ᠲᠦᠷᠦᠭᠦᠬᠡᠨ᠂ ᠰᠤᠷᠪᠤᠯᠵᠢᠯᠠᠭᠴᠢ ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ ᠤᠷᠠᠳ ᠤᠨ ᠡᠮᠦᠨᠡᠲᠦ ᠬᠤᠰᠢᠭᠤᠨ ᠤ | ᠥᠷᠲᠡᠭᠡᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠠᠵᠢᠯᠴᠢᠳ ᠪᠠᠷᠢᠯᠭ᠎ᠠ ᠶᠢᠨ ᠠᠵᠢᠯ ᠢᠶᠠᠨ ᠬᠢᠵᠤ ᠶᠠᠭᠠᠷᠠᠯᠳᠣᠨ᠎ᠠ᠃ | | | | | | ᠪᠤᠭᠤᠲᠤ ᠠᠴᠠ ᠢᠷᠭᠠᠢ ᠬᠦᠷᠬᠦ ᠦᠨᠳᠦᠷ ᠬᠤᠷᠳᠤᠴᠠᠲᠤ ᠲᠡᠮᠦᠷ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠥᠷᠲᠡᠭᠡ ᠶᠢᠨ ᠶᠡᠷᠦᠩᠬᠡᠢ | ᠪᠠᠷᠢᠯᠭ᠎ᠠ ᠶᠢᠨ ᠲᠠᠯᠠᠪᠠᠢ ᠨᠢ 4998 ᠲᠡᠭᠰᠢ ᠳᠥᠷᠪᠡᠯᠵᠢᠨ ᠮᠧᠲᠷ ᠪᠠᠶᠢᠵᠤ᠂ ᠦᠷᠳᠡᠭᠡᠨ ᠤ ᠬᠡᠪᠴᠢᠶ᠎ᠡ ᠨᠢ 2 ᠦᠷᠲᠡᠭᠡᠨ ᠲᠠᠪᠴᠠᠩ᠂ 4 ᠱᠤᠭᠤᠮ | ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠬᠠᠮᠤᠭ ᠣᠯᠠᠨ ᠳᠠᠭᠠᠨ 800 ᠠᠶᠠᠨᠴᠢᠨ ᠢ ᠬᠠᠮᠲᠤ ᠳᠤ ᠨᠢ ᠪᠠᠭᠲᠠᠭᠠᠵᠤ ᠲᠡᠶᠢᠯᠦᠨ᠎ᠡ᠃ | | | | | | | | ᠣᠳᠣᠬᠠᠨ ᠳᠤ ᠥᠷᠲᠡᠭᠡᠨ ᠤ ᠭᠡᠷ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠤᠣᠯ ᠴᠣᠭᠴᠠ ᠶᠢᠨ ᠬᠤᠶᠠᠳᠠᠬᠢ ᠤᠳᠠᠭᠠᠨ ᠤ ᠪᠦᠲᠦᠴᠡ᠂ | ᠭᠡᠷ ᠤᠨ ᠭᠠᠳᠠᠷᠭᠤ ᠶᠢ ᠨᠢᠭᠡᠨᠲᠡ ᠪᠦᠬᠦᠨ ᠢ ᠪᠡᠶᠡᠯᠡᠭᠦᠯᠵᠦ᠂ ᠭᠠᠳᠠᠷ ᠬᠡᠷᠡᠮ ᠤᠨ 85% ᠶᠢ ᠪᠡᠶᠡᠯᠡᠭᠦᠯᠵᠦ᠂ ᠨᠢᠭᠡᠳᠦᠭᠡᠷ᠂ ᠬᠤᠶᠠᠳᠤᠭᠠᠷ ᠥᠷᠲᠡᠭᠡᠨ ᠤ | ᠪᠣᠷᠣᠭᠠᠨ ᠤ ᠰᠠᠷᠠᠪᠴᠢ ᠶᠢᠨ ᠭᠤᠣᠯ ᠴᠣᠭᠴᠠ ᠶᠢᠨ ᠪᠦᠲᠦᠴᠡ ᠶᠢ ᠨᠢᠭᠡᠨᠲᠡ 100% ᠶᠢ ᠪᠠᠷᠠᠭᠠᠨ᠂ ᠪᠣᠷᠣᠭᠠᠨ ᠤ ᠰᠠᠷᠠᠪᠴᠢ ᠶᠢ ᠵᠠᠰᠠᠵᠤ ᠴᠢᠮᠡᠭᠯᠡᠬᠦ | ᠪᠠᠷᠢᠯᠭ᠎ᠠ ᠶᠢᠨ 40% ᠶᠢ ᠪᠡᠶᠡᠯᠡᠭᠦᠯᠪᠡ᠃ ᠪᠠᠷᠢᠯᠭ᠎ᠠ ᠶᠢᠨ ᠭᠡᠷ ᠲᠣᠲᠣᠷᠠᠬᠢ ᠵᠠᠰᠠᠯ ᠴᠢᠮᠡᠭᠯᠡᠯ ᠪᠠ ᠮᠠᠰᠢᠨ ᠴᠠᠬᠢᠯᠭᠠᠨ ᠤᠭᠰᠠᠷᠠᠬᠤ ᠪᠠᠷᠢᠯᠭ᠎ᠠ ᠴᠤ ᠶᠠᠭ | ᠶᠠᠭᠠᠷᠠᠯᠲᠠᠢ ᠶᠠᠪᠤᠭᠳᠠᠵᠤ ᠪᠠᠶᠢᠨ᠎ᠠ᠃ | | | | | | | | ᠲᠦᠷᠦᠯ ᠵᠦᠢᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ | ᠤᠷᠠᠳ ᠤᠨ ᠡᠮᠦᠨᠡᠲᠦ ᠬᠤᠰᠢᠭᠤᠨ ᠤ ᠥᠷᠲᠡᠭᠡ ᠨᠢ ︽ᠭᠤᠷᠪᠠᠨ ᠠᠭᠤᠯᠠ ᠬᠤᠶᠠᠷ ᠲᠠᠯ᠎ᠠ ᠨᠢᠭᠡ ᠨᠠᠭᠤᠷ︾ ᠶᠢᠨ ᠭᠠᠵᠠᠷ ᠤᠨ ᠪᠠᠶᠢᠴᠠ ᠶᠢᠨ | ᠣᠨᠴᠠᠯᠢᠭ ᠢᠶᠠᠷ᠂ ᠭᠡᠷ ᠤᠨ ᠣᠷᠣᠢ ᠶᠢᠨ ᠳᠦᠷᠰᠦ ᠪᠦᠲᠦᠭᠡᠯᠲᠡ ᠶᠢᠨ ᠲᠠᠯ᠎ᠠ ᠪᠠᠷ ᠵᠠᠯᠭᠠᠯᠳᠤᠵᠤ ᠪᠠᠶᠢᠭ᠎ᠠ ᠠᠭᠤᠯᠠ ᠨᠢᠷᠤᠭᠤ᠂ ᠳᠤᠮᠳᠠ ᠬᠡᠰᠡᠭ ᠤᠨ ᠰᠢᠯ | ᠬᠥᠰᠢᠭᠡ ᠶᠢᠨ ᠬᠡᠷᠡᠮ ᠨᠢ ᠬᠥᠨᠳᠡᠯᠡᠨ ᠰᠡᠷᠡᠯᠵᠢ ᠲᠠᠢ ᠪᠥᠭᠡᠳ ᠣᠳᠣᠨ ᠭᠡᠷᠡᠯ ᠳᠤ ᠰᠢᠭᠢᠳᠴᠦ᠂ ᠳᠣᠯᠭᠢᠶᠠᠯᠠᠵᠤ ᠪᠠᠶᠢᠭ᠎ᠠ ᠤᠯᠠᠭᠠᠨᠰᠤᠬᠠᠢ ᠵᠡᠷᠭᠡ ᠪᠠᠶᠢᠵᠤ᠂ | ᠤᠳᠤ ᠦᠶ᠎ᠡ ᠶᠢᠨ ᠳᠥᠭᠦᠮ ᠠᠪᠰᠠᠷᠬᠠᠨ ᠵᠢᠷᠤᠭ ᠲᠥᠯᠥᠪᠯᠡᠭᠡ ᠶᠢᠨ ᠠᠷᠭ᠎ᠠ ᠪᠠᠷ ᠤᠷᠠᠳ ᠤᠨ ᠡᠮᠦᠨᠡᠲᠦ ᠬᠤᠰᠢᠭᠤᠨ ᠤ ᠥᠪᠡᠷᠮᠢᠴᠡ ᠪᠠᠶᠢᠭᠠᠯᠢ ᠶᠢᠨ | ᠳᠦᠷᠰᠦ ᠪᠠᠶᠢᠳᠠᠯ ᠢ ᠢᠯᠡᠷᠡᠭᠦᠯᠪᠡ᠃ | ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠥᠷᠲᠡᠭᠡ ᠪᠠᠶᠢᠭᠤᠯᠤᠭᠳᠠᠭᠰᠠᠨ ᠤ | ᠳᠠᠷᠠᠭ᠎ᠠ᠂ ᠠᠶᠠᠨᠴᠢᠳ ᠲᠤ ᠳᠥᠭᠦᠮ ᠳᠥᠲᠡ᠂ ᠲᠠᠭᠠᠯᠠᠮᠵᠢᠲᠠᠶ ᠶᠠᠪᠤᠵᠤ ᠰᠠᠭᠤᠬᠤ ᠶᠢ ᠬᠠᠩᠭᠠᠬᠤ ᠪᠥᠭᠡᠳ ᠣᠷᠣᠨ ᠪᠦᠰᠡ ᠶᠢᠨ ᠵᠠᠮ ᠬᠠᠷᠢᠯᠴᠠᠭᠠᠨ ᠤ | ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ |