— ᠲᠡᠷᠢᠭᠦᠯᠡᠭᠴᠢ ᠰᠢ ᠶᠢᠨ ᠫᠢᠩ ᠤᠨ ︽ᠫᠠᠯᠧᠰᠲ᠋ᠠᠶᠢᠨ ᠤ ᠠᠷᠠᠳ ᠲᠦᠮᠡᠨ ᠢ ᠳᠡᠮᠵᠢᠬᠦ ᠳᠡᠯᠡᠬᠡᠢ ᠶᠢᠨ ᠡᠳᠦᠷ︾ ᠢ ᠳᠤᠷᠠᠰᠬᠠᠬᠤ ᠶᠡᠭᠡ ᠬᠤᠷᠠᠯ ᠳᠤ | ᠢᠯᠡᠭᠡᠭᠰᠡᠨ ᠪᠠᠶᠠᠷ ᠤᠨ ᠴᠠᠬᠢᠯᠭᠠᠨ ᠴᠢᠮᠡᠭᠡ ᠶᠢ ᠳᠡᠯᠡᠬᠡᠢ ᠨᠡᠶᠢᠭᠡᠮ ᠢᠶᠠᠷ ᠢᠶᠠᠨ ᠦᠨᠳᠦᠷ ᠦᠨᠡᠯᠡᠵᠠᠢ | 11 ᠰᠠᠷ᠎ᠠ ᠶᠢᠨ 26 ᠤ ᠡᠳᠦᠷ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ︽ᠫᠠᠯᠧᠰᠲ᠋ᠠᠶᠢᠨ ᠤ ᠠᠷᠠᠳ ᠲᠦᠮᠡᠨ ᠢ ᠳᠡᠮᠵᠢᠬᠦ ᠳᠡᠯᠡᠬᠡᠢ ᠶᠢᠨ | ᠡᠳᠦᠷ︾ ᠢ ᠳᠤᠷᠠᠰᠬᠠᠬᠤ ᠶᠡᠭᠡ ᠬᠤᠷᠠᠯ ᠬᠤᠷᠠᠯᠳᠤᠭᠤᠯᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠪᠠᠶᠠᠷ ᠤᠨ ᠴᠠᠬᠢᠯᠭᠠᠨ ᠴᠢᠮᠡᠭᠡ | ᠶᠠᠪᠤᠭᠤᠯᠪᠠ᠃ ᠭᠠᠳᠠᠭᠠᠳᠤ ᠤᠯᠤᠰ ᠤᠨ ᠬᠥᠮᠦᠰ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ | ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠴᠠᠬᠢᠯᠭᠠᠨ ᠴᠢᠮᠡᠭᠡ ᠨᠢ ᠳᠤᠮᠳᠠᠳᠤ ᠤᠯᠤᠰ ᠫᠠᠯᠧᠰᠲ᠋ᠠᠶᠢᠨ ᠤ ᠠᠰᠠᠭᠤᠳᠠᠯ ᠢ ᠳᠡᠭᠡᠳᠦ ᠬᠡᠮᠵᠢᠶ᠎ᠠ ᠪᠠᠷ | ᠠᠩᠬᠠᠷᠴᠤ᠂ ᠫᠠᠯᠧᠰᠲ᠋ᠠᠶᠢᠨ ᠤ ᠠᠷᠠᠳ ᠲᠦᠮᠡᠨ ᠲᠠᠢ ᠢᠮᠠᠭᠲᠠ ᠬᠠᠮᠲᠤ ᠵᠣᠭᠰᠣᠵᠤ᠂ ᠫᠠᠯᠧᠰᠲ᠋ᠠᠶᠢᠨ ᠢᠰᠷᠧᠯ ᠤᠨ ᠡᠩᠬᠡ ᠲᠠᠶᠢᠪᠤᠩ ᠤᠨ ᠡᠷᠡᠰ ᠪᠠᠲᠤ | ᠳᠡᠮᠵᠢᠭᠴᠢ ᠪᠤᠯᠵᠤ᠂ ᠫᠠᠯᠤᠰᠲ᠋ᠠᠶᠢᠨ ᠤ ᠠᠰᠠᠭᠤᠳᠠᠯ ᠢ ︽ᠬᠤᠶᠠᠷ ᠤᠯᠤᠰ ᠤᠨ ᠲᠥᠰᠦᠯ︾ ᠤᠨ ᠵᠥᠪ ᠵᠠᠮ ᠳᠤ ᠪᠤᠴᠠᠭᠠᠨ ᠤᠷᠤᠭᠤᠯᠬᠤ ᠶᠢ ᠠᠬᠢᠭᠤᠯᠵᠤ᠂ | ᠪᠦᠬᠦ ᠲᠠᠯ᠎ᠠ ᠪᠠᠷ ᠲᠥᠪ ᠭᠤᠣᠯᠴᠢ ᠤᠷᠳᠤ ᠬᠤᠭᠤᠴᠠᠭ᠎ᠠ ᠪᠠᠷ ᠰᠢᠢᠳᠪᠦᠷᠢᠯᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠶᠢᠬᠤ ᠶᠢ ᠬᠠᠷᠠᠭᠤᠯᠪᠠ | ᠭᠡᠵᠤ ᠢᠯᠡᠳᠭᠡᠵᠡᠭᠡᠵᠠᠢ᠃ | ᠫᠠᠯᠧᠰᠲ᠋ᠠᠶᠢᠨ ᠤ ᠠᠷᠠᠳ ᠲᠦᠮᠡᠨ ᠤ ᠰᠠᠶᠢᠨ ᠨᠠᠶᠢᠵᠠ ᠪᠠ ᠰᠠᠶᠢᠨ ᠬᠠᠨᠢᠳᠠᠨ ᠪᠤᠯᠤᠨ᠎ᠠ | ᠭᠠᠳᠠᠭᠠᠳᠤ ᠤᠯᠤᠰ ᠤᠨ ᠤᠯᠠᠨ ᠬᠥᠮᠦᠰ ᠤᠨ ᠠᠩᠬᠠᠷᠤᠭᠰᠠᠨ ᠢᠶᠠᠷ᠂ 2013 ᠣᠨ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠵᠢᠯ ᠪᠦᠷᠢ ︽ | ᠫᠠᠯᠧᠰᠲ᠋ᠠᠶᠢᠨ ᠤ ᠠᠷᠠᠳ ᠲᠦᠮᠡᠨ ᠢ ᠳᠡᠮᠵᠢᠬᠦ ᠳᠡᠯᠡᠬᠡᠢ ᠶᠢᠨ ᠡᠳᠦᠷ︾ ᠢ ᠳᠤᠷᠠᠰᠬᠠᠬᠤ ᠶᠡᠭᠡ ᠬᠤᠷᠠᠯ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ | ᠳᠤᠮᠳᠠᠳᠤ ᠤᠯᠤᠰ ᠤᠨ ᠫᠠᠯᠧᠰᠲ᠋ᠠᠶᠢᠨ ᠢᠰᠷᠧᠯ ᠤᠨ ᠠᠰᠠᠭᠤᠳᠠᠯ ᠳᠡᠭᠡᠷᠡᠬᠢ ᠵᠣᠭᠰᠣᠯᠲᠠ ᠪᠠᠨ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ | ᠢᠷᠠᠺ ᠤᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠤᠬᠠᠭᠠᠨ ᠤ ᠫᠷᠤᠹᠤᠰᠰᠤᠷ ᠮᠦᠬᠠᠨᠮᠦ᠋ᠳ᠋ ᠵᠦᠪᠦ᠋ᠯᠢ᠂ ᠲᠡᠷᠢᠭᠦᠯᠡᠭᠴᠢ ᠰᠢ ᠶᠢᠨ ᠫᠢᠩ 12 | ᠵᠢᠯ ᠳᠠᠷᠠᠭᠠᠯᠠᠨ ︽ᠫᠠᠯᠧᠰᠲ᠋ᠠᠶᠢᠨ ᠤ ᠠᠷᠠᠳ ᠲᠦᠮᠡᠨ ᠢ ᠳᠡᠮᠵᠢᠬᠦ ᠳᠡᠯᠡᠬᠡᠢ ᠶᠢᠨ ᠡᠳᠦᠷ︾ ᠢ ᠳᠤᠷᠠᠰᠬᠠᠬᠤ ᠶᠡᠭᠡ ᠬᠤᠷᠠᠯ ᠳᠤ ᠪᠠᠶᠠᠷ ᠤᠨ ᠴᠠᠬᠢᠯᠭᠠᠨ | ᠴᠢᠮᠡᠭᠡ ᠶᠠᠪᠤᠭᠤᠯᠪᠠ᠂ ᠡᠨᠡ ᠨᠢ ᠳᠤᠮᠳᠠᠳᠤ ᠤᠯᠤᠰ ᠡᠴᠠᠫᠠᠯᠧᠰᠲ᠋ᠠᠶᠢᠨ ᠤ ᠰᠢᠳᠤᠷᠭᠤ ᠶᠣᠰᠣᠨ ᠤ ᠦᠢᠯᠡᠰ ᠢ ᠡᠷᠡᠰ ᠳᠡᠮᠵᠢᠵᠦ ᠪᠠᠶᠢᠬᠤ ᠶᠢ ᠬᠠᠷᠠᠭᠤᠯᠵᠤ | ᠪᠠᠶᠢᠨ᠎ᠠ᠃ ︽ᠳᠤᠮᠳᠠᠳᠤ ᠤᠯᠤᠰ ᠢᠮᠠᠭᠳᠠ ᠫᠠᠯᠧᠰᠲ᠋ᠠᠶᠢᠨ ᠤ ᠡᠩᠬᠡ ᠲᠠᠶᠢᠪᠤᠩ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ | ᠳᠤᠮᠳᠠᠳᠤ ᠤᠯᠤᠰ ᠤᠨ ᠠᠷᠠᠳ ᠲᠦᠮᠡᠨ ᠪᠣᠯ ᠫᠠᠯᠧᠰᠲ᠋ᠠᠶᠢᠨ ᠤ ᠠᠷᠠᠳ ᠲᠦᠮᠡᠨ ᠤ ᠰᠠᠶᠢᠨ ᠨᠠᠶᠢᠵᠠ ᠪᠠ ᠰᠠᠶᠢᠨ ᠬᠠᠨᠢᠲᠠᠨ ᠮᠥᠨ︾ ᠭᠡᠪᠡ᠃ | ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠫᠠᠯᠧᠰᠲ᠋ᠠᠶᠢᠨ ᠤ ᠠᠰᠠᠭᠤᠳᠠᠯ ᠪᠣᠯ ᠳᠤᠮᠳᠠᠳᠤ ᠳᠣᠷᠣᠨᠠᠲᠤ ᠶᠢᠨ | ᠠᠰᠠᠭᠤᠳᠠᠯ ᠤᠨ ᠭᠤᠣᠯᠳᠠᠯᠭ᠎ᠠ ᠪᠠᠶᠢᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠲᠠᠢ ᠬᠤᠯᠪᠣᠭᠳᠠᠨ᠎ᠠ ᠬᠡᠵᠦ ᠵᠢᠭᠠᠵᠤ ᠭᠠᠷᠭᠠᠪᠠ᠃ | ᠰᠢᠩᠭᠠᠫᠣᠷ ᠤᠨ ᠴᠠᠭ ᠲᠦᠷᠦ ᠶᠢᠨ ᠰᠢᠭᠦᠮᠵᠢᠯᠡᠭᠴᠢ ᠸᠤᠩ ᠳᠤ ᠱᠧᠩ᠂ ᠫᠠᠯᠧᠰᠲ᠋ᠠᠶᠢᠨ ᠤ ᠠᠰᠠᠭᠤᠳᠠᠯ ᠤᠷᠳᠤ ᠬᠤᠭᠤᠴᠠᠭᠠᠨ ᠤ ᠲᠤᠷᠰᠢ ᠠᠷᠠᠪ ᠤᠨ | ᠤᠷᠤᠨ ᠤ ᠭᠤᠣᠯ ᠠᠰᠠᠭᠤᠳᠠᠯ ᠪᠤᠯᠵᠤ ᠴᠢᠬᠤᠯᠠᠴᠢᠯᠠᠬᠳᠠᠬᠰᠠᠭᠠᠷ ᠢᠷᠡᠵᠠᠢ᠃ ᠳᠡᠯᠡᠬᠡᠶ ᠨᠡᠶᠢᠲᠡ ᠶᠢᠨ ᠬᠢᠨ ᠡᠨᠡ ᠬᠦ ᠠᠰᠠᠭᠤᠳᠠᠯ ᠤᠨ ᠲᠤᠬᠠᠶ ᠬᠠᠷᠢᠭᠤ | ᠲᠤᠰᠬᠠᠯ ᠨᠢ ᠰᠤᠯᠠ ᠲᠣᠷᠣᠶ ᠪᠠᠶᠢᠨ᠎ᠠ᠂ ᠡᠨᠡ ᠨᠢ ᠣᠳᠣᠬᠠᠨ ᠤ ᠪᠥᠬᠦ ᠪᠥᠮᠪᠥᠷᠴᠡᠭ ᠤᠨ ᠵᠠᠰᠠᠯᠲᠠ ᠶᠢᠨ ᠲᠣᠭᠲᠡᠴᠡ ᠶᠢᠨ ᠬᠦᠷᠦᠯᠴᠡᠬᠦ ᠥᠬᠡᠶ ᠲᠠᠯ᠎ᠠ ᠶᠢ | ᠢᠯᠡᠷᠡᠭᠦᠯᠪᠡ᠃ ᠳᠤᠮᠳᠠᠳᠤ ᠤᠯᠤᠰ ᠬᠠᠷᠢᠭᠤᠴᠠᠯᠭ᠎ᠠ ᠲᠠᠢ ᠲᠤᠮᠤ ᠤᠯᠤᠰ ᠪᠣᠯᠤᠭᠰᠠᠨ ᠤ ᠬᠤᠪᠢ ᠳᠤ᠂ ᠲᠥᠪ ᠭᠤᠣᠯᠴᠢ ᠰᠢᠳᠤᠷᠭᠤ ᠶᠣᠰᠣ ᠶᠢ | ᠪᠠᠷᠢᠮᠲᠠᠯᠠᠵᠤ᠂ ᠢᠳᠡᠪᠬᠢᠲᠡᠢ ᠪᠠᠷ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠵᠤ᠂ ᠫᠠᠯᠤᠰᠲ᠋ᠠᠶᠢᠨ ᠤ ᠠᠰᠠᠭᠤᠳᠠᠯ ᠢ ᠡᠷᠲᠡᠬᠡᠨ ᠰᠢᠢᠳᠪᠦᠷᠢᠯᠡᠬᠦ ᠳᠤ | ᠬᠦᠴᠦᠨ ᠴᠢᠳᠠᠯ ᠢᠶᠠᠨ ᠡᠷᠭᠦᠵᠤ ᠪᠠᠶᠢᠨ᠎ᠠ ᠭᠡᠵᠠᠢ᠃ | ᠰᠢᠳᠤᠷᠭᠤ ᠶᠣᠰᠣᠨ ᠤ ᠵᠣᠭᠰᠣᠯᠲᠠ ᠶᠢ ᠪᠠᠷᠢᠮᠲᠠᠯᠠᠵᠤ ᠫᠠᠯᠧᠰᠲ᠋ᠠᠶᠢᠨ ᠤ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠶᠢ ᠠᠬᠢᠭᠤᠯᠪᠠ | ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ ᠫᠠᠯᠧᠰᠲ᠋ᠠᠶᠢᠨ ᠤ ᠡᠯ᠎ᠡ ᠪᠦᠯᠦᠭ ᠤᠨ ᠬᠢᠨ ᠪᠦᠯᠬᠦᠮᠳᠡᠯ ᠢᠶᠠᠨ ᠴᠢᠩᠭᠠᠳᠬᠠᠵᠤ᠂ | ︽ᠬᠠᠭᠠᠴᠠᠯ ᠢ ᠡᠴᠦᠰᠯᠡᠬᠦᠯᠵᠤ ᠫᠠᠯᠧᠰᠲ᠋ᠠᠶᠢᠨ ᠤ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠲᠤᠬᠠᠢ ᠪᠡᠭᠡᠵᠢᠩ ᠤᠨ ᠲᠤᠩᠬᠠᠭ︾ ᠢ | ᠨᠠᠶᠢᠳᠠᠪᠤᠷᠢᠵᠢᠭᠤᠯᠵᠤ᠂ ᠳᠣᠲᠣᠭᠠᠳᠤ ᠳᠠᠭᠠᠨ ᠡᠶᠡᠳᠡᠬᠦ ᠶᠢ ᠵᠣᠷᠢᠭᠵᠢᠭᠤᠯᠪᠠ᠃ | ᠫᠠᠯᠧᠰᠲ᠋ᠠᠶᠢᠨ ᠤ ᠤᠯᠤᠰ ᠲᠥᠷᠥ ᠶᠢᠨ ᠵᠠᠳᠠᠯᠤᠭᠴᠢ ᠰᠠᠮᠢᠷ · ᠠᠨᠪᠢᠲ᠋ᠠᠤᠸᠢ᠂ ᠳᠤᠮᠳᠠᠳᠤ ᠤᠯᠤᠰ ᠫᠠᠯᠧᠰᠲ᠋ᠠᠶᠢᠨ ᠤ ᠳᠣᠲᠣᠭᠠᠳᠤ ᠶᠢᠨ ᠡᠯ᠎ᠡ | ᠪᠦᠯᠦᠭ ᠤᠨ ᠡᠶᠡᠳᠡᠯ ᠢ ᠠᠬᠢᠭᠤᠯᠬᠤ ᠪᠠᠷ ᠴᠢᠷᠮᠠᠶᠢᠭᠰᠠᠭᠠᠷ ᠢᠷᠡᠭᠰᠡᠨ ᠨᠢ ᠫᠠᠯᠧᠰᠲ᠋ᠠᠶᠢᠨ ᠤ ᠠᠷᠠᠳ ᠲᠦᠮᠡᠨ ᠤ ᠡᠷᠬᠡ ᠶᠢ ᠳᠡᠮᠵᠢᠬᠦ ᠬᠠᠮᠤᠭ ᠤᠨ ᠴᠢᠬᠤᠯᠠ | ᠤᠯᠤᠰ ᠤᠨ ᠨᠢᠭᠡ ᠪᠣᠯᠬᠤ ᠨᠢ ᠳᠠᠮᠵᠢᠭ ᠦᠭᠡᠶ᠃ ᠳᠤᠮᠳᠠᠳᠤ ᠤᠯᠤᠰ ᠳᠡᠯᠡᠬᠡᠢ ᠳᠡᠭᠡᠷ᠎ᠡ ᠫᠠᠯᠧᠰᠲ᠋ᠠᠶᠢᠨ ᠢᠰᠷᠧᠯ ᠤᠨ ᠲᠠᠶᠢᠨ ᠢ ᠵᠣᠭᠰᠣᠭᠠᠬᠤ᠂ ︽ᠬᠤᠶᠠᠷ | ᠤᠯᠤᠰ ᠤᠨ ᠲᠥᠰᠦᠯ︾ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠫᠠᠯᠧᠰᠲ᠋ᠠᠶᠢᠨ ᠤ ᠠᠷᠠᠳ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠲᠡᠮᠵᠢᠵᠦ ᠪᠠᠶᠢᠬᠤ ᠪᠠᠨ ᠦᠨᠡᠨ ᠬᠦ ᠢᠯᠡᠷᠡᠭᠦᠯᠪᠡ᠃ ︽ᠳᠤᠮᠳᠠᠳᠤ ᠤᠯᠤᠰ ᠤᠨ ᠴᠢᠷᠮᠠᠶᠢᠯᠭ᠎ᠠ ᠶᠢ ᠪᠢᠳᠡ ᠬᠦᠨᠳᠦᠳᠭᠡᠨ ᠰᠠᠶᠢᠰᠢᠶᠠᠭᠤᠰᠢᠲᠠᠢ | ᠶᠤᠮ︾ ᠭᠡᠪᠡ᠃ | 25 ᠤ ᠡᠳᠦᠷ᠂ ᠫᠠᠯᠧᠰᠲ᠋ᠠᠶᠢᠨ ᠳᠤ ᠰᠠᠭᠤᠭ᠎ᠠ ᠳᠤᠮᠳᠠᠳᠤ ᠤᠯᠤᠰ ᠤᠨ ᠬᠡᠷᠡᠭ ᠡᠷᠬᠢᠯᠡᠬᠦ ᠭᠠᠵᠠᠷ ᠶᠣᠷᠳᠠᠨ ᠭᠤᠤᠯ ᠤᠨ ᠬᠤᠶᠠᠷ ᠬᠦᠪᠡᠭᠡᠨ ᠤ | ᠭᠠᠴᠢᠭᠳᠠᠯᠳᠤ ᠠᠷᠠᠳ ᠤᠨ ᠬᠡᠦᠬᠡᠳ ᠲᠤ ᠪᠠᠰᠠ ᠨᠢᠭᠡ ᠪᠦᠯᠦᠭ ᠡᠪᠦᠯ ᠤᠨ ᠬᠥᠪᠥᠩ ᠬᠤᠪᠴᠠᠰᠤ ᠬᠠᠨᠳᠢᠪᠯᠠᠪᠠ᠃ ᠳᠤᠮᠳᠠᠳᠤ ᠤᠯᠤᠰ ᠣᠯᠠᠨ ᠵᠢᠯ | ᠳᠠᠷᠠᠭᠠᠯᠠᠨ ᠫᠠᠯᠧᠰᠲ᠋ᠠᠶᠢᠨ ᠤ ᠭᠠᠴᠢᠭᠳᠠᠯᠳᠤ ᠠᠷᠠᠳ ᠲᠤ ᠡᠳ᠋ ᠪᠣᠳᠠᠰ ᠬᠠᠨᠳᠢᠪᠯᠠᠵᠤ ᠪᠠᠶᠢᠨ᠎ᠠ᠃ ᠫᠠᠯᠧᠰᠲ᠋ᠠᠶᠢᠨ ᠤ ᠤᠯᠤᠰ ᠲᠥᠷᠥ ᠶᠢᠨ ᠵᠠᠳᠠᠯᠤᠭᠴᠢ | ᠮᠦᠰᠲ᠋ᠠᠹᠠ · ᠪᠦᠱᠠᠯᠠᠲ᠂ ᠳᠤᠮᠳᠠᠳᠤ ᠤᠯᠤᠰ ᠫᠠᠯᠧᠰᠲ᠋ᠠᠶᠢᠨ ᠤ ᠠᠷᠠᠳ ᠲᠦᠮᠡᠨ ᠢ ᠢᠮᠠᠭᠲᠠ ᠳᠡᠮᠵᠢᠵᠦ᠂ ᠫᠠᠯᠧᠰᠲ᠋ᠠᠶᠢᠨ ᠤ ᠲᠠᠯ᠎ᠠ ᠳᠤ ᠡᠯ᠎ᠡ ᠵᠦᠢᠯ ᠤᠨ | ᠬᠡᠯᠪᠡᠷᠢ ᠶᠢᠨ ᠪᠣᠳᠠᠰ ᠤᠨ ᠪᠠ ᠤᠯᠤᠰ ᠲᠥᠷᠥ ᠶᠢᠨ ᠳᠡᠮᠵᠢᠯᠭᠡ ᠬᠠᠩᠭᠠᠭᠰᠠᠨ ᠪᠥᠭᠡᠳ ᠫᠠᠯᠧᠰᠲ᠋ᠠᠶᠢᠨ ᠤ ᠬᠦᠮᠦᠰ ᠲᠤ ᠪᠣᠯᠪᠠᠰᠤᠷᠠᠯ ᠬᠠᠩᠭᠠᠭᠰᠠᠭᠠᠷ | ᠢᠷᠡᠭᠰᠡᠨ ᠶᠤᠮ᠃ ᠳᠤᠮᠳᠠᠳᠤ ᠤᠯᠤᠰ ᠠᠴᠠ ᠫᠠᠯᠧᠰᠲ᠋ᠠᠶᠢᠨ ᠤ ᠡᠯ᠎ᠡ ᠪᠦᠯᠦᠭ ᠤᠨ ︽ᠪᠡᠭᠡᠵᠢᠩ ᠤᠨ ᠲᠤᠩᠬᠠᠭ︾ ᠲᠤ ᠭᠠᠷ ᠤᠨ ᠦᠰᠦᠭ ᠵᠢᠷᠤᠬᠤ ᠶᠢ | ᠠᠬᠢᠭᠤᠯᠤᠭᠰᠠᠨ ᠠᠴᠠ ᠠᠪᠤᠭᠠᠳ ᠲᠡᠷᠢᠭᠦᠯᠡᠭᠴᠢ ᠰᠢ ᠶᠢᠨ ᠫᠢᠩ ᠤᠯᠠᠨ ᠵᠢᠯ ᠳᠠᠷᠠᠭᠠᠯᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠤᠭᠰᠠᠨ ᠬᠦᠷᠲᠡᠯ᠎ᠡ᠂ | ᠴᠥᠮ ᠳᠤᠮᠳᠠᠳᠤ ᠤᠯᠤᠰ ᠪᠣᠯ ᠫᠠᠯᠧᠰᠲ᠋ᠠᠶᠢᠨ ᠤ ᠠᠰᠠᠭᠤᠳᠠᠯ ᠢ ᠰᠢᠢᠳᠪᠦᠷᠢᠯᠡᠬᠦ ᠶᠢ ᠢᠳᠡᠪᠬᠢᠳᠠᠢ ᠪᠠᠷ ᠠᠬᠢᠭᠤᠯᠵᠤ ᠪᠠᠶᠢᠬᠤ ᠶᠢ ᠢᠯᠡᠷᠡᠭᠦᠯᠵᠤ ᠪᠠᠶᠢᠨ᠎ᠠ | ᠭᠡᠪᠡ᠃ | ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠨᠢ ᠳᠡᠯᠡᠬᠡᠢ ᠨᠡᠶᠢᠭᠡᠮ ᠤᠨ ᠨᠡᠶᠢᠳᠡᠮ ᠤᠨ ᠮᠠᠭᠲᠠᠭᠠᠯ ᠰᠠᠶᠢᠰᠢᠶᠠᠯ ᠢ ᠤᠯᠪᠠ | ᠤᠢᠢᠷ᠎ᠠ ᠶᠢᠨ ᠵᠢᠯ ᠠᠴᠠ ᠨᠠᠭᠠᠰᠢ᠂ ᠰᠡᠦ᠋ᠳᠢ ᠠᠷᠠᠪ ᠪᠣᠯᠤᠨ ᠢᠷᠡᠨ ᠤ ︽ᠭᠠᠷ ᠠᠳᠬᠤᠵᠤ ᠨᠠᠶᠢᠷᠠᠮᠳᠠᠬᠤ︾ ᠶᠢ ᠠᠬᠢᠭᠤᠯᠤᠭᠰᠠᠨ ᠠᠴᠠ ᠠᠪᠤᠭᠠᠳ ︽ | ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠢ ᠰᠢᠢᠳᠪᠦᠷᠢᠯᠡᠬᠦ ᠲᠤᠬᠠᠢ ᠳᠤᠮᠳᠠᠳᠤ ᠤᠯᠤᠰ ᠤᠨ ᠵᠣᠭᠰᠣᠯᠲᠠ ᠶᠢᠨ ᠪᠢᠴᠢᠭ ᠮᠠᠲ᠋ᠧᠷᠢᠶᠠᠯ︾ ᠢ ᠨᠡᠶᠢᠲᠡᠯᠡᠭᠰᠡᠨ | ᠬᠦᠷᠲᠡᠯ᠎ᠡ᠂ ᠲᠠᠬᠢᠭᠠᠳ ᠫᠠᠯᠧᠰᠲ᠋ᠠᠶᠢᠨ ᠤ ᠳᠣᠲᠣᠭᠠᠳᠤ ᠶᠢᠨ ᠡᠯ᠎ᠡ ᠪᠦᠯᠦᠭ ᠤᠨ ᠲᠡᠦᠬᠡᠲᠦ ᠴᠢᠨᠠᠷᠲᠠᠢ ᠪᠠᠷ ᠡᠶᠡᠳᠡᠭᠰᠡᠨ ᠢ ᠠᠬᠢᠭᠤᠯᠤᠭᠰᠠᠨ ᠬᠦᠷᠲᠡᠯ᠎ᠡ᠂ | ᠳᠤᠮᠳᠠᠳᠤ ᠤᠯᠤᠰ ᠢᠮᠠᠭᠲᠠ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠠᠬᠢᠭᠤᠯᠬᠤ ᠶᠢᠨ ᠲᠥᠯᠥᠭᠡ ᠢᠳᠡᠪᠬᠢᠲᠡᠢ | ᠵᠢᠳᠬᠦᠵᠦ᠂ ᠳᠤᠮᠳᠠᠳᠤ ᠳᠣᠷᠣᠨᠠᠲᠤ ᠶᠢᠨ ᠤᠯᠤᠰ ᠤᠳ ᠢ ᠪᠠᠭᠲᠠᠭᠠᠭᠰᠠᠨ ᠳᠡᠯᠡᠬᠡᠢ ᠨᠡᠶᠢᠭᠡᠮ ᠤᠨ ᠨᠡᠶᠢᠳᠡᠮ ᠤᠨ ᠮᠠᠭᠲᠠᠭᠠᠯ ᠰᠠᠶᠢᠰᠢᠶᠠᠯ ᠢ ᠣᠯᠤᠭᠰᠠᠨ | ᠪᠠᠶᠢᠨ᠎ᠠ᠃ | ᠶᠣᠷᠳᠠᠨ ᠤ ᠳᠤᠮᠳᠠᠳᠤ ᠤᠯᠤᠰ ᠤᠨ ᠠᠰᠠᠭᠤᠳᠠᠯ ᠤᠨ ᠲᠤᠰᠬᠠᠢ ᠮᠡᠷᠭᠡᠵᠢᠯᠲᠡᠨ ᠰᠠᠮᠢᠷ · ᠠᠶᠢᠬᠠᠮᠠᠶᠢᠳ᠋᠂ ᠳᠤᠮᠳᠠᠳᠤ ᠤᠯᠤᠰ ᠫᠠᠯᠧᠰᠲ᠋ᠠᠶᠢᠨ ᠤ | ᠠᠰᠠᠭᠤᠳᠠᠯ ᠢ ᠲᠥᠪ ᠭᠤᠣᠯᠴᠢ ᠪᠠᠷ ᠰᠢᠢᠳᠪᠦᠷᠢᠯᠡᠵᠦ᠂ ᠳᠤᠮᠳᠠᠳᠤ ᠳᠣᠷᠣᠨᠠᠲᠤ ᠣᠷᠣᠨ ᠤ ᠥᠨᠢ ᠤᠳᠠᠭᠠᠨ ᠤ ᠡᠩᠬᠡ ᠲᠠᠶᠢᠪᠤᠩ ᠢ ᠪᠡᠶᠡᠯᠡᠭᠦᠯᠬᠦ ᠪᠠᠷ | ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠢᠮᠠᠭᠲᠠ ᠳᠤᠮᠳᠠᠳᠤ ᠳᠣᠷᠣᠨᠠᠲᠤ ᠶᠢᠨ ᠡᠩᠬᠡ ᠲᠠᠶᠢᠪᠤᠩ ᠤᠨ ᠠᠬᠢᠴᠠ ᠶᠢ ᠠᠬᠢᠭᠤᠯᠵᠤ᠂ ᠡᠨᠡ ᠬᠦ ᠲᠦᠪᠡᠭᠲᠡᠢ | ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠤᠯᠠᠨ ᠤᠯᠤᠰ ᠤᠨ ᠬᠠᠤᠯᠢ ᠪᠣᠯᠤᠨ ᠠᠶᠤᠯ ᠦᠭᠡᠢ ᠶᠢᠨ ᠵᠥᠪᠯᠡᠯ ᠤᠨ | ᠰᠢᠢᠳᠪᠦᠷᠢ ᠶᠢᠨ ᠰᠠᠭᠤᠷᠢᠨ ᠳᠡᠭᠡᠷ᠎ᠡ ᠤᠯᠤᠰ ᠲᠦᠷᠦ ᠪᠠᠷ ᠰᠢᠢᠳᠪᠦᠷᠢᠯᠡᠬᠦ ᠠᠷᠭ᠎ᠠ ᠵᠠᠮ ᠢ ᠡᠷᠢᠯᠬᠢᠯᠡᠬᠦ ᠶᠢ ᠪᠠᠷᠢᠮᠲᠠᠯᠠᠨ᠎ᠠ᠂ ᠡᠶᠢᠮᠦ ᠠᠴᠠ ᠠᠷᠠᠪ ᠤᠨ | ᠤᠯᠤᠰ ᠤᠳ ᠭᠠᠵᠠᠷ ᠣᠷᠣᠨ ᠤ ᠠᠰᠠᠭᠤᠳᠠᠯ ᠢ ᠰᠢᠢᠳᠪᠦᠷᠢᠯᠡᠬᠦ ᠳᠤ ᠳᠤᠮᠳᠠᠳᠤ ᠤᠯᠤᠰ ᠣᠷᠣᠯᠴᠠᠬᠤ ᠶᠢ ᠢᠮᠠᠭᠲᠠ ᠪᠠᠶᠠᠷᠯᠠᠨ ᠤᠭᠲᠤᠨ᠎ᠠ ᠭᠡᠵᠤ ᠵᠢᠭᠠᠵᠤ | ᠭᠠᠷᠭᠠᠪᠠ᠃ | ᠺᠣᠷᠢᠶᠠ ᠳᠤᠮᠳᠠᠳᠤ ᠶᠢᠨ ᠬᠤᠳᠠ ᠶᠢᠨ ᠨᠥᠬᠦᠷᠰᠡᠭ ᠨᠡᠶᠢᠭᠡᠮᠯᠢᠭ ᠤᠨ ᠳᠠᠷᠤᠭ᠎ᠠ ᠴᠢᠤᠸᠠᠨ ᠴᠢ ᡁᠢ᠂ ᠫᠠᠯᠤᠰᠲ᠋ᠠᠶᠢᠨ ᠤ ᠠᠰᠠᠭᠤᠳᠠᠯ ᠳᠡᠭᠡᠷ᠎ᠡ᠂ | ᠳᠤᠮᠳᠠᠳᠤ ᠤᠯᠤᠰ ᠢᠮᠠᠭᠲᠠ ᠪᠤᠰᠤᠳᠴᠢ᠂ ᠬᠡᠪ ᠢᠶᠠᠨ ᠰᠠᠬᠢᠬᠤ ᠶᠢ ᠪᠠᠷᠢᠮᠳᠠᠯᠠᠵᠤ᠂ ᠵᠠᠭᠤᠷᠠᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ | ᠰᠠᠨᠠᠭᠠᠴᠢᠯᠠᠭᠰᠠᠭᠠᠷ ᠢᠷᠡᠪᠡ᠃ ︽ᠬᠠᠷᠢᠭᠤᠴᠠᠯᠭ᠎ᠠ ᠲᠠᠢ ᠲᠤᠮᠤ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠲᠠᠪᠤᠨ ᠵᠠᠷᠴᠢᠮ ᠢ ᠪᠠᠷᠢᠮᠲᠠᠯᠠᠵᠤ᠂ ᠡᠯ᠎ᠡ ᠲᠠᠯ᠎ᠠ ᠶᠢᠨ ᠶᠠᠷᠢᠯᠴᠠᠭ᠎ᠠ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠦᠭᠰᠡᠨ ᠢᠶᠠᠷ | ᠪᠠᠷᠠᠬᠤ ᠦᠭᠡᠢ᠂ ᠪᠠᠰᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠮᠥᠷᠭᠦᠯᠳᠦᠭᠡᠨ ᠢ ᠡᠶᠡᠳᠡᠭᠦᠯᠬᠦ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ | ᠴᠢᠬᠤᠯᠠᠴᠢᠯᠠᠵᠤ ᠪᠠᠶᠢᠨ᠎ᠠ᠃ ᠳᠤᠮᠳᠠᠳᠤ ᠤᠮᠤᠰ ᠤᠨ ᠬᠤᠪᠢ ᠨᠡᠮᠡᠷᠢ ᠨᠢ ᠳᠡᠯᠡᠬᠡᠢ ᠳᠡᠭᠡᠷᠡᠬᠢ ᠵᠣᠩᠬᠢᠯᠠᠬᠤ ᠤᠯᠤᠰ ᠤᠨ ᠵᠥᠪᠰᠢᠶᠡᠷᠡᠯ ᠢ ᠤᠯᠪᠠ︾ ᠭᠡᠵᠠᠢ᠃ | ᠮᠠᠯᠠᠶᠢᠰᠢᠶ᠎ᠠ ᠶᠢᠨ ᠤᠯᠠᠨ ᠤᠯᠤᠰ ᠤᠨ ᠬᠠᠷᠢᠯᠴᠠᠭᠠᠨ ᠤ ᠲᠤᠰᠬᠠᠢ ᠮᠡᠷᠭᠡᠵᠢᠯᠲᠡᠨ ᠵᠦᠯᠢᠶᠠ · ᠯᠦᠤᠤᠺᠤᠨᠢᠹᠠᠳᠤ᠂ ᠤᠢᠢᠷ᠎ᠠ ᠶᠢᠨ ᠵᠢᠯ ᠠᠴᠠ ᠨᠠᠭᠠᠰᠢ᠂ | ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠢ ᠳᠤᠮᠳᠠᠳᠤ ᠤᠯᠤᠰ | ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ᠃ ︽ᠲᠡᠷᠢᠭᠦᠯᠡᠭᠴᠢ ᠰᠢ ᠶᠢᠨ ᠫᠢᠩ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠪᠣᠯᠤᠨ ᠪᠦᠬᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ᠂ ᠳᠤᠮᠳᠠᠳᠤ ᠤᠯᠤᠰ ᠪᠤᠰᠤᠳ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ | ᠦᠭᠡᠢ ᠴᠢᠩᠭᠠᠳᠬᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠪᠠ᠃ ᠳᠤᠮᠳᠠᠳᠤ ᠤᠯᠤᠰ ᠤᠨ ᠦᠨᠡᠨᠴᠢ ᠣᠪᠣᠷ ᠪᠣᠯᠤᠨ ᠪᠣᠳᠠᠲᠠᠢ ᠶᠢ ᠡᠷᠬᠢᠮᠯᠡᠭᠰᠡᠨ | ᠠᠵᠢᠯᠯᠠᠭ᠎ᠠ ᠳᠡᠯᠡᠬᠡᠢ ᠨᠡᠶᠢᠭᠡᠮ ᠤᠨ ᠨᠡᠶᠢᠳᠡᠮ ᠤᠨ ᠮᠠᠭᠲᠠᠭᠠᠯ ᠰᠠᠶᠢᠰᠢᠶᠠᠯ ᠢ ᠤᠯᠪᠠ᠃ ᠳᠤᠮᠳᠠᠳᠤ ᠳᠣᠷᠣᠨᠠᠲᠤ ᠤᠷᠤᠨ ᠤ ᠨᠠᠶᠢᠷᠠᠮᠳᠠᠯ ᠤᠨ ᠠᠬᠢᠴᠠ ᠶᠢ | ᠠᠬᠢᠭᠤᠯᠬᠤ ᠲᠠᠯ᠎ᠠ ᠪᠠᠷ ᠳᠤᠮᠳᠠᠳᠤ ᠤᠯᠤᠰ ᠦᠷᠭᠦᠯᠵᠢᠯᠡᠨ ᠢᠳᠡᠪᠬᠢᠲᠡᠢ ᠦᠢᠯᠡᠳᠦᠯ ᠪᠠᠳᠠᠷᠠᠭᠤᠯᠬᠤ ᠶᠢ ᠪᠢ ᠢᠲᠡᠭᠡᠵᠦ ᠪᠠᠶᠢᠨ᠎ᠠ︾ ᠭᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 27 ᠤ ᠴᠠᠬᠢᠯᠭᠠᠨ ᠮᠡᠳᠡᠭᠡ ᠠᠴᠠ︶ | |