ᠤᠯᠤᠰ ᠤᠨ ᠲᠡᠷᠢᠭᠦᠯᠡᠭᠴᠢ ᠰᠢ ᠶᠢᠨ ᠫᠢᠡᠭ 19 ᠤ ᠦᠳᠡ ᠶᠢᠨ ᠬᠤᠶᠢᠨ᠎ᠠ ᠣᠣᠮᠧᠨ ᠳᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ | ᠲᠡᠳ᠋ ᠲᠡᠷᠢᠭᠦᠯᠡᠭᠴᠢ ᠾᠧ ᠾᠧᠦ ᠬᠤᠸᠠ ᠪᠤᠯᠤᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠤᠯ ᠤᠨ ᠵᠠᠰᠠᠭ ᠵᠠᠬᠢᠷᠭᠠᠨ ᠤ ᠲᠠᠷᠤᠭ᠎ᠠ ᠼᠦᠢ | ᠱᠢ ᠠᠨ ᠲᠠᠢ ᠠᠭᠤᠯᠵᠠᠪᠠ᠃ | ᠰᠢ ᠶᠢᠨ ᠫᠢᠩ ᠾᠧ ᠾᠧᠦ ᠬᠤᠸᠠ ᠪᠣᠯᠤᠨ ᠼᠦᠢ ᠱᠢ ᠠᠨ ᠳᠤ᠂ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠲᠤᠷᠰᠢ ᠣᠣᠮᠧᠨ ᠳᠤ | ᠮᠠᠰᠢ ᠶᠡᠭᠡ ᠬᠤᠪᠢᠷᠠᠯᠲᠠ ᠭᠠᠷᠴᠤ᠂ ᠠᠮᠵᠢᠯᠲᠠ ᠪᠦᠳᠦᠮᠵᠢ ᠤᠯᠠᠨ ᠤ ᠠᠩᠬᠠᠷᠤᠯ ᠢ ᠲᠠᠲᠠᠵᠠᠢ᠃ ᠲᠠ ᠨᠠᠷ ᠤᠷᠢᠳ ᠬᠤᠵᠢᠳ ᠵᠠᠰᠠᠭ ᠵᠠᠬᠢᠷᠭᠠᠨ ᠤ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠢᠨ ᠢ ᠳᠠᠭᠠᠭᠤᠯᠤᠨ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠣᠣᠮᠧᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠵᠤ᠂ | ᠠᠳᠡᠬᠢ ᠠᠯᠤᠰ ᠬᠡᠳᠦ ᠶᠢᠨ ᠬᠥᠭᠵᠢᠯᠲᠡ ᠳᠤ ᠮᠠᠰᠢ ᠰᠠᠶᠢᠨ ᠰᠠᠭᠤᠷᠢ ᠲᠠᠯᠪᠢᠵᠤ ᠥᠭᠴᠡᠢ᠃ ᠣᠣᠮᠧᠨ ᠥᠨᠥᠳᠦᠷ ᠤᠨ ᠰᠠᠶᠢᠨ ᠰᠠᠶᠢᠬᠠᠨ ᠪᠠᠶᠢᠳᠠᠯ ᠲᠠᠢ | ᠪᠣᠯᠤᠭᠰᠠᠨ ᠳᠤ ᠲᠠ ᠨᠠᠷ ᠮᠠᠰᠢ ᠶᠡᠭᠡ ᠬᠤᠪᠢ ᠨᠡᠮᠡᠷᠢ ᠦᠵᠡᠭᠦᠯᠦᠭᠰᠡᠨ ᠶᠤᠮ ᠭᠡᠵᠦ ᠢᠯᠡᠳᠭᠡᠪᠡ᠃ | ᠰᠢ ᠶᠢᠨ ᠫᠢᠩ᠂ ᠲᠠ ᠨᠠᠷ ᠤᠨ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠤᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠵᠥ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ | ᠬᠠᠶᠢᠷᠠᠯᠠᠬᠤ ᠬᠦᠴᠦᠨ ᠤ ᠬᠥᠭᠵᠢᠨ ᠪᠤᠵᠠᠭᠠᠶᠢᠷᠠᠬᠤ ᠶᠢ ᠲᠡᠮᠵᠢᠵᠥ᠂ ᠣᠣᠮᠧᠨ ᠪᠣᠯᠤᠨ ᠳᠣᠲᠣᠷ᠎ᠠ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠵᠤ᠂ ᠳᠡᠯᠡᠬᠡᠢ ᠨᠡᠶᠢᠭᠡᠮ ᠳᠤ ᠲᠥᠪ ᠤᠨ ᠴᠢᠭᠯᠡᠯᠲᠡ ᠲᠦᠷᠤ ᠶᠢᠨ ᠪᠤᠳᠤᠯᠭ᠎ᠠ ᠶᠢ ᠤᠬᠠᠭᠤᠯᠵᠤ᠂ ᠣᠣᠮᠧᠨ ᠤ ᠲᠥᠯᠥᠪᠵᠢᠭᠦᠯᠭᠡ ᠶᠢᠨ ᠵᠢᠷᠤᠭ | ᠲᠦᠰᠦᠪ ᠢ ᠲᠠᠨᠢᠯᠴᠠᠭᠤᠯᠵᠤ᠂ ᠣᠣᠮᠧᠨ ᠤ ᠦᠯᠢᠬᠡᠷ ᠢ ᠰᠠᠶᠢᠲᠤᠷ ᠶᠠᠷᠢᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠦᠢᠯᠡᠳᠦᠯᠭᠡ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠾᠧ ᠾᠧᠦ ᠬᠤᠸᠠ ᠪᠣᠯᠤᠨ ᠼᠦᠢ ᠱᠢ ᠠᠨ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠪᠠ ᠵᠣᠷᠢᠭᠵᠢᠭᠤᠯᠤᠯ ᠳᠤ ᠲᠠᠯᠠᠷᠬᠠᠵᠤ᠂ ᠣᠣᠮᠧᠨ | ᠪᠣᠯᠤᠨ ᠤᠯᠤᠰ ᠲᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠤᠨ ᠰᠢᠨ᠎ᠡ ᠬᠤᠭᠤᠴᠠᠭᠠᠨ ᠤ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠨᠡᠶᠢᠭᠡᠮ ᠤᠨ ᠡᠯ᠎ᠡ ᠡᠲᠡᠭᠡᠳ ᠢ ᠪᠦᠯᠬᠦᠮᠳᠡᠭᠦᠯᠦᠨ ᠳᠠᠭᠠᠭᠤᠯᠵᠤ ᠣᠣᠮᠧᠨ ᠤ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠪᠦᠬᠦ ᠬᠦᠴᠦ ᠪᠠᠷ ᠢᠶᠠᠨ ᠳᠡᠮᠵᠢᠨ᠎ᠡ ᠭᠡᠵᠦ ᠢᠯᠡᠳᠭᠡᠪᠡ᠃ | ᠼᠠᠢ ᠴᠢ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠬᠢᠯᠭᠠᠨ ᠮᠡᠳᠡᠭᠡ︶ |