ᠤᠯᠤᠰ ᠤᠨ ᠲᠡᠷᠢᠭᠦᠯᠡᠭᠴᠢ ᠰᠢ ᠶᠢᠨ ᠫᠢᠡᠭ 19 ᠤ ᠦᠳᠡ ᠶᠢᠨ ᠬᠤᠶᠢᠨ᠎ᠠ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ | ᠤᠢ ᠶᠢ ᠪᠡᠯᠭᠡᠯᠡᠬᠦ ᠠᠵᠢᠯᠯᠠᠭ᠎ᠠ ᠳᠤ ᠤᠷᠤᠯᠴᠠᠬᠤ ᠪᠠᠷ ᠤᠤᠮᠤᠨ ᠳᠤ ᠢᠷᠡᠭᠰᠡᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ | ᠲᠠᠷᠤᠭ᠎ᠠ ᠯᠢ ᠵᠢᠶᠠ ᠴᠤᠤ ᠲᠠᠢ ᠠᠭᠤᠯᠵᠠᠪᠠ᠃ | ᠰᠢ ᠶᠢᠨ ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠨᠢᠭᠡᠨᠲᠡ ᠰᠢᠨ᠎ᠡ ᠱᠠᠲᠤᠨ ᠳᠤ ᠣᠷᠣᠪᠠ᠃ | ᠰᠢᠶᠠᠩᠭᠠᠩ᠂ ᠣᠣᠮᠧᠨ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠪᠡᠯ ᠵᠣᠬᠢᠨ᠎ᠠ᠃ ᠬᠠᠷᠢᠯᠴᠠᠨ | ᠰᠤᠷᠤᠯᠴᠠᠵᠤ ᠬᠠᠷᠢᠯᠴᠠᠨ ᠲᠤᠯᠢ ᠪᠣᠯᠭᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ | ᠬᠡᠷᠡᠭᠲᠡᠢ ᠭᠡᠵᠦ ᠢᠯᠡᠳᠭᠡᠪᠡ᠃ | ᠰᠢ ᠶᠢᠨ ᠫᠢᠩ᠂ ᠤᠯᠤᠰ ᠠᠴᠠ ᠰᠢᠶᠠᠩᠭᠠᠩ ᠳᠤ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠃ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ | ᠴᠤᠤ ᠪᠣᠯᠤᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠯᠠᠪᠳᠠᠭᠤᠨ ᠲᠣᠭᠲᠠᠭᠤᠨ ᠢᠶᠠᠷ ᠵᠠᠰᠠᠭ ᠶᠠᠪᠤᠭᠤᠯᠵᠤ᠂ ᠪᠦᠬᠦ | ᠬᠦᠴᠦᠨ ᠢᠶᠠᠷ ᠢᠶᠠᠨ ᠠᠵᠤ ᠠᠬᠤᠢ ᠪᠠᠨ ᠬᠥᠭᠵᠢᠭᠦᠯᠵᠦ᠂ ᠬᠦᠭᠵᠢᠯᠳᠡ ᠪᠠᠨ ᠲᠦᠯᠦᠪᠵᠢᠭᠦᠯᠵᠤ᠂ ᠰᠢᠶᠠᠩᠭᠠᠩ ᠤᠨ ᠰᠢᠨ᠎ᠡ ᠭᠡᠷᠡᠯ ᠰᠠᠴᠤᠷᠠᠩᠭᠤᠢ | ᠠᠮᠵᠢᠯᠲᠠ ᠶᠢ ᠴᠢᠷᠮᠠᠶᠢᠨ ᠡᠭᠦᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠯᠢ ᠵᠢᠶᠠ ᠴᠤᠤ ᠲᠡᠷᠢᠭᠦᠯᠡᠭᠴᠢ ᠰᠢ ᠶᠢᠨ ᠫᠢᠩ ᠤᠨ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠵᠤ᠂ ᠰᠢᠶᠠᠩᠭᠠᠩ ᠢ ᠴᠢᠷᠮᠠᠶᠢᠨ ᠳᠠᠭᠠᠭᠤᠯᠵᠤ | ᠠᠵᠤ ᠠᠬᠤᠢ ᠪᠠᠨ ᠬᠥᠭᠵᠢᠭᠦᠯᠵᠦ᠂ ᠬᠦᠭᠵᠢᠯᠳᠡ ᠪᠠᠨ ᠲᠦᠯᠦᠪᠵᠢᠭᠦᠯᠵᠤ᠂ ᠠᠷᠠᠳ ᠤᠨ ᠠᠮᠢᠳᠤᠷᠠᠯ ᠢ ᠦᠨᠡᠨ ᠬᠦ ᠰᠠᠶᠢᠵᠢᠷᠠᠭᠤᠯᠵᠤ᠂ ᠭᠤᠸᠠᠩᠳᠦ᠋ᠩ | ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠨᠠᠩ ᠰᠠᠶᠢᠨ ᠠᠭᠤᠰᠤᠯᠴᠠᠨ᠎ᠠ ᠭᠡᠵᠦ ᠢᠯᠡᠳᠭᠡᠪᠡ᠃ | ᠼᠠᠢ ᠴᠢ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠬᠢᠯᠭᠠᠨ ᠮᠡᠳᠡᠭᠡ︶ | |