ᠤᠷᠠᠳ ᠤᠨ ᠡᠮᠦᠨᠡᠲᠦ ᠬᠤᠰᠢᠭᠤᠨ ᠤ  ᠲᠣᠬᠤᠢ ᠳᠣᠲᠣᠷᠠᠬᠢ ᠬᠡᠰᠡᠭ ᠪᠤᠰᠠᠭ ᠡᠯᠡᠰᠦᠨ ᠳᠣᠪᠣᠴᠠᠭ ᠢ ᠵᠠᠰᠠᠬᠤ ᠲᠦᠰᠦᠯ ︵2024-2025 ᠣᠨ︶
ᠨᠡᠶᠢᠲᠡᠯᠡᠭᠰᠡᠨ ᠴᠠᠭ᠄
2024/12/18
      ︽ᠪᠠᠶᠠᠨᠨᠠᠭᠤᠷ ᠬᠤᠲᠠ ᠶᠢᠨ ᠬᠠᠲᠤᠨ ᠭᠤᠤᠯ ᠤᠨ ︿几 ᠦᠰᠦᠭ﹀ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠦᠯ ︵2021 - 2030 ᠣᠨ︶︾ ᠪᠠ ᠬᠤᠲᠠ ᠶᠢᠨ ︽ᠭᠤᠷᠪᠠᠨ ᠤᠮᠠᠷᠠᠲᠤ︾ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ︽ᠲᠣᠬᠤᠢ ᠳᠣᠲᠣᠷᠠᠬᠢ ᠬᠡᠰᠡᠭ ᠪᠣᠰᠠᠭ ᠡᠯᠡᠰᠦ ᠶᠢ ᠵᠠᠰᠠᠬᠤ ᠡᠭᠦᠷᠭᠡ ᠶᠢ ᠪᠠᠭᠤᠯᠭᠠᠬᠤ ᠪᠠ ︿  ᠡᠯᠡᠰᠦᠨ ᠳᠣᠪᠣᠴᠠᠭ ᠤᠨ ᠳᠠᠷᠤᠭ᠎ᠠ﹀  ᠶᠢ ᠲᠣᠳᠣᠷᠬᠠᠶᠢᠯᠠᠬᠤ ᠲᠤᠬᠠᠶ ᠮᠡᠳᠡᠭᠳᠡᠯ︾ ︵︹2020︺ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠤᠶᠠᠷ ᠵᠢᠯ ᠤᠨ ᠳᠣᠲᠣᠷ᠎ᠠ ︵2024 - 2025 ᠣᠨ︶ ᠪᠠᠷ ᠬᠡᠰᠡᠭ ᠪᠤᠰᠠᠭ ᠢᠶᠠᠷ ᠡᠯᠡᠰᠦ ᠶᠢ ᠵᠠᠰᠠᠵᠤ ᠤᠰᠠᠳᠬᠠᠬᠤ ᠡᠭᠦᠷᠭᠡ ᠶᠢ ᠪᠡᠶᠡᠯᠡᠭᠦᠯᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠦᠨᠳᠦᠰᠦᠨ ᠪᠠᠶᠢᠳᠠᠯ      ᠤᠷᠠᠳ ᠤᠨ ᠡᠮᠦᠨᠡᠲᠦ ᠬᠤᠰᠢᠭᠤᠨ ᠤ ᠬᠡᠰᠡᠭ ᠪᠤᠰᠠᠭ ᠮᠠᠩᠬ᠎ᠠ ᠶᠢᠨ ᠲᠠᠷᠬᠠᠯᠲᠠ ᠶᠢᠨ ᠬᠡᠪᠴᠢᠶ᠎ᠡ ᠨᠢ  ᠰᠢ ᠰᠢᠶᠤᠤ ᠵᠣᠤ ᠪᠠᠯᠭᠠᠰᠤ᠂ ᠮᠤᠨᠠ ᠠᠭᠤᠯᠠ ᠪᠠᠯᠭᠠᠰᠤ᠂ ᠡᠷᠳᠡᠨᠢᠪᠤᠯᠠᠭ ᠰᠤᠮᠤ᠂  ᠰᠢ ᠱᠠᠨ ᠽᠦᠶ ᠲᠠᠷᠢᠶᠠᠯᠠᠩ ᠤᠨ ᠲᠠᠯᠠᠪᠠᠶ  ᠭᠤᠷᠪᠠᠨ ᠰᠤᠮᠤ  ᠪᠠᠯᠭᠠᠰᠣ ᠨᠢᠭᠡ ᠲᠠᠷᠢᠶᠠᠯᠠᠩ ᠤᠨ ᠲᠠᠯᠠᠪᠠᠶ ᠶᠢ ᠬᠠᠮᠤᠷᠴᠤ᠂ ᠮᠠᠩᠬ᠎ᠠ ᠶᠢᠨ ᠶᠡᠷᠦᠩᠬᠡᠶ ᠲᠠᠯᠠᠪᠠᠶ ᠨᠢ 19100 ᠮᠥ ᠪᠣᠯᠤᠨ᠎ᠠ᠃ ᠡᠭᠦᠨ ᠳᠤ ᠰᠢ ᠰᠢᠶᠤᠤ ᠵᠣᠣ ᠪᠠᠯᠭᠠᠰᠤᠨ ᠤ ᠬᠡᠰᠡᠭ ᠪᠤᠰᠠᠭ ᠡᠯᠡᠰᠦᠨ ᠳᠣᠪᠤ 2 ᠪᠠᠶᠢᠵᠤ᠂ ᠲᠠᠯᠠᠪᠠᠶ ᠨᠢ 1050 ᠮᠥ︔ ᠮᠤᠨᠠ ᠠᠭᠤᠯᠠ ᠪᠠᠯᠭᠠᠰᠤᠨ ᠤ ᠬᠡᠰᠡᠭ ᠪᠤᠰᠠᠭ ᠡᠯᠡᠰᠦᠨ ᠳᠣᠪᠤ 4 ᠪᠠᠶᠢᠵᠤ᠂ ᠲᠠᠯᠠᠪᠠᠶ ᠨᠢ 10610 ᠮᠥ︔ ᠰᠢ ᠱᠠᠨ ᠽᠦᠶ ᠲᠠᠷᠢᠶᠠᠯᠠᠩ ᠤᠨ ᠲᠠᠯᠠᠪᠠᠶ ᠶᠢᠨ ᠬᠡᠰᠡᠭ ᠪᠤᠰᠠᠭ ᠡᠯᠡᠰᠦᠨ ᠳᠣᠪᠤ 2 ᠪᠠᠶᠢᠵᠤ᠂ ᠲᠠᠯᠠᠪᠠᠶ ᠨᠢ 1050 ᠮᠥ︔ ᠡᠷᠳᠡᠨᠢᠪᠤᠯᠠᠭ ᠰᠤᠮᠤᠨ ᠳᠤ ᠬᠡᠰᠡᠭ ᠪᠤᠰᠠᠭ ᠡᠯᠡᠰᠦᠨ ᠳᠣᠪᠤ 7 ᠪᠠᠶᠢᠵᠤ᠂ ᠲᠠᠯᠠᠪᠠᠶ ᠨᠢ 6390 ᠮᠥ ᠪᠣᠯᠤᠨ᠎ᠠ᠃ ᠡᠯᠡᠰᠦ  ᠶᠢᠨ ᠲᠦᠷᠦᠯ ᠨᠢ ᠲᠣᠭᠲᠠᠮᠠᠯ ᠡᠯᠡᠰᠦᠨ ᠳᠣᠪᠤ ᠪᠣᠯᠬᠤ ᠪᠥᠭᠡᠳ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠨᠢ ᠬᠠᠮᠲᠤ ᠶᠢᠨ ᠥᠮᠴᠢ ᠪᠣᠯᠤᠨ᠎ᠠ᠃ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠄ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠪᠤᠳᠠ ᠮᠣᠳᠣ ᠶᠢ ᠣᠶᠢᠵᠢᠭᠤᠯᠬᠤ᠂ ᠨᠤᠲᠤᠭ ᠪᠡᠯᠴᠢᠭᠡᠷ ᠢ ᠬᠦᠷᠢᠶᠡᠯᠡᠬᠦ ᠵᠡᠷᠭᠡ ᠪᠣᠯᠤᠨ᠎ᠠ᠃     ᠬᠤᠶᠠᠷ᠂ ᠵᠠᠰᠠᠬᠤ ᠬᠠᠷᠠᠯᠲᠠ      2024 ᠣᠨ — 2025 ᠣᠨ ᠤ ᠵᠠᠰᠠᠯᠲᠠ ᠶᠢᠨ ᠶᠡᠷᠦᠩᠬᠡᠶ ᠡᠭᠦᠷᠭᠡ ᠪᠣᠯ 19100 ᠮᠥ ᠪᠣᠯᠤᠨ᠎ᠠ᠂ ᠡᠭᠦᠨ ᠳᠤ 2024 ᠣᠨ ᠳᠤ 18540 ᠮᠥ ᠶᠢ ᠪᠡᠶᠡᠯᠡᠭᠦᠯᠬᠦ ᠪᠠᠷ ᠲᠥᠯᠥᠪᠯᠡᠵᠦ᠂ 2025 ᠣᠨ ᠳᠤ 560 ᠮᠥ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠬᠡᠰᠡᠭ ᠪᠤᠰᠠᠭ ᠡᠯᠡᠰᠦ ᠮᠠᠩᠬ᠎ᠠ ᠶᠢ ᠪᠦᠲᠦᠮᠵᠢᠲᠡᠶ ᠵᠠᠰᠠᠬᠤ ᠪᠠᠷ ᠳᠠᠮᠵᠢᠭᠤᠯᠤᠨ᠂ ᠰᠠᠯᠬᠢ ᠡᠯᠡᠰᠦᠨ ᠤ ᠬᠥᠨᠥᠭᠡᠯ ᠢ ᠪᠠᠭᠠᠰᠬᠠᠵᠤ᠂ ᠬᠡᠰᠡᠭ ᠲᠠᠯ᠎ᠠ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠣᠨ᠎ᠠ᠂ ᠡᠨᠡ ᠨᠢ ᠲᠤᠬᠠᠶ ᠶᠢᠨ ᠭᠠᠵᠠᠷ ᠤᠨ  ᠠᠷᠠᠳ ᠲᠦᠮᠡᠨ ᠤ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠪᠠᠰᠠ ᠡᠷᠬᠢᠨ ᠲᠣᠭᠤᠷᠢᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ ᠪᠣᠯᠬᠤ ᠠᠯᠤᠰ ᠬᠡᠲᠦ ᠶᠢᠨ  ᠠᠴᠢ ᠬᠤᠯᠪᠣᠭᠳᠠᠯ ᠲᠠᠢ ᠶᠣᠮ᠃    ᠭᠤᠷᠪᠠ᠂ ᠠᠬᠢᠴᠠ ᠶᠢᠨ ᠲᠣᠬᠢᠷᠠᠭᠤᠯᠤᠯᠲᠠ      ᠲᠤᠰ ᠵᠦᠢᠯᠡᠰ ᠢ ᠬᠡᠷᠡᠭᠵᠢᠭᠦᠯᠬᠦ ᠬᠤᠭᠤᠴᠠᠭ᠎ᠠ ᠨᠢ ᠬᠤᠶᠠᠷ ᠵᠢᠯ ᠪᠣᠯᠤᠨ᠎ᠠ᠃ 2024 ᠣᠨ ᠳᠤ 18540 ᠮᠥ ᠶᠢ ᠪᠡᠶᠡᠯᠡᠭᠦᠯᠵᠦ᠂ ᠶᠡᠷᠦᠩᠬᠡᠶ ᠡᠭᠦᠷᠭᠡ ᠶᠢᠨ 97% ᠶᠢ ᠡᠵᠡᠯᠡᠨ᠎ᠡ᠂ ᠰᠢ ᠰᠢᠶᠤᠤ ᠵᠣᠣ ᠪᠠᠯᠭᠠᠰᠤᠨ ᠤ 2 ᠪᠠᠭ᠎ᠠ ᠠᠩᠭᠢ 1050 ᠮᠥ᠂ ᠮᠤᠨᠠ ᠠᠭᠤᠯᠠ ᠪᠠᠯᠭᠠᠰᠤᠨ ᠤ 4 ᠪᠠᠭ᠎ᠠ ᠠᠩᠭᠢ 10610 ᠮᠥ᠂ ᠰᠢ ᠱᠠᠨ ᠽᠦᠶ ᠲᠠᠷᠢᠶᠠᠯᠠᠩ ᠤᠨ ᠲᠠᠯᠠᠪᠠᠶ ᠶᠢᠨ 2 ᠪᠠᠭ᠎ᠠ ᠠᠩᠭᠢ 1050 ᠮᠥ᠂ ᠡᠷᠳᠡᠨᠢᠪᠤᠯᠠᠭ ᠰᠤᠮᠤᠨ ᠤ 4 ᠪᠠᠭ᠎ᠠ ᠠᠩᠭᠢ 5830 ᠮᠥ︔ 2025 ᠣᠨ ᠳᠤ 560 ᠮᠥ  ᠶᠢ ᠪᠡᠶᠡᠯᠡᠬᠦᠯᠦᠨ᠎ᠡ᠂ ᠡᠷᠳᠡᠨᠢᠪᠤᠯᠠᠭ ᠰᠤᠮᠤᠨ ᠤ 3 ᠪᠠᠭ᠎ᠠ ᠠᠩᠭᠢ ᠳᠤ 560 ᠮᠥ ᠃   ᠳᠥᠷᠪᠡ᠂ ᠵᠠᠰᠠᠬᠤ ᠠᠷᠭ᠎ᠠ ᠬᠡᠮᠵᠢᠶ᠎ᠡ      ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ᠄ ᠡᠯᠡᠰᠦ ᠶᠢ ᠪᠢᠲᠡᠭᠦᠮᠵᠢᠯᠡᠨ ᠤᠢ ᠮᠣᠳᠣ ᠪᠤᠶᠢᠵᠢᠭᠤᠯᠬᠤ᠂ ᠪᠤᠳᠠ ᠮᠣᠳᠣ ᠪᠠᠷ ᠣᠶᠢᠵᠢᠭᠤᠯᠬᠤ᠂ ᠲᠠᠯ᠎ᠠ ᠨᠤᠲᠤᠭ ᠢ ᠬᠦᠷᠢᠶᠡᠯᠡᠬᠦ ᠵᠡᠷᠭᠡ᠃     1. ᠰᠢ ᠰᠢᠶᠤᠤ ᠵᠣᠣ ᠪᠠᠯᠭᠠᠰᠤᠨ ᠤ ᠬᠡᠰᠡᠭ ᠪᠤᠰᠠᠭ ᠡᠯᠡᠰᠦᠨ ᠳᠣᠪᠣᠴᠠᠭ ᠤᠨ ᠲᠠᠯᠠᠪᠠᠶ 1050 ᠮᠥ᠃      ︵1︶  ᠨᠠᠢᠮᠠᠳᠠᠢ ᠶᠢᠨ 1 ᠪᠠᠭ᠎ᠠ ᠠᠩᠭᠢ ᠨᠢ ᠬᠤᠩ ᠯᠢᠦ ᠭᠧ ᠳ᠋ᠠᠨ ᠳᠤ ᠪᠠᠶᠢᠳᠠᠭ᠃ ᠡᠯᠡᠰᠦᠨ ᠳᠣᠪᠣᠴᠠᠭ ᠤᠨ ᠲᠠᠯᠠᠪᠠᠢ 150 ᠮᠦ᠂ ᠲᠤᠰ ᠡᠯᠡᠰᠦᠨ ᠳᠣᠪᠤ  ᠨᠢ ᠬᠠᠲᠤᠨ ᠭᠤᠣᠯ ᠤᠨ ᠦᠶᠡᠷ ᠢ ᠰᠡᠷᠭᠡᠶᠢᠯᠡᠬᠦ ᠬᠠᠰᠢᠯᠭ᠎ᠠ ᠳᠤ ᠪᠠᠶᠢᠨ᠎ᠠ ︔ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠵᠠᠰᠠᠬᠤ ᠬᠡᠪᠴᠢᠶᠡᠨ ᠳᠤ ᠬᠠᠷᠢᠶᠠᠯᠠᠭᠳᠠᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ ᠪᠣᠳᠠᠲᠠᠢ ᠬᠠᠷᠢᠭᠤᠴᠠᠨ᠎ᠠ ᠃ ᠲᠣᠰ ᠬᠡᠷᠡᠭᠵᠢᠭᠦᠯᠬᠦ ᠲᠥᠰᠦᠯ ᠳᠤ ᠪᠣᠳᠠᠲᠠᠶ ᠵᠠᠰᠠᠯᠲᠠ ᠨᠠᠶᠢᠷᠠᠭᠤᠯᠤᠨ ᠵᠣᠬᠢᠶᠠᠭᠰᠠᠨ ᠥᠬᠡᠶ᠃     ︵2︶  ᠨᠠᠢᠮᠠᠳᠠᠢ ᠶᠢᠨ  2 ᠪᠠᠭ᠎ᠠ ᠠᠩᠭᠢ ᠶᠢᠨ ᠡᠯ ᠸᠧᠨ ᠭᠧ ᠳ᠋ᠠᠨ ᠡᠯᠡᠰᠦᠨ ᠳᠣᠪᠣᠴᠠᠭ ᠤᠨ ᠲᠠᠯᠠᠪᠠᠶ ᠨᠢ 900 ᠮᠥ ᠪᠠᠶᠢᠵᠤ᠂  ᠰᠢ ᠰᠢᠶᠤᠤ ᠵᠣᠣ ᠪᠠᠯᠭᠠᠰᠤᠨ ᠤ ᠵᠠᠰᠠᠭ ᠤᠨ ᠣᠷᠳᠣᠨ ᠪᠠ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠡᠰᠡᠭ ᠭᠠᠵᠠᠷ ᠢᠶᠠᠷ ᠲᠥᠯᠥᠪᠵᠢᠭᠦᠯᠵᠦ᠂ ᠲᠣᠰ ᠬᠡᠷᠡᠭᠵᠢᠭᠦᠯᠬᠦ ᠲᠥᠰᠦᠯ ᠳᠤ ᠵᠠᠰᠠᠬᠤ ᠠᠷᠭ᠎ᠠ ᠬᠡᠮᠵᠢᠶ᠎ᠡ ᠵᠢᠴᠢ ᠪᠠᠯᠠ ᠣᠷᠣᠭᠤᠯᠤᠯᠲᠠ ᠶᠢᠨ ᠲᠦᠢᠮᠣ ᠲᠥᠰᠦᠪ ᠢ ᠨᠠᠶᠢᠷᠠᠭᠤᠯᠤᠨ ᠵᠣᠬᠢᠶᠠᠭᠰᠠᠨ ᠥᠬᠡᠶ᠃    2. ᠮᠤᠨᠠ ᠠᠭᠤᠯᠠ ᠪᠠᠯᠭᠠᠰᠤᠨ ᠤ ᠬᠡᠰᠡᠭ ᠪᠤᠰᠠᠭ ᠡᠯᠡᠰᠦᠨ ᠳᠣᠪᠣᠴᠠᠭ ᠤᠨ ᠲᠠᠯᠠᠪᠠᠶ 10610 ᠮᠥ᠃     ︵1︶ ᠶᠠᠨ ᠬᠠᠢ ᠲᠣᠰᠬᠤᠨ ᠤ 1 ᠪᠠᠭ᠎ᠠ ᠠᠩᠭᠢ ᠨᠢ ᠰᠢ ᠱᠠ ᠸᠠᠨ ᠳᠤ ᠪᠠᠶᠢᠵᠤ᠂  ᠡᠯᠡᠰᠦᠨ ᠳᠣᠪᠣᠴᠠᠭ ᠤᠨ ᠲᠠᠯᠠᠪᠠᠢ 1150 ᠮᠦ᠂ ᠨᠢᠭᠡᠨᠲᠡ ᠵᠢᠮᠢᠰ ᠤᠨ ᠮᠣᠳᠣ ᠪᠠ ᠬᠠᠮᠠᠭᠠᠯᠠᠯᠲᠠ ᠶᠢᠨ ᠣᠢ ᠶᠢ 333 ᠮᠥ ᠲᠠᠷᠢᠪᠠ᠂ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠳᠤᠮᠳᠠ ᠨᠢᠯᠬ᠎ᠠ ᠮᠣᠳᠣᠨ ᠤ ᠤᠢ ᠮᠣᠳᠣ ᠶᠢ ᠠᠷᠠᠴᠢᠯᠠᠨ ᠪᠤᠶᠢᠵᠢᠭᠤᠯᠵᠤ᠂ ᠤᠢ ᠮᠣᠳᠣᠨ ᠤ ᠬᠡᠰᠡᠭᠯᠡᠯ ᠤᠨ ᠡᠷᠡᠭᠦᠯ ᠢᠶᠠᠷ ᠪᠤᠶᠢᠵᠢᠬᠤ ᠶᠢ ᠠᠬᠢᠭᠤᠯᠵᠤ᠂ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠯᠡᠳᠡᠭᠰᠡᠨ ᠬᠡᠰᠡᠭ ᠢ ᠨᠢ ᠬᠦᠷᠢᠶᠡᠯᠡᠨ ᠪᠢᠲᠡᠭᠦᠮᠵᠢᠯᠡᠵᠦ ᠵᠠᠰᠠᠨ᠎ᠠ᠃    ︵2︶ ᠶᠠᠨ ᠬᠠᠢ ᠲᠣᠰᠬᠤᠨ ᠤ 2 ᠪᠠᠭ᠎ᠠ ᠠᠩᠬᠢ ᠨᠢ ᠰᠢ ᠱᠠ ᠸᠠᠨ ᠳᠤ ᠪᠠᠶᠢᠷᠢᠯᠠᠵᠤ᠂ 3 ᠪᠠᠭ᠎ᠠ ᠠᠩᠬᠢ ᠨᠢ ᠬᠤᠶᠢᠲᠤ ᠶᠡᠭᠡ ᠬᠠᠰᠢᠯᠭ᠎ᠠ ᠳᠤ ᠪᠠᠶᠢᠷᠢᠯᠠᠵᠤ᠂ ᠡᠯᠡᠰᠦᠨ ᠲᠤᠪᠤ ᠶᠢᠨ ᠲᠠᠯᠠᠪᠠᠢ ᠨᠢ 8810 ᠮᠦ᠂ ᠵᠠᠰᠠᠬᠤ ᠠᠷᠭ᠎ᠠ ᠬᠡᠮᠵᠢᠶ᠎ᠡ ᠶᠢᠨ ᠲᠥᠯᠥᠪᠵᠢᠭᠦᠯᠭᠡ  ᠨᠢ ᠡᠯᠡᠰᠦ ᠶᠢ ᠪᠢᠲᠡᠭᠦᠮᠵᠢᠯᠡᠨ ᠤᠢ ᠪᠤᠶᠢᠵᠢᠭᠤᠯᠬᠤ᠂ ᠲᠣᠣᠷ ᠢ ᠬᠦᠷᠢᠶᠡᠯᠡᠨ ᠪᠢᠲᠡᠭᠦᠮᠵᠢᠯᠡᠬᠦ᠂ ᠲᠣᠣᠷ ᠤᠨ ᠳᠣᠲᠣᠷ᠎ᠠ 5 ᠮᠥᠷ ᠡᠯᠡᠰᠦᠨ ᠴᠢᠪᠠᠭ᠎ᠠ ᠶᠢᠨ ᠬᠦᠪᠡᠭᠡ ᠲᠠᠢ ᠤᠢ ᠲᠠᠷᠢᠬᠤ᠂ ᠣᠶᠢᠵᠢᠭᠤᠯᠬᠤ ᠵᠠᠭᠪᠤᠷ  ᠨᠢ ᠮᠣᠳᠣᠨ ᠤ ᠵᠠᠢ  ᠶᠢ 3  ᠮᠧᠲᠷ᠂ ᠮᠥᠷ ᠤᠨ ᠵᠠᠢ ᠶᠢ 4  ᠮᠧᠲᠷ᠂ ᠬᠦᠷᠢᠶᠡᠨ ᠤ ᠳᠣᠲᠣᠷ᠎ᠠ ᠠᠳᠠᠯᠢ ᠪᠤᠰᠤ ᠭᠠᠵᠠᠷ ᠤᠨ ᠨᠥᠬᠦᠴᠡᠯ ᠢᠶᠠᠷ ᠡᠯᠡᠰᠦᠨ ᠪᠤᠷᠭᠠᠰᠤ᠂ ᠣᠷᠬᠢᠴᠠ ︵ᠨᠢᠭᠡ ᠨᠦᠬᠡᠨ ᠳᠤ ᠬᠤᠶᠠᠷ ᠰᠠᠭᠤᠷᠢ ᠪᠤᠢ︶ ᠵᠡᠷᠭᠡ ᠶᠢ ᠲᠠᠷᠢᠵᠤ᠂ ᠣᠶᠢᠵᠢᠭᠤᠯᠬᠤ ᠵᠠᠭᠪᠤᠷ ᠢᠶᠠᠷ ᠬᠤᠶᠠᠷ ᠮᠥᠷ ᠨᠢᠭᠡ ᠪᠦᠰᠡ᠂ ᠪᠦᠰᠡ ᠶᠢᠨ ᠵᠠᠢ  ᠶᠢ 5 ᠮᠧᠲᠷ᠂ ᠮᠣᠳᠣᠨ ᠤ ᠮᠦᠷ ᠤᠨ ᠵᠠᠢ ᠨᠢ 1 ᠮᠧᠲᠷ᠂ ᠮᠣᠳᠣᠨ ᠤ ᠵᠠᠢ ᠶᠢ 2 ᠮᠧᠲᠷ ᠃    ︵3︶  ᠲᠠᠪᠤ ᠲᠣᠰᠬᠤᠨ ᠤ 1 ᠪᠠᠭ᠎ᠠ ᠠᠩᠭᠢ ᠨᠢ  ᠲᠠᠪᠤ ᠲᠣᠰᠬᠤᠨ ᠤ ᠪᠠᠷᠠᠭᠤᠨ ᠲᠠᠯ᠎ᠠ ᠳᠤ ᠪᠠᠶᠢᠷᠢᠯᠠᠵᠤ᠂ 650 ᠮᠦ ᠡᠯᠡᠰᠦᠨ ᠳᠣᠪᠣᠴᠠᠭ ᠤᠨ ᠲᠠᠯᠠᠪᠠᠢ ᠲᠠᠢ᠂ ᠵᠠᠰᠠᠬᠤ ᠠᠷᠭ᠎ᠠ ᠬᠡᠮᠵᠢᠶ᠎ᠡ ᠶᠢᠨ ᠲᠥᠯᠥᠪᠵᠢᠭᠦᠯᠭᠡ  ᠨᠢ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ ᠭᠠᠳᠠᠭᠤᠷᠬᠢ ᠲᠣᠣᠷ ᠢ ᠬᠦᠷᠢᠶᠡᠯᠡᠨ ᠪᠢᠲᠡᠭᠦᠮᠵᠢᠯᠡᠨ᠎ᠡ᠃    3. ᠰᠢ ᠱᠠᠨ ᠽᠦᠶ ᠲᠠᠷᠢᠶᠠᠯᠠᠩ ᠤᠨ ᠲᠠᠯᠠᠪᠠᠶ ᠶᠢᠨ ᠬᠡᠰᠡᠭ ᠪᠤᠰᠠᠭ ᠡᠯᠡᠰᠦᠨ ᠳᠣᠪᠤ ᠨᠢ ᠬᠤᠶᠠᠳᠤᠭᠠᠷ ᠬᠤᠪᠢᠶᠠᠷᠢ ᠲᠠᠯᠠᠪᠠᠶ ᠳᠤ ᠪᠠᠶᠢᠷᠢᠰᠢᠵᠤ᠂ 1᠂ 2 ᠪᠠᠭ᠎ᠠ ᠠᠩᠬᠢ  ᠶᠢᠨ ᠡᠯᠡᠰᠦᠨ ᠳᠣᠪᠤ ᠨᠢ 1050 ᠮᠥ ᠪᠠᠶᠢᠵᠤ᠂ ᠨᠢᠭᠡᠨᠲᠡ ᠰᠢ ᠱᠠᠨ ᠽᠦᠶ ᠲᠠᠷᠢᠶᠠᠯᠠᠩ ᠤᠨ ᠲᠠᠯᠠᠪᠠᠶ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠣᠯᠭᠠᠨ ᠨᠡᠭᠡᠭᠡᠨ ᠬᠥᠭᠵᠢᠭᠦᠯᠵᠦ᠂ ᠬᠦᠷᠢᠶᠡᠯᠡᠩ ᠲᠣᠭᠤᠷᠢᠭ ᠤᠨ ᠳᠣᠲᠣᠷᠠᠬᠢ ᠵᠠᠮ ᠤᠨ ᠬᠤᠶᠠᠷ ᠬᠠᠵᠠᠭᠤ ᠪᠠᠷ ᠨᠢᠭᠡᠨᠲᠡ ᠨᠣᠭᠤᠭᠠᠷᠠᠭᠤᠯᠵᠤ᠂ ᠨᠡᠶᠢᠲᠡ 200 ᠮᠥ ᠬᠠᠯᠬᠠᠪᠴᠢ ᠣᠶ ᠳᠠᠷᠢᠵᠤ᠂ ᠨᠢᠭᠡᠨᠲᠡ ᠵᠠᠰᠠᠭᠰᠠᠨ ᠲᠣᠰ ᠬᠡᠷᠡᠭᠵᠢᠭᠦᠯᠬᠦ ᠲᠥᠰᠦᠯ ᠳᠤ ᠵᠠᠰᠠᠬᠤ ᠠᠷᠭ᠎ᠠ ᠬᠡᠮᠵᠢᠶ᠎ᠡ ᠪᠠ ᠪᠠᠯᠠ ᠣᠷᠣᠭᠤᠯᠤᠯᠲᠠ ᠶᠢᠨ ᠲᠦᠢᠮᠣ ᠲᠥᠰᠦᠪ ᠢ ᠨᠠᠶᠢᠷᠠᠭᠤᠯᠤᠨ ᠵᠣᠬᠢᠶᠠᠭᠰᠠᠨ ᠥᠬᠡᠶ ᠪᠠᠶᠢᠳᠠᠯ ᠳᠤ ᠲᠣᠭᠠᠴᠠᠭᠳᠠᠨ᠎ᠠ᠃     4᠂ ᠡᠷᠳᠡᠨᠢᠪᠤᠯᠠᠭ ᠰᠤᠮᠤ ᠶᠢᠨ ᠬᠡᠰᠡᠭ ᠪᠤᠰᠠᠭ ᠡᠯᠡᠰᠦᠨ ᠲᠣᠪᠣᠴᠠᠭ 6 390 ᠮᠦ᠃     ︵1︶  ᠣᠷᠪᠣᠭ ᠭᠠᠴᠠᠭᠠᠨ ᠤ 1 ᠪᠠᠭ᠎ᠠ ᠠᠩᠭᠢ ᠤᠯᠠᠭᠠᠨᠰᠤᠬᠠᠢ ᠶᠢᠨ ᠵᠡᠭᠦᠨ ᠡᠷᠭᠢ ᠳᠤ ᠪᠠᠶᠢᠷᠢᠯᠠᠵᠤ᠂ ᠲᠠᠯᠠᠪᠠᠶ ᠨᠢ 1550 ᠮᠥ᠂ ᠨᠢᠭᠡᠨᠲᠡ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠵᠠᠰᠠᠬᠤ ᠬᠦᠷᠢᠶ᠎ᠡ ᠬᠡᠪᠴᠢᠶᠡᠨ ᠳᠤ ᠲᠥᠯᠥᠪᠵᠢᠭᠦᠯᠵᠦ᠂ ᠵᠠᠰᠠᠬᠤ ᠠᠷᠭ᠎ᠠ ᠬᠡᠮᠵᠢᠶ᠎ᠡ ᠶᠢ ᠨᠤᠲᠤᠭ ᠪᠡᠯᠴᠢᠭᠡᠷ ᠤᠨ ᠬᠦᠷᠢᠶ᠎ᠡ ᠪᠣᠯᠭᠠᠵᠤ᠂ ᠵᠠᠰᠠᠬᠤ ᠬᠤᠷᠳᠤᠴᠠ ᠶᠢ ᠲᠦᠷᠭᠡᠳᠬᠡᠬᠦ ᠶᠢᠨ ᠲᠥᠯᠥᠭᠡ᠂ ᠪᠣᠷᠣᠭᠠᠨ ᠤ ᠤᠯᠠᠷᠢᠯ ᠳᠤ ᠬᠠᠭᠠᠯᠪᠤᠷᠢᠯᠠᠬᠤ ᠥᠬᠡᠶ ᠪᠠᠷ ᠨᠥᠬᠦᠵᠦ ᠳᠠᠷᠢᠬᠤ ᠠᠷᠭ᠎ᠠ ᠬᠡᠮᠵᠢᠶ᠎ᠡ ᠠᠪᠴᠤ᠂ ᠵᠣᠬᠢᠰᠲᠠᠶ ᠨᠥᠬᠦᠵᠦ ᠳᠠᠷᠢᠵᠤ᠂ ᠮᠣᠳᠣᠨ ᠤ ᠲᠥᠷᠥᠯ ᠨᠢ ᠭᠤᠤᠯᠳᠠᠭᠤ ᠬᠠᠷᠭᠠᠨ᠎ᠠ᠂ ᠦᠷ᠎ᠡ ᠶᠢᠨ ᠰᠢᠷᠠᠯᠵᠢ ᠵᠡᠷᠭᠡ ᠶᠢ ᠲᠥᠯᠥᠪᠵᠢᠭᠦᠯᠪᠡ᠃     ︵2︶  ᠣᠷᠪᠣᠭ ᠭᠠᠴᠠᠭ᠎ᠠ ᠶᠢᠨ 2 ᠪᠠᠭ᠎ᠠ ᠠᠩᠭᠢ ᠶᠢᠨ ᠬᠢᠨ ᠭᠠᠴᠠᠭᠠᠨ ᠤ ᠮᠧᠩ ᠶᠠᠩ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠤᠶᠢᠲᠤ ᠲᠠᠯ᠎ᠠ ᠳᠤ ᠪᠠᠶᠢᠷᠢᠯᠠᠵᠤ᠂ 180 ᠮᠥ ᠲᠠᠯᠠᠪᠠᠶ ᠭᠠᠷᠭᠠᠵᠤ᠂ ᠵᠠᠰᠠᠬᠤ ᠠᠷᠭ᠎ᠠ ᠬᠡᠮᠵᠢᠶ᠎ᠡ ᠠᠪᠴᠤ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ ᠭᠠᠳᠠᠷ ᠬᠦᠷᠢᠶᠡᠨ ᠤ ᠲᠣᠤᠷ ᠢᠶᠠᠷ ᠬᠦᠷᠢᠶᠡᠯᠡᠨ ᠪᠢᠲᠡᠭᠦᠮᠵᠢᠯᠡᠵᠦ᠂ ᠲᠣᠤᠷ ᠢᠶᠠᠷ ᠬᠦᠷᠢᠶᠡᠯᠡᠭᠰᠡᠨ ᠬᠡᠷᠡᠰᠬᠡ ᠳᠤ 5 ᠮᠥᠷ ᠴᠢᠪᠠᠭ᠎ᠠ ᠶᠢᠨ ᠬᠥᠪᠡᠭᠡ ᠶᠢᠨ ᠣᠶ ᠳᠠᠷᠢᠵᠤ ᠂ ᠣᠶᠢᠵᠢᠭᠤᠯᠤᠯᠲᠠ ᠶᠢᠨ ᠵᠠᠭᠪᠤᠷ ᠨᠢ ᠰᠠᠭᠤᠷᠢ ᠶᠢᠨ ᠵᠠᠶ 3  ᠮᠧᠲᠷ᠂ ᠮᠥᠷ ᠤᠨ ᠵᠠᠶ ᠨᠢ 4 ᠮᠧᠲᠷ ᠪᠣᠯᠤᠨ᠎ᠠ᠃     ︵3︶  ᠣᠷᠪᠣᠭ ᠭᠠᠴᠠᠭᠠᠨ ᠤ 3 ᠪᠠ 4 ᠪᠠᠭ᠎ᠠ ᠠᠩᠭᠢ ᠨᠢ ᠪᠠᠷᠠᠭᠤᠨ  ᠰᠢᠭᠡᠲᠡᠢ ᠶᠢᠨ ᠵᠠᠮ ᠤᠨ ᠵᠡᠭᠦᠨ ᠲᠠᠯ᠎ᠠ ᠳᠤ ᠪᠠᠶᠢᠷᠢᠯᠠᠵᠤ᠂ 380 ᠮᠦ ᠲᠠᠯᠠᠪᠠᠢ ᠲᠠᠢ᠂ ᠨᠢᠭᠡᠨᠲᠡ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠵᠠᠰᠠᠬᠤ ᠬᠡᠪᠴᠢᠶᠡᠨ ᠳᠤ ᠵᠠᠰᠠᠬᠤ ᠪᠠᠷ ᠲᠥᠯᠥᠪᠯᠡᠵᠦ᠂ ᠵᠠᠰᠠᠬᠤ ᠠᠷᠭ᠎ᠠ ᠬᠡᠮᠵᠢᠶ᠎ᠡ ᠨᠢ ᠪᠣᠳᠠ ᠮᠣᠳᠣ ᠪᠠᠷ ᠣᠶᠢᠵᠢᠭᠤᠯᠵᠤ ᠬᠠᠷᠭᠠᠨ᠎ᠠ  ᠲᠠᠷᠢᠨ᠎ᠠ᠃ ᠣᠶᠢᠵᠢᠭᠤᠯᠤᠯᠲᠠ ᠶᠢᠨ ᠵᠠᠭᠪᠤᠷ ᠨᠢ ᠬᠤᠶᠠᠷ ᠮᠥᠷ ᠣᠷᠴᠢᠮ ᠪᠠᠶᠢᠵᠤ᠂ ᠪᠦᠰᠡ ᠶᠢᠨ ᠵᠠᠢ ᠨᠢ 5ᠮᠧᠲᠷ᠂ ᠮᠥᠷ ᠤᠨ ᠵᠠᠶ ᠨᠢ 1 ᠮᠧᠲᠷ᠂ ᠰᠠᠭᠤᠷᠢ ᠶᠢᠨ ᠵᠠᠶ ᠨᠢ 2 ᠮᠧᠲᠷ  ᠪᠣᠯᠣᠨ᠎ᠠ᠃     ︵4︶ ᠰᠢ ᠶᠠᠩ ᠴᠠᠩ ᠭᠠᠴᠠᠭᠠᠨ ᠤ 1᠂ 3 ᠪᠠᠭ᠎ᠠ ᠠᠩᠭᠢ ᠨᠢ᠂ 680 ᠮᠦ ᠲᠠᠯᠠᠪᠠᠢ ᠲᠠᠢ᠂ ᠨᠢᠭᠡᠨᠲᠡ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠵᠠᠰᠠᠯᠲᠠ ᠶᠢᠨ ᠬᠡᠪᠴᠢᠶᠡᠨ ᠳᠣᠲᠣᠷ᠎ᠠ  ᠪᠣᠢ᠂ ᠵᠠᠰᠠᠬᠤ ᠠᠷᠭ᠎ᠠ ᠬᠡᠮᠵᠢᠶ᠎ᠡ ᠨᠢ ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ ᠶᠢ ᠲᠥᠯᠥᠪᠵᠢᠭᠦᠯᠵᠦ᠂ ᠵᠠᠰᠠᠬᠤ ᠬᠤᠷᠳᠤᠴᠠ ᠶᠢ ᠲᠦᠷᠭᠡᠳᠬᠡᠬᠦ ᠶᠢᠨ ᠲᠥᠯᠥᠭᠡ᠂ ᠪᠣᠷᠣᠭᠠᠨ ᠤ ᠤᠯᠠᠷᠢᠯ ᠳᠤ ᠬᠥᠮᠦᠨ ᠤ ᠬᠦᠴᠦ ᠪᠠᠷ ᠰᠠᠴᠤᠬᠤ ᠠᠷᠭ᠎ᠠ ᠬᠡᠮᠵᠢᠶ᠎ᠡ ᠠᠪᠴᠤ᠂ ᠵᠣᠬᠢᠰᠲᠠᠶ ᠨᠥᠬᠦᠵᠦ ᠳᠠᠷᠢᠵᠤ᠂ ᠮᠣᠳᠣᠨ ᠤ ᠲᠥᠷᠥᠯ ᠨᠢ ᠭᠤᠤᠯ ᠨᠢ ᠬᠠᠷᠭᠠᠨ᠎ᠠ᠂ ᠤᠯᠢᠶᠠᠰᠤᠨ ᠮᠣᠳᠣ᠂ ᠴᠡᠴᠡᠭ ᠤᠨ ᠰᠢᠳᠠᠮ᠂ ᠦᠷ᠎ᠡ ᠶᠢᠨ ᠰᠢᠷᠠᠯᠵᠢ ᠵᠡᠷᠭᠡ ᠦᠷ᠎ᠡ ᠪᠣᠯᠤᠨ᠎ᠠ᠃     ︵5︶ ᠰᠢ ᠶᠠᠩ ᠴᠠᠩ ᠭᠠᠴᠠᠭᠠᠨ ᠤ 2 ᠪᠠᠭ᠎ᠠ ᠠᠩᠬᠢ ᠨᠢ ᠲᠣᠰᠬᠤᠨ ᠤ ᠬᠤᠶᠢᠲᠤ ᠦᠵᠤᠭᠦᠷ ᠤᠨ  ᠣᠯᠠᠭᠠᠨᠰᠣᠬᠠᠢ ᠨᠠᠭᠤᠷ ᠤᠨ ᠵᠡᠭᠦᠨ ᠡᠷᠭᠢ ᠳᠤ ᠪᠠᠶᠢᠷᠢᠯᠠᠵᠤ᠂ 3600 ᠮᠦ ᠲᠠᠯᠠᠪᠠᠢ ᠲᠠᠢ᠂ ᠨᠢᠭᠡᠨᠲᠡ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠵᠠᠰᠠᠯᠲᠠ ᠶᠢᠨ ᠬᠡᠪᠴᠢᠶᠡᠨ ᠳᠤ ᠮᠣᠳᠣ ᠲᠠᠷᠢᠬᠤ ᠪᠠᠷ ᠲᠥᠯᠥᠪᠵᠢᠭᠦᠯᠵᠦ᠂ ᠣᠶᠢᠵᠢᠭᠤᠯᠬᠤ ᠠᠷᠭ᠎ᠠ ᠬᠡᠮᠵᠢᠶ᠎ᠡ ᠨᠢ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ ᠂ ᠵᠠᠰᠠᠬᠤ ᠬᠤᠷᠳᠤᠴᠠ ᠶᠢ ᠲᠦᠷᠭᠡᠳᠬᠡᠬᠦ ᠶᠢᠨ ᠲᠥᠯᠥᠭᠡ᠂ ᠪᠣᠷᠣᠭᠠᠨ ᠤ ᠤᠯᠠᠷᠢᠯ ᠳᠤ ᠬᠠᠭᠠᠯᠪᠤᠷᠢᠯᠠᠬᠤ ᠥᠬᠡᠶ ᠪᠠᠷ ᠨᠥᠬᠦᠵᠦ ᠳᠠᠷᠢᠬᠤ ᠠᠷᠭ᠎ᠠ ᠬᠡᠮᠵᠢᠶ᠎ᠡ ᠠᠪᠴᠤ᠂ ᠵᠣᠬᠢᠰᠲᠠᠶ ᠨᠥᠬᠦᠵᠦ ᠳᠠᠷᠢᠵᠤ᠂ ᠮᠣᠳᠣᠨ ᠤ ᠲᠥᠷᠥᠯ ᠨᠢ ᠭᠤᠤᠯᠳᠠᠭᠤ ᠬᠠᠷᠭᠠᠨ᠎ᠠ᠂ ᠦᠷ᠎ᠡ ᠶᠢᠨ ᠰᠢᠷᠠᠯᠵᠢ ᠵᠡᠷᠭᠡ ᠪᠣᠯᠤᠨ᠎ᠠ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠳᠬᠠᠨ᠎ᠠ     ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠪᠠ ᠰᠤᠮᠤ ᠪᠠᠯᠭᠠᠰᠤ᠂ ᠭᠠᠴᠠᠭ᠎ᠠ ᠲᠣᠰᠬᠤᠨ ᠬᠠᠮᠲᠤᠷᠠᠨ ᠲᠥᠷᠥᠯ  ᠵᠦᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠲᠥᠷᠥᠯ ᠵᠦᠢᠯ ᠢ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ ᠠᠵᠢᠯ ᠢᠶᠠᠨ ᠥᠷᠨᠢᠭᠦᠯᠦᠨ᠎ᠡ᠃ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠰᠤᠮᠤ ᠪᠠᠯᠭᠠᠰᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠠᠵᠢᠯ ᠤᠨ ᠶᠠᠰᠤ ᠴᠢᠨᠠᠷ ᠢ ᠵᠠᠰᠠᠭ ᠤᠨ ᠠᠵᠢᠯ ᠤᠨ ᠪᠦᠲᠦᠮᠵᠢ ᠲᠠᠢ ᠬᠤᠯᠪᠣᠭᠳᠠᠭᠤᠯᠵᠤ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ  ᠪᠠᠲᠣᠯᠠᠨ᠎ᠠ᠃     ︵ᠬᠤᠶᠠᠷ︶ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ    ︽ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠠᠤᠯᠢ︾᠂ ︽ᠣᠶ ᠰᠢᠭᠤᠶ ᠶᠢᠨ ᠬᠠᠤᠯᠢ︾᠂ ︽ᠨᠤᠲᠤᠭ ᠪᠡᠯᠴᠢᠭᠡᠷ ᠤᠨ ᠬᠠᠤᠯᠢ︾ ᠂ ︽ᠨᠤᠭᠤ ᠭᠠᠵᠠᠷ ᠢ ᠬᠠᠮᠠᠭᠠᠯᠠᠬᠤ ᠬᠠᠤᠯᠢ︾᠂ ︽ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠣᠶ ᠮᠣᠳᠣ ᠶᠢ ᠳᠤᠷ᠎ᠠ ᠪᠠᠷ ᠢᠶᠠᠨ ᠣᠭᠲᠣᠯᠬᠤ᠂ ᠣᠶ ᠰᠢᠭᠤᠶ ᠶᠢᠨ ᠭᠠᠵᠠᠷ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠬᠠᠭᠠᠯᠪᠤᠷᠢᠯᠠᠨ ᠡᠵᠡᠯᠡᠬᠦ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠵᠤ ᠠᠩᠨᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃     ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ     ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠤᠨ ᠬᠢᠨ ᠣᠷᠣᠯᠴᠠᠬᠤ︾ ᠵᠠᠷᠴᠢᠮ ᠤᠨ ᠶᠣᠰᠣᠭᠠᠷ᠂ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠭᠤᠯᠵᠤ᠂ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠨᠢ ᠥᠷᠭᠡᠵᠢᠭᠦᠯᠦᠨ᠂ ᠦᠷᠭᠦᠯᠵᠢᠯᠡᠨ ᠲᠣᠭᠲᠠᠭᠤᠨ ᠣᠯᠠᠨ ᠨᠡᠶᠢᠲᠡ ᠶᠢᠨ ᠡᠳ᠋ ᠤᠨ ᠵᠠᠰᠠᠭ ᠢᠶᠠᠷ ᠭᠤᠤᠯ ᠪᠣᠯᠭᠠᠬᠤ᠂ ᠵᠠᠰᠠᠭ ᠤᠨ ᠣᠷᠳᠣᠨ ᠠᠵᠤ ᠠᠬᠤᠶᠢᠯᠠᠯ ᠨᠡᠶᠢᠭᠡᠮ ᠤᠨ ᠣᠯᠠᠨ ᠡᠰᠢᠵᠢᠭᠰᠡᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠡᠯᠡᠰᠦᠷᠬᠡᠭ ᠣᠷᠣᠨ ᠤ ᠠᠮᠢ ᠠᠬᠤᠶ ᠶᠢᠨ ᠰᠡᠷᠭᠦᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠯᠡᠨ ᠣᠯᠬᠤ ᠶᠢᠨ ᠬᠠᠮᠲᠤ ᠡᠯ᠎ᠡ ᠱᠠᠲᠤᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ  ᠴᠢᠩᠭᠠᠷᠠᠭᠤᠯᠣᠨ᠎ᠠ᠃ ᠵᠦᠢ ᠶᠤᠰᠤᠨ ᠤ ᠮᠦᠩᠭᠦᠨ ᠭᠦᠢᠯᠭᠡᠭᠡᠨ ᠢᠶᠠᠷ ᠲᠡᠳᠭᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠨᠡᠶᠢᠭᠡᠮ ᠤᠨ ᠡᠯ᠎ᠡ ᠳᠡᠰ ᠳᠠᠪᠬᠤᠷᠭ᠎ᠠ ᠶᠢ ᠬᠦᠲᠦᠯᠦᠨ ᠵᠢᠯᠤᠭᠤᠳᠴᠤ ᠪᠠᠶᠢᠭᠠᠳ ᠣᠢ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠣᠢ ᠰᠢᠭᠤᠢ ᠡᠯᠡᠰᠦ ᠡᠪᠡᠰᠦᠨ ᠤ ᠠᠵᠤ ᠦᠢᠯᠡᠰ ᠢ ᠨᠡᠭᠡᠭᠡᠨ ᠬᠥᠭᠵᠢᠭᠦᠯᠬᠦ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠳᠤ ᠪᠡᠯᠡ ᠣᠷᠤᠭᠤᠯᠤᠨ᠂ ᠠᠵᠢᠯ ᠲᠥᠷᠥᠯ᠂ ᠭᠠᠵᠠᠷ ᠣᠷᠣᠨ᠂ ᠦᠮᠴᠢᠯᠡᠯᠲᠦ ᠵᠠᠭᠠᠭ ᠱᠤᠭᠤᠮ ᠢ ᠡᠪᠳᠡᠵᠦ᠂ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ᠣᠯᠠᠨ ᠡᠰᠢᠲᠦ ᠪᠡᠯᠡ ᠣᠷᠤᠭᠤᠯᠬᠤ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃    ︵ᠲᠦᠷᠪᠡ︶ ᠤᠬᠠᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ     ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠡᠯ᠎ᠡ ᠵᠦᠢᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠨ᠂ ᠤᠬᠠᠭᠤᠯᠭ᠎ᠠ ᠬᠥᠮᠦᠵᠢᠯ ᠤᠨ ᠠᠵᠢᠯ ᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ᠬᠥᠮᠦᠰ ᠤᠨ ᠬᠡᠰᠡᠭ ᠪᠤᠰᠠᠭ ᠡᠯᠡᠰᠦᠨ ᠳᠣᠪᠤ ᠶᠢ ᠵᠠᠰᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ  ᠨᠠᠮᠡᠭᠳᠡᠬᠦᠯᠦᠨ᠎ᠡ᠃ ᠵᠠᠰᠠᠬᠤ ᠢᠨᠵᠧᠨᠧᠷᠢᠩ ᠳᠤ ᠠᠰᠢᠭᠲᠠᠢ ᠤᠳᠤᠷᠢᠳᠤᠮᠵᠢ ᠪᠣᠯᠣᠭᠰᠠᠨ ᠠᠴᠠ ᠠᠵᠤ ᠠᠬᠤᠢ ᠶᠢᠨ ᠣᠢ ᠶᠢ ᠵᠣᠬᠢᠰᠲᠠᠢ ᠬᠥᠭᠵᠢᠭᠦᠯᠵᠦ᠂ ᠠᠵᠤ ᠠᠬᠤᠢ ᠶᠢᠨ ᠦᠷ᠎ᠡ ᠠᠰᠢᠭ ᠢ ᠨᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠬᠥᠮᠥᠰ ᠤᠨ ᠢᠳᠡᠪᠬᠢᠵᠢᠯ ᠢ ᠳᠠᠶᠢᠴᠢᠯᠠᠵᠤ᠂ ᠠᠵᠤ ᠠᠬᠤᠢ ᠶᠢᠨ ᠣᠢ ᠶᠢᠨ ᠠᠵᠤ ᠦᠢᠯᠡᠰ ᠢ ᠪᠦᠳᠦᠭᠦᠯᠢᠭ ᠬᠡᠯᠪᠡᠷᠢ ᠠᠴᠠ ᠨᠢ ᠡᠷᠴᠢᠮᠵᠢᠭᠦᠯᠦᠭᠰᠡᠨ ᠬᠡᠯᠪᠡᠷᠢ ᠲᠡᠶᠢᠰᠢ ᠬᠤᠪᠢᠷᠠᠭᠤᠯᠣᠨ᠎ᠠ᠃       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ