᠯ ᠤᠨ ᠰᠢᠨ᠎ᠡ ᠶᠢ ᠡᠭᠦᠳᠬᠦ ᠡᠭᠦᠯᠳᠡᠷ ᠪᠤᠶᠢᠵᠢᠭᠤᠯᠬᠤ ᠰᠤᠳᠤᠯᠭᠠᠨ ᠤ ᠬᠦᠷᠢᠶᠡᠯᠡᠩ ᠤᠨ ᠡᠪᠡᠰᠦᠨ | ᠦᠷ᠎ᠡ ᠶᠢᠨ ᠵᠠᠷᠢᠮ ᠨᠢ ᠰᠠᠨᠰᠠᠷ ᠤᠨ ᠡᠪᠡᠰᠦᠨ ᠦᠷ᠎ᠡ ᠪᠣᠯᠤᠨ᠎ᠠ᠃ ᠬᠠᠮᠢᠶ᠎ᠠ ᠪᠥᠬᠦᠶ ᠬᠥᠮᠦᠰ ᠤᠨ ᠲᠠᠨᠢᠯᠴᠠᠭᠤᠯᠤᠭᠰᠠᠨ ᠢᠶᠠᠷ᠂ ᠨᠢᠰᠭᠦ ᠣᠩᠭᠤᠴᠠ ᠪᠠᠷ | ᠠᠴᠢᠶᠠᠯᠠᠵᠤ ᠢᠷᠡᠭᠰᠡᠨ ᠡᠪᠡᠰᠦ ᠭᠠᠩ ᠬᠠᠭᠰᠠᠷᠠᠭᠠᠨ᠋ ᠪᠠ ᠬᠦᠢᠲᠡᠨ ᠳᠤ ᠲᠠᠭᠠᠭᠠᠴᠠᠳᠠᠢ ᠪᠥᠭᠡᠳ ᠪᠤᠳᠠᠯᠢᠭ ᠤᠷᠭᠤᠵᠤ᠂ ᠤᠨᠠᠯᠲᠠ ᠨᠢ ᠨᠡᠯᠢᠶᠡᠳ ᠥᠨᠳᠥᠷ | ᠪᠠᠶᠢᠳᠠᠬ᠃ | ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠣᠳᠣᠬᠠᠨ ᠳᠤ ᠨᠢᠭᠡᠨᠲᠡ ︽ᠨᠢᠭᠡ ᠵᠢᠯ ᠳᠤ ᠬᠤᠶᠠᠷ ᠣᠩᠭᠤᠴᠠ | ᠬᠠᠷᠪᠤᠬᠤ︾ ᠪᠠᠶᠢᠩᠭᠤ ᠶᠢᠨ ᠬᠠᠷᠪᠤᠯᠲᠠ ᠶᠢᠨ ᠵᠠᠭᠪᠤᠷ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠰᠠᠨᠰᠠᠷ ᠤᠨ ᠦᠷᠳᠡᠭᠡ ᠲᠠᠩ ᠰᠢᠨᠵᠢᠯᠡᠭᠡᠨ ᠤ | ᠰᠠᠯᠠᠭ᠎ᠠ ᠪᠤᠶᠤ ᠤᠯᠠᠨ ᠰᠢᠨᠵᠢᠯᠡᠭᠡᠨ ᠤ ᠰᠠᠯᠠᠭ᠎ᠠ ᠰᠣᠯᠪᠢᠴᠠᠭᠰᠠᠨ ᠰᠠᠨᠰᠠᠷ ᠤᠨ ᠰᠢᠨᠵᠢᠯᠡᠬᠦ ᠤᠬᠠᠭᠠᠨ ᠤ ᠲᠤᠷᠰᠢᠯᠲᠠ ᠬᠢᠬᠦ ᠶᠢ ᠳᠡᠮᠵᠢᠵᠦ᠂ ᠪᠦᠬᠦᠯᠢ | ᠴᠣᠭᠴᠠ ᠪᠠᠷ ᠢᠶᠠᠨ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ᠃ ︽ᠲᠩᠷᠢ ᠶᠢᠨ ᠣᠷᠳᠣᠨ ᠤ ᠬᠢᠴᠢᠶᠡᠯ ᠤᠨ ᠲᠠᠩᠬᠢᠮ︾ ᠴᠦ ᠤᠯᠠᠮ | ᠪᠠᠶᠠᠯᠢᠬᠵᠢᠪᠠ᠃ | 2024 ᠣᠨ ᠳᠤ᠂ ᠶᠠᠩ ᠯᠢ ᠸᠧᠢ ᠡᠵᠡᠨ᠎ᠡ ᠬᠤᠰᠢᠭᠤᠨ ᠤ ᠪᠢᠴᠢᠬᠠᠨ ᠨᠠᠶᠢᠵᠠ ᠨᠠᠷ ᠲᠤ ᠲᠤᠬᠠᠢ ᠶᠢᠨ ᠵᠢᠯ ᠤᠨ ᠬᠥᠮᠦᠨ ᠰᠠᠭᠤᠯᠭᠠᠭᠰᠠᠨ ᠨᠢᠰᠬᠦ | ᠤᠩᠭᠤᠴᠠ ᠶᠢᠨ ᠨᠢᠰᠦᠯᠲᠡ ᠶᠢᠨ ᠡᠭᠦᠷᠭᠡ ᠶᠢ ᠭᠦᠢᠴᠡᠳᠭᠡᠬᠦ ᠦᠶ᠎ᠡ ᠶᠢᠨ ᠪᠠᠶᠢᠳᠠᠯ ᠢ ᠡᠷᠬᠢᠴᠡᠬᠦᠯᠦᠨ ᠥᠭᠴᠦ᠂ ᠬᠤᠶᠢᠴᠢ ᠦᠶ᠎ᠡ ᠶᠢᠨ ︽ᠤᠳᠤ | ᠲᠡᠭᠦᠭᠴᠢ︾ ᠶᠢ ᠬᠥᠮᠦᠵᠢᠭᠦᠯᠪᠡ᠃ ᠶᠠᠩ ᠯᠢ ᠸᠧᠶ ᠶᠢᠨ ︽ᠰᠠᠨᠰᠠᠷ ᠲᠠᠬᠢ ᠨᠢᠭᠡ ᠡᠳᠦᠷ︾ ᠭᠡᠬᠦ ᠵᠣᠬᠢᠶᠠᠯ ᠨᠢ ᠣᠳᠣ ᠨᠢᠭᠡᠨᠲᠡ ᠪᠠᠭ᠎ᠠ ᠰᠤᠷᠭᠠᠭᠤᠯᠢ ᠶᠢᠨ | ᠬᠢᠴᠢᠶᠡᠯ ᠤᠨ ᠪᠢᠴᠢᠭ ᠲᠤ ᠣᠷᠣᠵᠠᠶ᠃ | 32 ᠵᠢᠯ ᠤᠨ ᠬᠤᠭᠤᠷᠣᠨᠳᠣ᠂ ᠠᠩᠬ᠎ᠠ ᠤᠳᠠᠭ᠎ᠠ ᠰᠠᠨᠰᠠᠷ ᠲᠤ ᠭᠠᠷᠤᠭᠰᠠᠨ ᠠᠴᠠ ᠰᠠᠨᠰᠠᠷ ᠤᠨ ᠦᠷᠳᠡᠭᠡ ᠶᠢᠨ ᠴᠠᠭ ᠦᠶ᠎ᠡ ᠳᠤ ᠣᠷᠣᠵᠤ᠂ ᠮᠠᠨ ᠤ | ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠃ | 2008 ᠣᠨ ᠤ 9 ᠰᠠᠷ᠎ᠠ ᠶᠢᠨ 28 ᠤ ᠦᠳᠡ ᠶᠢᠨ ᠬᠤᠶᠢᠨᠠᠬᠢ 17 ᠴᠠᠭ 37 ᠮᠢᠨᠦ᠋ᠲ ᠲᠤ᠂ ᠠᠩᠬ᠎ᠠ ᠤᠳᠠᠭ᠎ᠠ ᠭᠤᠷᠪᠠᠨ ᠬᠥᠮᠦᠨ | ᠰᠠᠭᠤᠯᠭᠠᠭᠰᠠᠨ ︽ᠬᠤᠪᠢᠯᠭᠠᠨ ᠤᠩᠭᠤᠴᠠ ᠳᠣᠯᠣᠳᠤᠭᠠᠷ︾ ᠤᠨ ᠪᠤᠴᠠᠬᠤ ᠥᠷᠥᠭᠡ ᠲᠠᠯ᠎ᠠ ᠨᠤᠲᠤᠭ ᠲᠤ ᠠᠮᠵᠢᠯᠳᠠ ᠲᠠᠢ ᠪᠠᠭᠤᠪᠠ᠃ ᠲᠤᠰᠬᠠᠶ | ᠮᠡᠷᠭᠡᠵᠢᠯ ᠤᠨ ᠬᠠᠶᠢᠨ ᠠᠪᠤᠷᠠᠬᠤ ᠠᠩᠭᠢ ᠲᠠᠢ ᠬᠠᠮᠵᠢᠯᠴᠠᠨ ᠬᠠᠮᠢᠶ᠎ᠠ ᠪᠦᠬᠦᠢ ᠭᠠᠵᠠᠷ ᠣᠷᠣᠨ ᠤ ᠬᠢᠨ 2100 ᠭᠠᠷᠤᠶ ᠬᠥᠮᠦᠨ ᠢᠶᠠᠷ ᠪᠦᠷᠢᠯᠳᠦᠭᠰᠡᠨ | ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠬᠥᠮᠦᠨ ᠲᠣᠭᠲᠠᠭᠠᠨ᠂ ᠠᠵᠢᠯ ᠤᠨ ᠪᠠᠶᠢᠷᠢ ᠲᠣᠭᠲᠠᠭᠠᠵᠤ᠂ ︽ | ᠬᠤᠪᠢᠯᠭᠠᠨ ᠣᠩᠭᠤᠴᠠ ᠳᠣᠯᠣᠳᠤᠭᠠᠷ︾ ᠤᠨ ᠠᠮᠤᠷ ᠲᠦᠪᠰᠢᠨ ᠢᠶᠠᠷ ᠪᠠᠭᠤᠬᠤ ᠶᠢ ᠪᠠᠲᠤᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠵᠢᠯ ᠠᠴᠠ ᠪᠠᠨ ᠠᠮᠠᠷᠠᠭᠰᠠᠨ ᠺᠠᠳ᠋ᠷ ᠱᠢ ᠯᠢ ᠵᠢᠩ ᠬᠤᠪᠢᠯᠭᠠᠨ | ᠣᠩᠭᠤᠴᠠ ᠲᠠᠢ ᠬᠤᠯᠪᠣᠭ᠎ᠠ ᠲᠠᠢ ᠡᠳᠦᠷ ᠬᠤᠨᠤᠭ ᠤᠳ ᠢᠶᠠᠨ ᠡᠷᠭᠢᠴᠡᠭᠦᠯᠬᠦ ᠳᠡᠭᠡᠨ᠄ ︽︿ᠬᠤᠪᠢᠯᠭᠠᠨ ᠣᠩᠭᠤᠴᠠ ᠵᠢᠷᠭᠤᠳᠤᠭᠠᠷ﹀᠂ ︿ᠬᠤᠪᠢᠯᠭᠠᠨ | ᠣᠩᠭᠤᠴᠠ ᠳᠣᠯᠣᠳᠤᠭᠠᠷ﹀ ᠪᠤᠴᠠᠨ ᠢᠷᠡᠬᠦ ᠦᠶ᠎ᠡ ᠳᠤ ᠪᠢ ᠨᠢᠰᠬᠦ ᠤᠩᠭᠤᠴᠠ ᠶᠢᠨ ᠪᠠᠭᠤᠬᠤ ᠲᠠᠯᠠᠪᠤᠷ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ | ᠲᠤᠬᠢᠷᠠᠭᠤᠯᠬᠤ᠂ ᠰᠠᠨᠰᠠᠷᠴᠢᠨ ᠢ ᠤᠭᠲᠤᠵᠤ ᠬᠦᠷᠭᠡᠬᠦ ᠠᠵᠢᠯᠯᠠᠭ᠎ᠠ ᠶᠢ ᠵᠣᠬᠢᠴᠠᠭᠤᠯᠬᠤ ᠡᠬᠦᠷᠭᠡ ᠶᠢ ᠬᠠᠷᠢᠭᠤᠴᠠᠵᠠᠢ︾ ᠭᠡᠪᠡ᠃ | 32 ᠵᠢᠯ ᠤᠨ ᠲᠤᠷᠰᠢ᠂ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ | ᠲᠠᠲᠠᠭᠰᠠᠨ ᠠᠮᠵᠢᠯᠲᠠ ᠤᠯᠪᠠ᠂ ᠡᠨᠡ ᠬᠦ ᠵᠠᠮ ᠳᠤ ᠥᠪᠥᠷ ᠮᠣᠩᠭᠤᠯ ᠭᠦᠨᠵᠡᠭᠡᠢ ᠣᠷᠣᠯᠴᠠᠪᠠ᠃ | 20 ᠵᠢᠯ᠂ ᠰᠠᠷ᠎ᠠ ᠶᠢ ᠪᠠᠷᠠᠯᠠᠨ ᠰᠢᠨᠵᠢᠵᠦ ᠪᠠᠶᠢᠭᠰᠠᠨ ᠠᠴᠠ ᠪᠠᠨ ᠰᠠᠷᠠᠨ ᠪᠥᠮᠪᠥᠷᠴᠡᠭ ᠠᠴᠠ ᠦᠯᠢᠭᠡᠷ ᠠᠪᠴᠤ ᠪᠤᠴᠠᠵᠤ ᠢᠷᠡᠬᠦ ᠬᠦᠷᠳᠡᠯ᠎ᠡ | ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ 2004 ᠣᠨ ᠤ 1 ᠰᠠᠷ᠎ᠠ ᠳᠤ ᠵᠢᠩᠬᠢᠨᠢ ᠪᠠᠷ ᠰᠡᠳᠦᠪ ᠲᠣᠭᠲᠠᠭᠠᠵᠤ᠂ ︽ᠲᠣᠭᠤᠷᠢᠬᠤ᠂ | ᠪᠠᠭᠤᠬᠤ᠂ ᠪᠤᠴᠠᠬᠤ︾ ᠭᠤᠷᠪᠠᠨ ᠠᠯᠬᠤᠮ ᠤᠨ ᠶᠡᠷᠦᠩᠬᠡᠶ ᠲᠥᠯᠥᠪᠵᠢᠭᠦᠯᠭᠡ ᠶᠢ ᠲᠣᠭᠲᠠᠭᠠᠵᠤ᠂ 2024 ᠣᠨ ᠪᠣᠯᠬᠤ ᠳᠤ ᠨᠢᠭᠡᠨᠲᠡ 20 ᠬᠠᠪᠤᠷ | ᠨᠠᠮᠤᠷ ᠢ ᠥᠩᠭᠡᠷᠡᠭᠡᠪᠡ᠃ ᠣᠳᠣᠬᠠᠨ ᠳᠤ᠂ ᠮᠠᠨ ᠤ ᠤᠯᠤᠰ ᠤᠨ ᠬᠥᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠰᠠᠷᠠᠨ ᠳᠡᠭᠡᠷ᠎ᠡ ᠭᠠᠷᠬᠤ ᠡᠭᠦᠷᠭᠡ | ᠨᠢᠭᠡᠨᠲᠡ ᠪᠦᠬᠦ ᠲᠠᠯ᠎ᠠ ᠪᠠᠷ ᠡᠬᠢᠯᠡᠪᠡ᠃ | ᠳᠤᠮᠳᠠᠳᠤ ᠤᠯᠤᠰ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠭᠰᠡᠨ ᠲᠡᠦᠬᠡ ᠶᠢ ᠡᠷᠭᠢᠴᠡᠭᠦᠯᠪᠡᠯ᠂ 2007 ᠣᠨ ᠳᠤ ᠬᠠᠷᠪᠤᠭᠰᠠᠨ ᠴᠠᠩ ᠧ | ᠨᠢᠭᠡᠳᠦᠭᠡᠷ ᠠᠩᠬᠠᠳᠤᠭᠠᠷ ᠬᠤᠭᠤᠴᠠᠭᠠᠨ ᠤ ︽ᠰᠠᠷ᠎ᠠ ᠶᠢ ᠲᠣᠭᠤᠷᠢᠬᠤ︾ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ︔ 2010 ᠣᠨ ᠳᠤ | ᠬᠠᠷᠪᠤᠭᠰᠠᠨ ᠴᠠᠩ ᠧ ᠬᠤᠶᠠᠳᠤᠭᠠᠷ ᠳᠡᠯᠡᠬᠡᠢ ᠶᠢᠨ ᠠᠩᠬᠠᠳᠠᠭᠴᠢ 7 ᠮᠧᠲᠷ ᠤᠨ ᠢᠯᠭᠠᠮᠵᠢ ᠲᠠᠢ ᠪᠦᠷᠢᠨ ᠰᠠᠷᠠᠨ ᠤ ᠵᠢᠷᠤᠭ ᠢ ᠣᠯᠵᠤ᠂ ᠴᠠᠩ ᠧ | ᠭᠤᠷᠪᠠᠳᠤᠭᠠᠷ ᠤᠨ ᠤᠷᠢᠳᠴᠢᠯᠠᠨ ᠰᠣᠩᠭᠤᠭᠰᠠᠨ ᠰᠠᠷᠠᠨ ᠳᠤ ᠪᠠᠭᠤᠬᠤ ᠣᠷᠣᠨ ᠳᠤ ᠭᠤᠣᠯᠳᠠᠯᠭ᠎ᠠ ᠲᠠᠢ ᠬᠠᠶᠢᠨ ᠬᠡᠮᠵᠢᠯᠲᠡ ᠬᠢᠵᠦ᠂ 2012 ᠣᠨ ᠳᠤ | ᠨᠠᠷᠠ ᠶᠢ ᠲᠣᠭᠤᠷᠢᠭᠰᠠᠨ ᠬᠢᠮᠡᠯ ᠵᠢᠵᠢᠭ ᠭᠠᠷᠠᠭ ᠣᠳᠣ ᠪᠤᠯᠵᠤ᠂ ᠲᠤᠬᠠᠢ ᠶᠢᠨ ᠦᠶ᠎ᠡ ᠶᠢᠨ ᠮᠠᠨ ᠤ ᠤᠯᠤᠰ ᠤᠨ ᠬᠠᠮᠤᠭ ᠤᠨ ᠬᠤᠯᠠ ᠭᠦᠨ | ᠣᠭᠲᠠᠷᠭᠤᠢ ᠶᠢᠨ ᠬᠡᠮᠵᠢᠨ ᠡᠵᠡᠮᠳᠡᠬᠦ ᠵᠠᠢ ᠶᠢᠨ ᠲᠡᠮᠳᠡᠭᠯᠡᠯ ᠢ ᠡᠭᠦᠳᠴᠡᠢ︔ 2013 ᠣᠨ ᠳᠤ ᠬᠠᠷᠪᠤᠭᠰᠠᠨ ᠴᠠᠩ ᠧ ᠭᠤᠷᠪᠠᠳᠤᠭᠠᠷ ᠰᠠᠷᠠᠨ ᠳᠡᠭᠡᠷ᠎ᠡ | ᠪᠠᠭᠤᠬᠤ ᠮᠡᠷᠭᠡᠵᠢᠯ ᠢ ᠰᠢᠪᠲᠤᠯᠵᠤ᠂ ᠠᠩᠬ᠎ᠠ ᠤᠳᠠᠭ᠎ᠠ ᠳᠤᠮᠳᠠᠳᠤ ᠤᠯᠤᠰ ᠤᠨ ᠳᠡᠯᠡᠬᠡᠶ ᠶᠢᠨ ᠪᠥᠮᠪᠥᠷᠴᠡᠭ ᠤᠨ ᠭᠠᠳᠠᠨᠠᠬᠢ ᠣᠳᠣᠨ ᠴᠣᠭᠴᠠᠰ ᠤᠨ | ᠳᠦᠯᠭᠡᠨ ᠰᠢᠯᠵᠢᠯᠲᠡ ᠪᠠ ᠲᠣᠭᠤᠷᠢᠨ ᠪᠠᠶᠢᠴᠠᠭᠠᠵᠤ ᠬᠠᠶᠢᠨ ᠬᠡᠮᠵᠢᠬᠦ ᠶᠢ ᠪᠡᠶᠡᠯᠡᠭᠦᠯᠵᠦ᠂ ᠣᠳᠣᠬᠠᠨ ᠳᠤ ᠨᠢᠭᠡᠨᠲᠡ ᠰᠢᠨᠵᠢᠯᠡᠬᠦ ᠤᠬᠠᠭᠠᠨ ᠤ ᠬᠠᠶᠢᠨ | ᠬᠡᠮᠵᠢᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠷᠲᠤ ᠬᠤᠭᠤᠴᠠᠭᠠᠨ ᠤ ᠬᠠᠮᠢᠶᠠᠷᠤᠯᠲᠠ ᠶᠢᠨ ᠱᠠᠲᠤᠨ ᠳᠤ ᠣᠷᠣᠰᠢᠵᠤ᠂ ᠬᠠᠭᠤᠷᠠᠶ ᠳᠤ | ᠪᠠᠭᠤᠬᠤ ᠪᠠᠭᠠᠵᠢ ᠶᠢᠨ ᠬᠡᠰᠡᠭ ᠰᠢᠨᠵᠢᠯᠡᠬᠦ ᠤᠬᠠᠭᠠᠨ ᠤ ᠠᠴᠢᠶ᠎ᠠ ᠨᠢ ᠮᠥᠨ ᠬᠦ ᠠᠵᠢᠯᠯᠠᠭᠰᠠᠭᠠᠷ ᠪᠠᠶᠢᠨ᠎ᠠ︔ 2014 ᠣᠨ ᠤ 11 ᠰᠠᠷ᠎ᠠ ᠳᠤ ᠰᠠᠷᠠᠨ | ᠪᠥᠮᠪᠥᠷᠴᠡᠭ ᠢ ᠬᠠᠶᠢᠨ ᠰᠢᠨᠵᠢᠯᠡᠬᠦ ᠭᠤᠷᠪᠠᠳᠤᠭᠠᠷ ᠬᠤᠭᠤᠴᠠᠭᠠᠨ ᠤ ᠪᠤᠴᠠᠵᠤ ᠨᠢᠰᠭᠦ ᠲᠤᠷᠰᠢᠯᠲᠠ ᠶᠢᠨ ᠪᠠᠭᠠᠵᠢ ᠥᠪᠥᠷ ᠮᠣᠩᠭᠤᠯ ᠤᠨ ᠳᠤᠮᠳᠠ | ᠬᠡᠰᠡᠭ ᠤᠨ ᠲᠠᠯ᠎ᠠ ᠨᠤᠲᠤᠭ ᠲᠤ ᠤᠷᠤᠭᠰᠢᠲᠠᠶ ᠪᠤᠴᠠᠵᠤ ᠢᠷᠡᠭᠰᠡᠨ ᠨᠢ ᠳᠤᠮᠳᠠᠳᠤ ᠤᠯᠤᠰ ᠤᠨ ᠰᠠᠷᠠᠨ ᠪᠥᠮᠪᠥᠷᠴᠡᠭ ᠤᠨ ᠬᠠᠶᠢᠨ ᠰᠢᠨᠵᠢᠯᠡᠯᠳᠡ ᠶᠢᠨ ︽ | ᠪᠤᠴᠠᠬᠤ︾ ᠮᠡᠷᠭᠡᠵᠢᠯ ᠵᠠᠩᠭᠢᠯᠠᠭ᠎ᠠ ᠶᠢᠨ ᠴᠢᠨᠠᠷᠲᠠᠶ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ︔ 2018 ᠣᠨ ᠳᠤ ᠬᠠᠷᠪᠤᠭᠰᠠᠨ ᠴᠠᠩ | ᠧ ᠳᠥᠷᠪᠡᠳᠦᠭᠡᠷ ᠳᠠᠭᠠᠭᠤᠯᠢ ᠤᠳᠤ ᠪᠠᠷ ᠰᠠᠷᠠᠨ ᠪᠥᠮᠪᠥᠷᠴᠡᠭ ᠤᠨ ᠠᠷᠤ ᠲᠠᠯ᠎ᠠ ᠪᠣᠯᠤᠨ ᠭᠠᠵᠠᠷ ᠳᠡᠭᠡᠷᠡᠬᠢ ᠴᠢᠮᠡᠭᠡ ᠬᠤᠯᠪᠣᠭᠠᠨ ᠤ ᠬᠦᠴᠢᠷ | ᠠᠰᠠᠭᠤᠳᠠᠯ ᠢ ᠰᠢᠪᠲᠤᠯᠵᠤ᠂ ᠬᠥᠮᠦᠨ ᠲᠥᠷᠥᠯᠬᠢᠲᠡᠨ ᠤ ᠠᠩᠬᠠᠳᠠᠭᠴᠢ ᠰᠠᠷᠠᠨ ᠪᠥᠮᠪᠥᠷᠴᠡᠭ ᠤᠨ ᠠᠷᠤ ᠲᠠᠯ᠎ᠠ ᠳᠤ ᠳᠦᠯᠭᠡᠨ ᠪᠠᠭᠤᠬᠤ ᠬᠠᠶᠢᠭᠤᠷ ᠪᠣᠯᠪᠠ︔ | 2020 ᠣᠨ ᠳᠤ ᠬᠠᠷᠪᠤᠭᠰᠠᠨ ᠴᠠᠩ ᠧ ᠲᠠᠪᠤᠳᠤᠭᠠᠷ ᠳᠦᠷᠪᠡᠳ ᠬᠤᠰᠢᠭᠤᠨ ᠳᠤ ᠠᠮᠤᠷ ᠲᠦᠪᠰᠢᠨ ᠢᠶᠠᠷ ᠪᠠᠭᠤᠵᠤ ᠳᠤᠮᠳᠠᠳᠤ ᠤᠯᠤᠰ ᠤᠨ | ᠠᠩᠬᠠᠳᠠᠭᠴᠢ ᠰᠠᠷᠠᠨ ᠪᠥᠮᠪᠥᠷᠴᠡᠭ ᠠᠴᠠ ᠥᠯᠢᠭᠡᠷ ᠠᠪᠴᠤ ᠪᠤᠴᠠᠬᠤ ᠶᠢ ᠪᠡᠶᠡᠯᠡᠭᠦᠯᠪᠡ︔ 2024 ᠣᠨ ᠳᠤ ᠬᠠᠷᠪᠤᠭᠰᠠᠨ ᠴᠠᠩ ᠧ ᠵᠢᠷᠭᠤᠳᠤᠭᠠᠷ | ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠶᠢ ᠪᠡᠶᠡᠯᠡᠭᠦᠯᠵᠦ᠂ | ᠮᠠᠨ ᠤ ᠤᠯᠤᠰ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠢᠬᠤᠯᠠ ᠪᠡᠯᠭᠡ ᠲᠡᠮᠳᠡᠭ ᠪᠣᠯᠤᠭᠰᠠᠨ ᠪᠠᠶᠢᠨ᠎ᠠ᠃ | ᠣᠳᠣᠬᠠᠨ ᠪᠤᠯᠲᠠᠯ᠎ᠠ ᠳᠡᠯᠡᠬᠡᠶ ᠶᠢᠨ ᠪᠥᠮᠪᠥᠷᠴᠡᠭ ᠲᠤ ᠪᠤᠴᠠᠵᠤ ᠢᠷᠡᠭᠰᠡᠨ ᠳᠤᠮᠳᠠᠳᠤ ᠤᠯᠤᠰ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠨᠢᠰᠦᠭᠦᠷ | ᠴᠥᠮ ᠥᠪᠥᠷ ᠮᠣᠩᠭᠤᠯ ᠤᠨ ᠳᠤᠮᠳᠠ ᠬᠡᠰᠡᠭ ᠤᠨ ᠲᠠᠯ᠎ᠠ ᠨᠤᠲᠤᠭ ᠲᠤ ᠪᠠᠭᠤᠭᠰᠠᠨ ᠪᠠᠶᠢᠨ᠎ᠠ᠃ ᠳᠤᠮᠳᠠᠳᠤ ᠤᠯᠤᠰ ᠤᠨ ᠰᠠᠷᠠᠨ ᠪᠥᠮᠪᠥᠷᠴᠡᠭ ᠢ ᠬᠠᠶᠢᠨ | ᠰᠢᠨᠵᠢᠯᠡᠬᠦ ᠠᠵᠢᠯ ᠲᠤᠭᠤᠷᠢᠬᠤ ᠠᠴᠠ ᠪᠤᠴᠠᠬᠤ ᠬᠦᠷᠲᠡᠯ᠎ᠡ 7 ᠵᠢᠯ ᠬᠡᠷᠡᠭᠰᠡᠵᠦ᠂ ᠰᠠᠷᠠᠨ ᠪᠥᠮᠪᠥᠷᠴᠡᠭ ᠤᠨ ᠨᠢᠭᠤᠷ ᠲᠠᠯ᠎ᠠ ᠠᠴᠠ ᠦᠯᠢᠭᠡᠷ ᠠᠪᠴᠤ | ᠪᠤᠴᠠᠬᠤ ᠠᠴᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠬᠦ᠋ᠷᠲᠡᠯ᠎ᠡ 4 ᠵᠢᠯ ᠤᠨ ᠴᠠᠭ ᠬᠡᠷᠡᠭᠯᠡᠪᠡ᠃ | ᠬᠤᠪᠢᠯᠭᠠᠨ ᠣᠩᠭᠤᠴᠠ ᠨᠢᠰᠭᠦ ᠣᠩᠭᠤᠴᠠ ᠶᠢᠨ ᠪᠤᠴᠠᠵᠤ ᠢᠷᠡᠭᠰᠡᠨ ᠢ ᠤᠯᠠᠨ ᠤᠳᠠᠭ᠎ᠠ ᠤᠭᠲᠤᠵᠤ ᠠᠪᠤᠭᠰᠠᠨ ᠳᠥᠷᠪᠡᠳ ᠬᠤᠰᠢᠭᠤᠨ ᠳᠤ | ᠬᠤᠪᠢᠯᠭᠠᠨ ᠣᠩᠭᠤᠴᠠ ᠬᠦᠰᠡᠯ ᠪᠠᠭ᠎ᠠ ᠰᠤᠷᠭᠠᠭᠤᠯᠢ ᠪᠠᠶᠢᠳᠠᠭ᠂ ᠡᠨᠡ ᠪᠣᠯ ᠰᠠᠨᠰᠠᠷ ᠤᠨ ᠠᠶᠠᠯᠠᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠨᠳᠢᠪᠯᠠᠵᠤ ᠪᠠᠶᠢᠭᠤᠯᠤᠭᠰᠠᠨ ᠪᠠᠭ᠎ᠠ ᠰᠤᠷᠭᠠᠭᠤᠯᠢ ᠪᠣᠯᠤᠨ᠎ᠠ᠃ ᠡᠨᠡ ᠰᠤᠷᠭᠠᠭᠤᠯᠢ ᠶᠢᠨ ᠬᠦᠷᠢᠶᠡᠨ ᠳᠤ᠂ ᠰᠠᠨᠰᠠᠷ ᠤᠨ ᠡᠯᠧᠮᠧᠨ᠋ᠲ ᠭᠠᠵᠠᠷ ᠰᠠᠢ ᠦᠭᠡᠢ | ᠬᠠᠷᠠᠭᠳᠠᠨ᠎ᠠ᠂ ᠰᠤᠷᠤᠭᠴᠢᠳ ᠦᠷᠭᠦᠯᠵᠢ ᠰᠠᠨᠰᠠᠷ ᠤᠨ ᠵᠠᠭᠪᠤᠷ ᠬᠢᠳᠡᠭ᠃ ᠳᠤᠮᠳᠠᠳᠤ ᠤᠯᠤᠰ ᠤᠨ ᠰᠠᠨᠰᠠᠷ ᠤᠨ ᠮᠡᠷᠭᠡᠵᠢᠯ ᠤᠨ ᠰᠤᠳᠤᠯᠭᠠᠨ ᠤ | ᠬᠦᠷᠢᠶᠡᠯᠡᠩ ᠠᠳᠡ ᠨᠢᠭᠡᠨᠲᠡ 1700 ᠭᠠᠷᠤᠢ ᠬᠦᠴᠢᠷᠳᠡᠯᠲᠡᠢ ᠬᠡᠦᠬᠡᠳ ᠢ ᠬᠠᠪᠰᠤᠷᠤᠨ ᠲᠡᠳᠬᠦᠵᠦ᠂ ᠰᠠᠨᠰᠠᠷ ᠤᠨ ᠠᠶᠠᠯᠠᠯ ᠤᠨ ᠲᠤᠰᠬᠠᠢ ᠮᠡᠷᠭᠡᠵᠢᠯᠲᠡᠨ | ᠪᠠᠰᠠ ᠦᠷᠭᠦᠯᠵᠢ ᠰᠤᠷᠤᠭᠴᠢᠳ ᠲᠤ ᠰᠠᠨᠰᠠᠷ ᠤᠨ ᠠᠶᠠᠯᠠᠯ ᠤᠨ ᠮᠡᠳᠡᠯᠭᠡ ᠶᠢ ᠵᠢᠭᠠᠵᠤ ᠦᠭᠳᠡᠭ᠃ | 2030 ᠣᠨ ᠠᠴᠠ ᠡᠮᠦᠨ᠎ᠡ ᠬᠥᠮᠦᠨ ᠰᠠᠭᠤᠯᠭᠠᠨ ᠰᠠᠷᠠᠨ ᠪᠥᠮᠪᠥᠷᠴᠡᠭ ᠲᠤ ᠭᠠᠷᠬᠤ ᠶᠢ ᠪᠡᠶᠡᠯᠡᠭᠦᠯᠵᠦ᠂ 2035 ᠣᠨ ᠠᠴᠠ ᠡᠮᠦᠨ᠎ᠡ ᠣᠯᠠᠨ | ᠤᠯᠤᠰ ᠤᠨ ᠰᠠᠷᠠᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠷᠲᠡᠭᠡ ᠶᠢᠨ ᠦᠨᠳᠦᠰᠦᠨ ᠬᠡᠯᠪᠡᠷᠢ ᠶᠢ ᠪᠠᠶᠢᠭᠤᠯᠤᠨ᠎ᠠ ᠁ | ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠦᠷᠭᠦᠯᠵᠢᠯᠡᠭᠰᠡᠭᠡᠷ᠃ | ᠢᠷᠡᠭᠡᠳᠦᠢ ᠳᠤ᠂ ᠰᠠᠨᠰᠠᠷ ᠤᠨ ᠰᠢᠨ᠎ᠡ ᠢᠷᠠᠭᠤ ᠨᠠᠶᠢᠷᠠᠭ ᠢ ᠦᠷᠭᠦᠯᠵᠢᠯᠡᠨ ᠪᠢᠴᠢᠭᠯᠡᠨ᠎ᠡ | ︽ᠳ᠋ᠦᠩ ᠹᠠᠩ ᠬᠤᠩ ᠨᠢᠭᠡᠳᠦᠭᠡᠷ︾ ᠳᠠᠭᠠᠭᠤᠯᠢ ᠤᠳᠤ ᠶᠢ 20 ᠡᠳᠦᠷ ᠠᠵᠢᠯᠯᠠᠭᠤᠯᠬᠤ ᠪᠠᠷ ᠲᠦᠯᠦᠪᠯᠡᠵᠦ ᠪᠠᠶᠢᠭᠰᠠᠨ ᠪᠤᠯᠪᠠᠴᠤ ᠪᠣᠳᠠᠲᠠᠢ | ᠲᠡᠭᠡᠷ᠎ᠡ ᠪᠠᠨ 28 ᠡᠳᠦᠷ ᠠᠵᠢᠯᠯᠠᠪᠠ᠂ 54 ᠵᠢᠯ ᠥᠩᠭᠡᠷᠡᠴᠢᠭᠡᠯ᠎ᠡ᠂ ᠲᠡᠷᠡ ᠮᠥᠨ ᠰᠠᠨᠰᠠᠷ ᠲᠤ ᠠᠵᠢᠯᠯᠠᠭᠰᠠᠭᠠᠷ᠂ ᠤᠳᠤ ᠬᠥᠮᠦᠨ ᠲᠥᠷᠥᠯᠬᠢᠲᠡᠨ ᠤ | ᠠᠩᠬᠠᠳᠠᠭᠴᠢ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠶᠠᠩᠵᠤ ᠠᠪᠬᠤ ᠠᠵᠢᠯ ᠨᠢᠭᠡᠨᠲᠡ ᠳᠤᠮᠳᠠᠳᠤ ᠤᠯᠤᠰ ᠲᠤ ᠪᠤᠴᠠᠨ ᠢᠷᠡᠪᠡ᠃ | ᠣᠳᠣᠬᠠᠨ ᠳᠤ ᠰᠠᠷᠠᠨ ᠪᠥᠮᠪᠥᠷᠴᠡᠭ ᠳᠡᠭᠡᠷ᠎ᠡ ᠳᠤᠮᠳᠠᠳᠤ ᠤᠯᠤᠰ ᠤᠨ ᠡᠯᠧᠮᠧᠨ᠋ᠲ ᠢᠶᠠᠷ ᠨᠡᠷᠡᠯᠡᠭᠰᠡᠨ ᠭᠠᠵᠠᠷ ᠵᠦᠢ ᠶᠢᠨ ᠪᠣᠳᠠᠲᠤ ᠴᠣᠭᠴᠠ 35 | ᠪᠠᠶᠢᠨ᠎ᠠ᠃ 2023 ᠣᠨ ᠤ 11 ᠰᠠᠷ᠎ᠠ ᠪᠣᠯᠬᠤ ᠳᠤ᠂ ᠳᠤᠮᠳᠠᠳᠤ ᠤᠯᠤᠰ ᠨᠢᠭᠡᠨᠲᠡ 50 ᠭᠠᠷᠤᠢ ᠤᠯᠤᠰ ᠪᠣᠯᠤᠨ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠯᠤᠭ᠎ᠠ 150 ᠭᠠᠷᠤᠢ ᠬᠤᠪᠢ ᠵᠠᠰᠠᠭ ᠤᠨ ᠣᠷᠳᠣᠨ ᠤ ᠬᠤᠭᠤᠷᠣᠨᠳᠣᠬᠢ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠵᠥᠪᠯᠡᠯᠴᠡᠭᠡᠷ | ᠲᠤᠬᠢᠷᠠᠯᠴᠠᠪᠠ᠃ ᠳᠣᠬᠢᠭᠤᠷ ᠲᠤᠯᠤᠭᠠᠨ ᠣᠲᠣ ᠨᠡᠷᠡᠮᠵᠢᠲᠦ ᠳᠠᠭᠠᠭᠤᠯᠢ ᠣᠲᠣ ᠶᠢᠨ ᠵᠠᠮᠴᠢᠯᠠᠬᠤ ᠰᠢᠰᠲ᠋ᠧᠮ ᠠᠴᠠ ᠬᠥᠮᠦᠨ ᠰᠠᠭᠤᠯᠭᠠᠭᠰᠠᠨ ᠰᠠᠨᠰᠠᠷ ᠤᠨ | ᠠᠶᠠᠯᠠᠯ ᠬᠦᠷᠲᠡᠯ᠎ᠡ᠂ ᠳᠤᠮᠳᠠᠳᠤ ᠤᠯᠤᠰ ᠤᠨ ᠰᠠᠨᠰᠠᠷ ᠤᠨ ᠥᠷᠲᠡᠭᠡ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠠᠴᠠ ᠰᠠᠷᠠᠨ ᠪᠥᠮᠪᠥᠷᠴᠡᠭ ᠢ | ᠬᠠᠶᠢᠨ ᠰᠢᠨᠵᠢᠯᠡᠬᠦ᠂ ᠭᠠᠯ ᠭᠠᠷᠠᠭ ᠢ ᠬᠠᠶᠢᠨ ᠰᠢᠨᠵᠢᠯᠡᠬᠦ ᠢᠨᠵᠧᠨᠧᠷᠢᠩ ᠢ ᠭᠦᠨᠵᠡᠭᠡᠶ ᠠᠬᠢᠭᠤᠯᠬᠤ ᠬᠦᠷᠲᠡᠯ᠎ᠡ᠂ ᠳᠤᠮᠳᠠᠳᠤ ᠤᠯᠤᠰ ᠤᠨ ᠰᠠᠨᠰᠠᠷ ᠤᠨ | ᠠᠶᠠᠯᠠᠯ ᠢᠮᠠᠭᠲᠠ ᠪᠥᠬᠦ ᠪᠥᠮᠪᠥᠷᠴᠡᠭ ᠤᠨ ᠨᠡᠭᠡᠭᠡᠯᠲᠡ ᠬᠢᠵᠦ ᠬᠠᠮᠲᠤᠷᠠᠯᠴᠠᠭᠰᠠᠨ᠂ ᠬᠠᠮᠵᠢᠯᠴᠠᠨ ᠰᠦᠪᠡᠭᠴᠢᠯᠡᠭᠰᠡᠨ ᠰᠡᠳᠭᠢᠯ ᠬᠥᠳᠡᠯᠭᠡᠮ᠎ᠡ ᠲᠤᠤᠯᠢᠰ ᠢ | ᠪᠢᠴᠢᠭᠯᠡᠭᠰᠡᠭᠡᠷ ᠢᠷᠡᠵᠡᠶ᠃ | ᠬᠥᠮᠦᠨ ᠲᠥᠷᠥᠯᠬᠢᠲᠡᠨ ᠤ ᠰᠣᠨᠢᠭᠤᠴᠢ ᠰᠡᠳᠭᠢᠯᠭᠡ ᠶᠢ ᠡᠪᠦᠷᠯᠡᠨ ᠳᠤᠮᠳᠠᠳᠤ ᠤᠯᠤᠰ ᠤᠨ ᠣᠳᠣᠨ ᠴᠤᠭᠴᠠᠰ ᠤᠨ ᠬᠠᠶᠢᠯᠲᠠ ᠶᠠᠭ ᠤᠭᠤᠰᠤᠷ ᠦᠭᠡᠢ | ᠤᠷᠴᠢᠯᠠᠩ ᠲᠡᠶᠢᠰᠢ ᠤᠷᠤᠭᠰᠢᠯᠠᠵᠤ ᠪᠠᠶᠢᠨ᠎ᠠ᠃ 10 ᠰᠠᠷ᠎ᠠ ᠳᠤ ᠨᠢᠰᠦᠭᠰᠡᠨ ᠬᠤᠪᠢᠯᠭᠠᠨ ᠣᠩᠭᠤᠴᠠ ᠠᠷᠪᠠ ᠶᠢᠰᠦᠳᠦᠭᠡᠷ ᠶᠠᠭᠤ ᠠᠴᠢᠶᠠᠯᠠᠵᠤ ᠶᠠᠮᠠᠷ | ᠲᠤᠷᠰᠢᠯᠲᠠ ᠬᠢᠬᠦ ᠶᠢ ᠬᠥᠮᠦᠰ ᠬᠦᠰᠡᠨ ᠬᠦᠯᠢᠶᠡᠵᠦ ᠪᠠᠶᠢᠨ᠎ᠠ᠃ |