ᠣᠯᠠᠨ ᠤᠯᠤᠰ ᠤᠨ ᠰᠠᠶᠢᠨ ᠲᠤᠷᠠᠴᠤᠳ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠠᠴᠠ ᠲᠣᠰ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠠᠶᠢᠨ ᠲᠤᠷᠠᠴᠤᠳ ᠤᠨ | ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠬᠥᠬᠡᠬᠤᠲᠠ ᠶᠢᠨ ᠢᠦ᠋ᠴᠢᠤᠸᠠᠨ ᠲᠣᠭᠤᠷᠢᠭ ᠤᠨ ᠰᠢ ᠠᠨ ᠨᠡᠶᠢᠭᠡᠮ ᠲᠣᠭᠤᠷᠢᠭ ᠲᠤ | ᠭᠦᠨᠵᠡᠭᠡᠶᠢᠷᠡᠨ᠂ ︽ᠰᠠᠶᠢᠨ ᠲᠤᠷᠠᠴᠤᠳ ᠤᠨ ᠬᠦᠴᠦᠨ ᠴᠢᠳᠠᠯ ᠢ ᠡᠷᠭᠦᠵᠦ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ︾ ᠭᠡᠭᠦ ᠭᠤᠤᠯ ᠰᠡᠳᠦᠪᠲᠦ | ᠠᠵᠢᠯᠯᠠᠭ᠎ᠠ ᠥᠷᠨᠢᠭᠦᠯᠪᠡ᠃ | ᠲᠣᠰ ᠠᠵᠢᠯᠯᠠᠭ᠎ᠠ ᠨᠢ ᠠᠷᠠᠳ ᠣᠯᠠᠨ ᠤ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠣᠨᠣᠪᠴᠢᠲᠠᠶ ᠵᠣᠯᠭᠠᠭᠤᠯᠵᠤ᠂ 15 ᠬᠦᠴᠢᠷᠳᠡᠯ ᠲᠠᠢ ᠬᠠᠪᠰᠤᠷᠤᠨ ᠲᠡᠳᠬᠦᠭᠳᠡᠬᠦ ᠡᠲᠡᠭᠡᠳ ᠲᠤ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ | ᠬᠦᠷᠭᠡᠪᠡ᠃ ᠡᠭᠦᠨ ᠤ ᠬᠠᠮᠲᠤ᠂ ᠰᠠᠶᠢᠨ ᠳᠤᠷᠠᠴᠤᠳ ᠪᠠᠰᠠ ᠨᠡᠶᠢᠭᠡᠮ ᠲᠣᠭᠤᠷᠢᠭ ᠤᠨ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾᠂ ︽ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠪᠤᠰᠤᠳ | ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠪᠠᠶᠢᠩᠭᠤ ᠲᠣᠬᠢᠶᠠᠯᠳᠤᠳᠠᠭ ᠠᠰᠠᠭᠤᠳᠠᠯ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠴᠡᠷᠢᠭ ᠤᠨ | ᠠᠯᠪᠠ ᠠᠴᠠ ᠬᠠᠯᠠᠭᠳᠠᠭᠰᠠᠳ︾ ᠵᠡᠷᠭᠡ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠪᠠ᠃ | ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯ ᠢ ᠢᠮᠠᠬᠳᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 300 ᠭᠠᠷᠤᠶ ᠬᠥᠮᠦᠨ ᠤ ᠲᠣᠰ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢ ᠵᠣᠬᠢᠶᠠᠨ ᠪᠠᠶᠢᠭᠤᠯᠵᠤ᠂ ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠨ ᠰᠠᠶᠢᠨ ᠳᠤᠷᠠᠴᠤᠳ ᠢ ︽ᠴᠡᠷᠢᠭ ᠤᠨ ᠠᠯᠪᠠ ᠠᠴᠠ | ᠬᠠᠯᠠᠭᠳᠠᠭᠰᠠᠨ ᠴᠤ ᠤᠤᠷ ᠴᠢᠨᠠᠷ ᠬᠤᠪᠢᠷᠠᠬᠤ ᠥᠬᠡᠶ︾ ᠰᠠᠶᠢᠨ ᠰᠠᠶᠢᠬᠠᠨ ᠵᠠᠩ ᠰᠤᠷᠲᠠᠯ ᠢᠶᠠᠨ ᠪᠠᠳᠠᠷᠠᠭᠤᠯᠬᠤ ᠶᠢ ᠤᠷᠢᠶᠠᠯᠠᠵᠤ᠂ ᠠᠶᠤᠯ ᠭᠠᠮᠰᠢᠭ ᠠᠴᠠ | ᠠᠪᠤᠷᠬᠠᠤ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠪᠣᠯᠪᠠᠰᠤᠨ ᠢ ᠡᠭᠦᠳᠦᠨ ᠪᠠᠶᠢᠭᠤᠯᠬᠤ᠂ ᠬᠤᠪᠢᠰᠬᠠᠯ ᠤᠨ ᠬᠥᠮᠦᠵᠢᠯ᠂ ︽ᠯᠧᠢ ᠹᠧᠩ ᠠᠴᠠ | ᠰᠤᠷᠤᠯᠴᠠᠬᠤ︾ ᠰᠠᠶᠢᠨ ᠲᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠦᠴᠦᠨ ᠴᠢᠳᠠᠯ ᠢᠶᠠᠨ ᠡᠷᠬᠦᠵᠦ᠂ 2022 ᠣᠨ ᠳᠤ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽5 · 4 ᠤ ᠵᠠᠯᠠᠭᠤᠴᠤᠳ ᠤᠨ ᠱᠠᠩᠨᠠᠯ ᠤᠨ ᠬᠠᠮᠲᠤ ᠨᠢᠬᠡᠴᠡ︾ ᠪᠠᠷ ᠬᠦᠬᠢᠬᠦᠯᠦᠭᠳᠡᠪᠡ᠃ |