ᠨᠢᠭᠡ᠂ ᠭᠤᠣᠯ ᠡᠭᠦᠷᠭᠡ ᠬᠠᠷᠢᠭᠤᠴᠠᠯᠭ᠎ᠠ | ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ ᠦᠢᠯᠡᠳᠪᠦᠷᠢ᠂ ᠮᠡᠳᠡᠭᠡ ᠵᠠᠩᠭᠢᠵᠢᠯᠲᠠ ᠪᠠ ᠤᠯᠤᠰ ᠤᠨ | ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠠᠵᠤ | ᠦᠢᠯᠡᠳᠪᠦᠷᠢ᠂ ᠮᠡᠳᠡᠭᠡ ᠵᠠᠩᠭᠢᠵᠢᠯᠲᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ | ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠠᠵᠢᠯ ᠢ ᠲᠥᠪᠯᠡᠷᠡᠭᠦᠯᠦᠨ ᠨᠢᠭᠡᠳᠦᠯᠲᠡᠶ ᠤᠳᠤᠷᠢᠳᠬᠤ ᠶᠢ | ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠤᠯᠤᠰ ᠤᠨ ᠳᠣᠲᠣᠭᠠᠳᠤ | ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠵᠤ᠂ ᠪᠥᠬᠦ ᠬᠤᠰᠢᠭᠤᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ | ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ | ᠬᠠᠨᠳᠤᠰᠢ ᠶᠢ ᠰᠤᠳᠤᠯᠤᠨ᠎ᠠ᠃ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ | ᠤᠯᠤᠰ ᠤᠨ ᠠᠵᠤ ᠠᠬᠤᠶ ᠶᠢᠨ ᠬᠤᠷᠰᠢᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠬᠢᠴᠠ ᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠬᠢᠬᠦ | ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠬᠠᠮᠢᠶ᠎ᠠ | ᠪᠥᠬᠦᠶ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠦᠨ ᠵᠢᠯᠣᠭᠤᠳᠴᠤ᠂ | ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ | ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ | ᠭᠠᠷᠭᠠᠬᠤ ᠬᠡᠮᠵᠢᠶ᠎ᠡ ᠶᠢ ᠵᠢᠱᠢᠭᠰᠡᠨ ᠲᠣᠬᠢᠷᠠᠭᠤᠯᠤᠯ ᠡᠵᠡᠮᠳᠡᠯ ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠶᠢᠨ ᠲᠥᠰᠦᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ | ︵ᠭᠤᠷᠪᠠ︶ ᠪᠥᠬᠦ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠬᠡᠪᠴᠢᠶ᠎ᠡ ᠪᠠ ᠴᠢᠭᠯᠡᠯ ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠴᠤ᠂ ᠳᠡᠭᠡᠳᠦ ᠱᠠᠲᠤᠨ ᠤ ᠪᠠᠯᠠ ᠣᠷᠣᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠬᠤ ᠬᠢᠨᠠᠨ ᠵᠥᠪᠰᠢᠶᠡᠷᠡᠭᠰᠡᠨ ᠲᠥᠷᠥᠯ ᠵᠦᠢᠯ ᠢ ᠲᠣᠭᠲᠠᠭᠰᠠᠨ ᠡᠷᠬᠡ ᠮᠡᠳᠡᠯ ᠢᠶᠠᠷ ᠢᠶᠠᠨ | ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠵᠦ᠂ ᠮᠠᠨ ᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠨ᠎ᠠ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠎ᠠ᠃ | ︵ᠲᠦᠷᠪᠡ︶ ᠤᠷᠠᠳ ᠤᠨ ᠡᠮᠦᠨᠡᠲᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠪᠠ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ ᠳᠦᠷᠢᠮ ᠢ ᠲᠣᠭᠤᠰᠢᠯᠠᠭᠤᠯᠤᠨ ᠬᠡᠷᠡᠭᠵᠢᠭᠦᠯᠵᠦ᠂ ᠠᠵᠤ | ᠦᠢᠯᠡᠳᠪᠦᠷᠢ ᠶᠢᠨ ᠪᠠᠶᠢᠷᠢᠰᠢᠭᠤᠯᠤᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ | ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠵᠤ᠂ ᠬᠤᠰᠢᠭᠤᠨ ᠤ ᠳᠠᠪᠤᠰᠤᠨ ᠤ ᠦᠢᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ | ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠥᠬᠦ ᠬᠤᠰᠢᠭᠤᠨ ᠤ ᠠᠷᠠᠳ ᠤᠨ | ᠬᠡᠷᠡᠭᠯᠡᠭᠡᠨ ᠤ ᠲᠡᠰᠦᠷᠡᠬᠦ ᠪᠣᠳᠠᠰ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠤᠷᠠᠳ ᠤᠨ ᠡᠮᠦᠨᠡᠲᠦ ᠬᠤᠰᠢᠭᠤᠨ ᠤ ᠠᠵᠤ | ᠦᠢᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠴᠡᠪᠡᠷ | ᠦᠢᠯᠡᠳᠪᠦᠷᠢᠯᠡᠯ ᠢ ᠠᠬᠢᠭᠤᠯᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ | ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ | ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠯᠴᠠᠵᠤ᠂ ᠬᠠᠮᠢᠶ᠎ᠠ ᠪᠥᠬᠦᠶ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ | ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃ | ︵ᠳᠤᠯᠤᠭ᠎ᠠ︶ ᠲᠣᠨᠤᠭ ᠲᠥᠬᠦᠭᠡᠷᠦᠮᠵᠢ ᠦᠶ᠋ᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠮᠡᠷᠭᠡᠵᠢᠯ ᠲᠣᠨᠣᠭᠯᠠᠯ ᠤᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠪᠥᠬᠦ ᠬᠤᠰᠢᠭᠤᠨ ᠤ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ | ᠲᠦᠰᠢᠭᠯᠡᠨ ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ | ᠤᠯᠤᠰ ᠤᠨ ᠠᠵᠤ ᠦᠢᠯᠡᠳᠪᠦᠷᠢᠵᠢᠭᠦᠯᠬᠦ ᠶᠢ ᠠᠬᠢᠭᠤᠯᠤᠨ᠂ ᠮᠡᠷᠭᠡᠵᠢᠯ ᠲᠣᠨᠤᠭ ᠲᠥᠬᠦᠭᠡᠷᠦᠮᠵᠢ ᠶᠢ ᠣᠷᠣᠭᠤᠯᠵᠤ ᠠᠪᠴᠢᠷᠠᠬᠤ ᠶᠢ ᠵᠢᠯᠣᠭᠤᠳᠤᠨ | ᠰᠢᠨ᠎ᠡ ᠶᠢ ᠡᠭᠦᠳᠴᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ | ᠦᠢᠯᠡᠳ᠋ᠪᠦᠷᠢᠵᠢᠯᠲᠡ ᠶᠢᠨ ᠨᠡᠶᠢᠯᠡᠯ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ | ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠶ᠋ᠯᠡᠳᠪᠦᠷᠢ ᠶᠢᠨ ᠡᠵᠡᠮᠰᠢᠯ ᠤᠨ | ᠰᠢᠰᠲ᠋ᠧᠮ ᠤᠨ ᠲᠤᠤᠷ ᠰᠦ᠋ᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦ᠋ᠪᠰᠢᠨ ᠢ ᠬᠠᠷᠢᠬᠤᠴᠠᠨᠠ᠃ ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ | ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠪᠠᠶᠢᠭᠤᠯᠤᠯᠲᠠ᠂ ᠠᠵᠢᠯᠯᠠᠭᠠᠨ᠂ | ᠬᠠᠮᠢᠶᠠᠷᠤᠯᠲᠠ ᠶᠢ ᠬᠠᠷᠢᠭᠤᠴᠠᠨ᠎ᠠ᠃ | ︵ᠶᠢᠰᠦ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ | ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ | ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠨ | ᠲᠣᠭᠲᠠᠭᠠᠨ᠎ᠠ᠃ | ︵ᠠᠷᠪᠠ︶ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠣᠯᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠴᠤ᠂ ᠳᠤᠮᠳᠠ ᠪᠠᠭ᠎ᠠ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠭᠦᠢᠯᠭᠡᠭᠡᠨ ᠤ ᠪᠠᠷᠢᠮᠵᠢᠶᠠᠵᠢᠭᠤᠯᠤᠯᠲᠠ ᠪᠣᠯᠤᠨ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ᠂ ᠪᠠᠷᠠᠭ᠎ᠠ ᠶᠢᠨ | ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ | ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠠᠷᠪᠠᠨ ᠨᠢᠭᠡ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠳᠠ | ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠶᠡᠭᠡ ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ ᠤᠨ ᠲᠥᠯᠥᠪᠵᠢᠭᠦᠯᠭᠡ ᠪᠣᠯᠤᠨ ᠬᠤᠲᠠ ᠶᠢᠨ ᠬᠤᠳᠠᠯᠳᠤᠭᠠᠨ ᠤ ᠲᠣᠤᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡᠨ ᠤ ᠲᠣᠤᠷ ᠰᠦᠯᠵᠢᠶ᠎ᠡ ᠶᠢᠨ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ᠃ | ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠤᠨ ᠴᠡᠭᠴᠡᠯᠡᠨ ᠵᠢᠷᠤᠮᠵᠢᠭᠤᠯᠵᠤ᠂ | ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠢᠯᠭᠡᠭᠡᠨ ᠤ ᠠᠵᠢᠯ | ᠲᠥᠷᠥᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭᠠᠨ ᠤ ᠦᠶ᠋ᠯᠡᠴᠢᠯᠡᠭᠡᠨ ᠤ ᠦᠶ᠋ᠯᠡᠰ᠂ ᠲᠣᠮᠣ ᠬᠡᠯᠪᠡᠷᠢ ᠶᠢᠨ ᠠᠷᠠᠯᠵᠢᠶ᠎ᠠ | ᠬᠤᠳᠠᠯᠳᠤᠭᠠᠨ ᠤ ᠠᠷᠠᠯᠵᠢᠶ᠎ᠠ ᠬᠤᠳᠠᠯᠳᠤᠭ᠎ᠠ ᠶᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ︶ ᠬᠥᠳᠡᠯᠭᠡᠭᠡᠨ ᠤ ᠲᠠᠯᠠᠪᠤᠷ ᠤᠨ ᠠᠶᠤᠯᠭᠦᠢ | ᠦᠯᠡᠳᠪᠦᠷᠢᠯᠡᠯ ᠤᠨ ᠠᠵᠢᠯ᠃ | ︵ᠠᠷᠪᠠᠨ ᠭᠤᠷᠪᠠ︶ ᠪᠥᠬᠦ ᠬᠤᠰᠢᠭᠤᠨ ᠤ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠪᠠ ᠴᠢᠬᠤᠯᠠ | ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ | ᠃ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠰᠢᠨᠵᠢᠯᠡᠵᠦ ᠵᠠᠳᠠᠯᠤᠨ᠎ᠠ᠃ ᠲᠠᠸᠠᠷ ᠤᠨ ᠦᠨ᠎ᠡ | ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ | ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡᠯᠡᠯᠲᠡ ᠶᠢᠨ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠳᠡᠯ ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ ᠶᠢ ᠬᠠᠤᠯᠢ ᠶᠣᠰᠣᠭᠠᠷ ᠬᠢᠨᠠᠨ ᠬᠠᠮᠢᠶᠠᠷᠣᠨ᠎ᠠ᠃ | ︵ᠠᠷᠪᠠᠨ ᠳᠦᠷᠪᠡ︶ ᠭᠠᠳᠠᠭᠠᠳᠤ ᠠᠷᠠᠯᠵᠢᠶᠠᠨ ᠤ ᠨᠡᠮᠡᠭᠳᠡᠯ ᠢ ᠠᠬᠢᠭᠤᠯᠬᠤ ᠠᠷᠭ᠎ᠠ ᠬᠡᠯᠪᠡᠷᠢ ᠶᠢ ᠬᠤᠪᠢᠷᠠᠭᠤᠯᠬᠤ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ | ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠭᠠᠳᠠᠭᠠᠳᠤ ᠠᠷᠠᠯᠵᠢᠶᠠᠨ ᠤ ᠬᠠᠮᠢᠶ᠎ᠠ | ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ | ᠵᠣᠬᠢᠶᠠᠨ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ | ᠭᠠᠷᠭᠠᠯᠲᠠ ᠶᠢᠨ ᠬᠠᠮᠢᠶᠠᠷᠤᠯᠲᠠ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ | ᠵᠣᠷᠢᠭᠵᠢᠭᠤᠯᠬᠤ ᠠᠷᠠᠯᠵᠢᠶᠠᠨ ᠤ ᠲᠥᠷᠥ ᠶᠢᠨ ᠪᠣᠳᠣᠯᠭ᠎ᠠ ᠪᠠ ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ | ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠠᠷᠢᠮᠵᠢᠶᠠᠵᠢᠭᠤᠯᠬᠤ ᠠᠵᠢᠯ ᠢ ᠠᠬᠢᠭᠤᠯᠤᠨ᠎ᠠ᠃ | ᠮᠡᠷᠭᠡᠵᠢᠯ ᠢ ᠣᠷᠣᠭᠤᠯᠵᠤ ᠢᠷᠡᠬᠦ᠂ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠤᠯᠤᠰ ᠠᠴᠠ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ | ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠶ᠃ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠤᠨ ᠡᠷᠬᠡ ᠣᠯᠭᠤᠭᠰᠠᠨ ᠥᠷᠭᠡᠳᠬᠡᠨ ᠲᠠᠷᠬᠠᠭᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ | ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ | ᠠᠬᠢᠭᠤᠯᠬᠤ ᠪᠠ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ | ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠪᠦᠬᠦ ᠬᠤᠰᠢᠭᠤᠨ ᠤ ᠬᠤᠷᠠᠯ | ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠯᠴᠠᠭᠰᠠᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠳᠡᠭᠡᠳᠦ ᠱᠠᠲᠤᠨ ᠤ ᠬᠤᠳᠠᠯᠳᠤᠭᠠᠨ ᠤ | ᠶᠠᠪᠤᠳᠠᠯ ᠤᠨ ᠰᠠᠯᠠᠭ᠎ᠠ ᠮᠥᠴᠢᠷ ᠢ ᠬᠠᠪᠰᠤᠷᠤᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠭᠤᠣᠯᠴᠢ ᠠᠷᠠᠯᠵᠢᠶᠠᠨ ᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠤᠨ ᠮᠠᠨ ᠤ ᠬᠤᠰᠢᠭᠤᠨ ᠳᠤ ᠬᠤᠯᠪᠣᠭᠳᠠᠭᠰᠠᠨ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ ᠣᠷᠣᠯᠴᠠᠪᠠ᠃ ᠳᠤᠮᠳᠠᠳᠤ ᠤᠯᠤᠰ ᠲᠤ ᠰᠠᠭᠤᠭ᠎ᠠ | ᠠᠯᠪᠠᠨ ᠤ ᠲᠠᠯ᠎ᠠ ᠶᠢᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ ᠵᠢᠴᠢ ᠭᠠᠳᠠᠭᠠᠳᠤ ᠶᠢᠨ ᠬᠤᠳᠠᠯᠳᠤᠭᠠᠴᠢᠨ ᠤ ᠮᠠᠨ ᠤ ᠬᠤᠰᠢᠭᠤᠨ ᠳᠤ ᠰᠠᠭᠤᠭ᠎ᠠ | ᠲᠥᠯᠥᠭᠡᠯᠡᠭᠴᠢᠳ ᠤᠨ ᠪᠠᠶᠢᠭᠤᠯᠤᠮᠵᠢ ᠲᠠᠢ ᠬᠠᠷᠢᠯᠴᠠᠵᠤ᠂ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠲᠠᠢ | ᠬᠠᠷᠢᠯᠴᠠᠨ᠎ᠠ᠃︶ ᠬᠤᠳᠠᠯᠳᠤᠭ᠎ᠠ ᠡᠷᠬᠢᠯᠡᠬᠦ ᠭᠠᠵᠠᠷ᠃ | ︵ᠠᠷᠪᠠᠨ ᠳᠣᠯᠤᠭ᠎ᠠ︶ ᠪᠥᠬᠦ ᠬᠤᠰᠢᠭᠤᠨ ᠤ ᠭᠠᠳᠠᠭᠠᠳᠤ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠢ ᠬᠠᠷᠢᠭᠤᠴᠠᠵᠤ᠂ ᠮᠣᠩᠭᠤᠯ ᠤᠯᠤᠰ ᠪᠠ | ︽ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠪᠠ ᠬᠤᠲᠠ ᠶᠢᠨ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ | ᠪᠠᠷᠢᠯᠭ᠎ᠠ ᠳᠠᠭᠠᠭᠠᠴᠢᠯᠠᠬᠤ᠂ ᠭᠠᠳᠠᠭᠰᠢ ᠬᠥᠳᠡᠯᠮᠦᠷᠢ ᠦᠢᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ᠂ | ᠭᠠᠳᠠᠭᠠᠳᠤ ᠳᠤ ᠪᠡᠯᠡ ᠣᠷᠣᠭᠤᠯᠵᠤ ᠠᠵᠤ ᠠᠬᠤᠶᠢᠯᠠᠯ ᠡᠷᠭᠢᠯᠡᠬᠦ ᠶᠢ ᠬᠠᠤᠯᠢ ᠶᠣᠰᠣᠭᠠᠷ ᠬᠠᠮᠢᠶᠠᠷᠤᠨ᠎ᠠ︶ ᠤᠷᠠᠳ ᠤᠨ ᠡᠮᠦᠨᠡᠲᠦ ᠬᠤᠰᠢᠭᠤᠨ ᠤ | ᠭᠠᠳᠠᠭᠠᠳᠤ ᠶᠢ ᠲᠤᠰᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ | ᠭᠠᠳᠠᠭᠠᠳᠤ ᠶᠢ ᠲᠤᠰᠠᠯᠠᠬᠤ ᠲᠥᠷᠥᠯ ᠵᠦᠢᠯ ᠢ ᠡᠭᠦᠷᠭᠡᠯᠡᠨ᠎ᠡ᠃ | ︵ᠠᠷᠪᠠᠨ ᠨᠠᠶᠢᠮᠠ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠪᠠ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠡᠷᠭᠡ ᠵᠦᠢᠯᠡᠰ ᠢ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠭᠡᠷ᠎ᠡ ᠶᠢᠨ ᠲᠦᠷᠢᠮ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ | ︵ ᠠᠷᠪᠠ ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ ᠬᠤᠷᠢ ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠲᠠᠢ ᠬᠠᠮᠢᠶ᠎ᠠ | ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ | ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠬᠥᠭᠵᠢᠯᠲᠡ ᠶᠢ ᠠᠬᠢᠭᠤᠯᠤᠨ᠂ ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠰᠦᠯᠵᠢᠶᠡᠨ ᠤ | ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ | ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠠᠴᠠ ᠪᠥᠬᠦ ᠬᠤᠰᠢᠭᠤᠨ ᠤ ᠮᠡᠳᠡᠭᠡ ᠵᠠᠩᠭᠢᠵᠢᠯᠲᠠ ᠶᠢ | ᠠᠬᠢᠭᠤᠯᠬᠤ ᠠᠵᠢᠯ ᠢ ᠬᠠᠷᠢᠭᠤᠴᠠᠨ᠎ᠠ᠃ | 4. ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ︵1︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ | ᠳᠢᠭᠯᠢᠮ᠂ ᠠᠷᠢᠬᠢᠨ ᠤ ᠲᠥᠷᠥᠯ ᠤᠨ ᠭᠦᠢᠯᠭᠡᠭᠡ᠂ ᠡᠮ ᠤᠨ ᠵᠦᠢᠯ ᠤᠨ ᠭᠦᠢᠯᠭᠡᠭᠡᠨ ᠤ ᠬᠠᠮᠢᠶᠠᠷᠤᠯᠲᠠ ᠵᠡᠷᠭᠡ ᠲᠠᠯ᠎ᠠ ᠪᠠᠷ ᠬᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠦᠨᠡᠨᠴᠢ | ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ | ᠠᠬᠢᠭᠤᠯᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠠᠬᠢᠭᠤᠯᠬᠤ ᠶᠢ ᠬᠠᠷᠢᠭᠤᠴᠠᠨ᠎ᠠ᠃ ᠠᠷᠢᠬᠢᠨ ᠤ ᠵᠦᠢᠯ ᠤᠨ ᠭᠦᠢᠯᠭᠡᠭᠡᠨ ᠤ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠡᠮ ᠤᠨ ᠵᠦᠢᠯ ᠤᠨ ᠭᠦᠢᠯᠭᠡᠭᠡᠨ ᠤ ᠬᠦᠷᠢᠶᠡᠨ ᠤ | ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠨ᠎ᠠ᠃ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠭᠴᠢᠳ ᠢ ᠲᠥᠪᠯᠡᠷᠡᠭᠦᠯᠦᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ | ᠬᠡᠷᠡᠭᠵᠢᠭᠦᠯᠦᠯᠲᠡ ᠶᠢ ᠬᠠᠷᠢᠭᠤᠴᠠᠵᠤ᠂ ᠪᠥᠬᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ | ᠲᠠᠸᠠᠷ ᠦᠢᠯᠡᠳᠴᠦ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ︔ ᠠᠷᠢᠬᠢᠨ ᠤ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠠᠷᠢᠬᠢᠨ ᠤ ᠵᠦᠢᠯ ᠤᠨ ᠢᠳᠡᠭᠡᠨ ᠤ ᠠᠮᠤᠷ ᠲᠦᠪᠰᠢᠨ ᠢ | ᠬᠠᠷᠢᠭᠤᠴᠠᠨ᠎ᠠ᠃ ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠵᠢᠴᠢ | ᠡᠮ ᠤᠨ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠬᠡᠷᠡᠭᠵᠢᠭᠦᠯᠬᠦ ᠶᠢ ᠬᠠᠷᠢᠭᠤᠴᠠᠨ᠎ᠠ᠃ | ︵2︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠠᠯ᠎ᠠ ᠶᠢᠨ ᠡᠭᠦᠷᠭᠡ ᠬᠠᠷᠢᠬᠤᠴᠠᠯᠭᠠ ᠶᠢᠨ ᠠᠵᠢᠯ ᠤᠨ ᠬᠤᠪᠢᠶᠠᠷᠢᠯᠠᠯ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠪᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠬᠠᠷᠢᠭᠤᠴᠠᠨ᠎ᠠ᠃ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠠᠬᠤᠶ ᠠᠷᠠᠯᠵᠢᠶ᠎ᠠ ᠲᠠᠢ ᠬᠤᠯᠪᠣᠭᠳᠠᠬᠤ | ᠣᠯᠠᠨ ᠲᠠᠯ᠎ᠠ ᠪᠠ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠠᠳᠠᠭᠠᠳᠤ ᠬᠡᠯᠡᠯᠴᠡᠭᠡ᠂ ᠬᠤᠶᠠᠷ ᠲᠠᠯ᠎ᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠯᠴᠠᠭᠠᠨ ᠤ ᠵᠥᠪᠳᠡᠯᠴᠡᠬᠦ ᠲᠣᠭᠲᠠᠴᠠ ᠵᠡᠷᠭᠡ ᠠᠵᠢᠯ ᠢ ᠬᠠᠷᠢᠭᠤᠴᠠᠨ᠎ᠠ᠃ | 5. ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠬᠠᠷᠢᠭᠤᠴᠠᠯᠭ᠎ᠠ | ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠦᠢᠯᠡᠳᠬᠡᠯ ᠤᠨ ᠦᠢᠯᠡᠰ ᠤᠨ ᠬᠥᠭᠵᠢᠯᠲᠡ ᠶᠢ ᠳᠡᠮᠵᠢᠬᠦ | ᠲᠥᠷᠥ ᠶᠢᠨ ᠪᠣᠳᠣᠯᠭ᠎ᠠ ᠪᠠ ᠲᠤᠰᠬᠠᠶ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠶᠠᠳᠠᠭᠤ ᠬᠦᠴᠢᠷᠳᠡᠯᠲᠡᠶ ᠭᠠᠵᠠᠷ ᠣᠷᠣᠨ ᠳᠠᠰᠢ | ᠬᠡᠯᠪᠠᠶᠢᠯᠭᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠥᠲᠥᠴᠢ ᠠᠵᠤ | ᠠᠬᠤᠶᠢᠯᠠᠯ ᠢ ᠭᠤᠤᠯᠳᠠᠯᠭ᠎ᠠ ᠲᠠᠢ ᠪᠤᠶᠢᠵᠢᠭᠤᠯᠤᠨ ᠬᠥᠭᠵᠢᠭᠦᠯᠵᠦ᠂ ᠲᠠᠷᠢᠮᠠᠯ ᠤᠨ ᠦᠢᠯᠡᠰ ᠪᠠ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ | ᠳᠠᠶᠢᠴᠢᠯᠠᠪᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠠᠷᠠᠭ᠎ᠠ ᠶᠢᠨ ᠭᠦᠢᠯᠭᠡᠭᠡᠨ ᠤ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠤᠯ ᠢ ᠥᠷᠨᠢᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ᠃ | |