ᠬᠥᠬᠡᠬᠤᠲᠠ ᠶᠢᠨ ᠲᠡᠮᠤᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠭᠡᠨ ᠲᠡᠮᠦᠷ ᠤᠨ ᠬᠠᠶᠢᠯᠤᠰᠢ ᠶᠢᠨ 64 ᠴᠢᠩᠭᠡᠯᠢᠭ ᠢ | ᠠᠴᠢᠭᠰᠠᠨ X9792 ᠡᠭᠡᠯᠵᠢ ᠶᠢᠨ ᠭᠠᠯᠲᠤ ᠲᠡᠷᠭᠡ ᠤᠯᠠᠭᠠᠨᠴᠠᠪ ᠬᠤᠲᠠ ᠶᠢᠨ ᠹᠤᠩᠵᠤᠨ ᠪᠠᠷᠠᠭᠠᠨ ᠤ ᠲᠠᠯᠠᠪᠠᠶ ᠠᠴᠠ ᠮᠣᠷᠳᠠᠪᠠ᠃ ᠡᠨᠡ ᠨᠢ ᠮᠠᠨ ᠤ | ᠤᠷᠤᠨ ᠤ ᠲᠡᠮᠦᠷ ᠤᠨ ᠬᠠᠶᠢᠯᠤᠰᠢ ᠶᠢ ᠲᠡᠮᠦᠷ ᠵᠠᠮ ᠪᠠ ᠲᠡᠯᠡᠶ ᠶᠢᠨ ᠵᠠᠮ ᠢᠶᠠᠷ ᠬᠠᠮᠲᠤᠷᠠᠨ ᠲᠡᠭᠡᠭᠡᠪᠦᠷᠢᠯᠡᠬᠦ ᠲᠦᠷᠭᠡᠨ ᠤ ᠵᠢᠰᠢᠶᠡᠨ ᠤ ᠭᠠᠯᠲᠤ ᠲᠡᠷᠭᠡ | ᠨᠡᠪᠲᠡᠷᠡᠭᠰᠡᠨ ᠢ ᠬᠠᠷᠠᠭᠤᠯᠵᠤ ᠪᠠᠶᠢᠨ᠎ᠠ᠃ | ᠤᠯᠠᠭᠠᠨᠴᠠᠪ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ᠂ ᠲᠥᠷᠥᠯ ᠵᠦᠢᠯ ᠣᠯᠠᠨ ᠪᠠᠶᠢᠵᠤ᠂ ᠠᠵᠤ ᠦᠢᠯᠡᠳᠪᠦᠷᠢ ᠶᠢᠨ | ᠴᠢᠬᠤᠯᠠ ᠲᠦᠭᠦᠬᠡᠶ ᠮᠠᠲ᠋ᠧᠷᠢᠶᠠᠯ ᠤᠨ ᠨᠢᠭᠡ ᠪᠣᠯᠤᠭᠰᠠᠨ ᠡᠯ᠎ᠡ ᠲᠥᠷᠥᠯ ᠤᠨ ᠲᠡᠮᠦᠷ ᠤᠨ ᠬᠠᠶᠢᠯᠤᠰᠢ ᠶᠢ ᠭᠠᠳᠠᠭᠰᠢ ᠲᠡᠭᠡᠭᠡᠪᠦᠷᠢᠯᠡᠬᠦ ᠬᠡᠷᠡᠭᠴᠡᠭᠡ ᠮᠡᠰᠢ | ᠶᠡᠭᠡ ᠪᠠᠶᠢᠳᠠᠭ᠃ ᠲᠡᠮᠦᠷ ᠵᠠᠮ ᠪᠠ ᠲᠡᠯᠡᠶ ᠶᠢᠨ ᠵᠠᠮ ᠢᠶᠠᠷ ᠬᠠᠮᠲᠤᠷᠠᠨ ᠲᠡᠭᠡᠭᠡᠪᠦᠷᠢᠯᠡᠬᠦ ᠲᠦᠷᠭᠡᠨ ᠤ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠨᠢ | ᠤᠯᠠᠭᠠᠨᠴᠠᠪ ᠲᠤ ᠦᠢᠯᠡᠳᠪᠦᠷᠢᠯᠡᠭᠰᠡᠨ ᠮᠠᠩᠭᠠᠨ ᠴᠠᠬᠢᠭᠤᠷ ᠤᠨ ᠬᠠᠶᠢᠯᠤᠰᠢ᠂ ᠾᠷᠣᠮᠲᠤ ᠲᠡᠮᠦᠷ ᠵᠡᠷᠭᠡ ᠲᠡᠮᠦᠷ ᠤᠨ ᠬᠠᠶᠢᠯᠤᠰᠢ ᠶᠢᠨ ᠮᠠᠲ᠋ᠧᠷᠢᠶᠠᠯ ᠢ ᠲᠡᠮᠦᠷ | ᠵᠠᠮ ᠢᠶᠠᠷ 1 ᠡᠳᠦᠷ ᠤᠨ ᠳᠤᠲᠤᠷ᠎ᠠ ᠲᠢᠶᠠᠨᠵᠢᠨ ᠤ ᠰᠢᠨ᠎ᠡ ᠭᠠᠷᠠᠮ ᠳᠤ ᠬᠦᠷᠭᠡᠵᠦ᠂ ᠳᠠᠬᠢᠨ ᠤᠰᠤᠨ ᠵᠠᠮ ᠢᠶᠠᠷ ᠳᠡᠮᠵᠢᠨ ᠹᠦᠵᠢᠶᠠᠨ ᠳᠤ ᠬᠦᠷᠭᠡᠵᠦ᠂ | ᠲᠡᠮᠦᠷ ᠵᠠᠮ ᠪᠠ ᠲᠡᠯᠡᠶ ᠶᠢᠨ ᠲᠡᠭᠡᠭᠡᠪᠦᠷᠢ ᠶᠢ ᠵᠠᠪᠰᠠᠷ ᠥᠬᠡᠶ ᠵᠣᠯᠭᠠᠭᠤᠯᠪᠠ᠃ | ᠤᠶᠢᠯᠠᠭᠠᠭᠰᠠᠨ ᠢᠶᠠᠷ᠂ ᠲᠡᠮᠦᠷ ᠤᠨ ᠬᠠᠶᠢᠯᠤᠰᠢ ᠶᠢ ᠭᠤᠤᠯᠳᠠᠭᠤ ᠡᠮᠦᠨᠡᠲᠦ ᠣᠷᠣᠨ ᠤ ᠪᠣᠯᠣᠳ ᠲᠡᠮᠦᠷ ᠤᠨ ᠦᠢᠯᠡᠳᠪᠦᠷᠢ ᠪᠠ ᠪᠠᠷᠢᠯᠭ᠎ᠠ ᠶᠢᠨ ᠵᠠᠬ᠎ᠠ | ᠳᠡᠯᠭᠡᠭᠦᠷ ᠲᠤ ᠪᠣᠷᠣᠯᠠᠭᠤᠯᠵᠤ ᠪᠤᠢ᠂ ᠥᠩᠭᠡᠷᠡᠭᠰᠡᠨ ᠤ ᠵᠠᠰᠠᠮᠠᠯ ᠵᠠᠮ ᠤᠨ ᠲᠡᠭᠡᠭᠡᠪᠦᠷᠢ ᠲᠠᠢ ᠬᠠᠷᠢᠴᠠᠭᠤᠯᠪᠠᠯ ᠲᠡᠮᠦᠷ ᠵᠠᠮ ᠪᠠ ᠲᠡᠯᠡᠶ ᠶᠢᠨ ᠵᠠᠮ ᠢᠶᠠᠷ | ᠬᠠᠮᠲᠤᠷᠠᠨ ᠲᠡᠭᠡᠭᠡᠪᠦᠷᠢᠯᠡᠬᠦ ᠲᠦᠷᠭᠡᠨ ᠤ ᠵᠢᠰᠢᠶᠠᠨ ᠤ ᠭᠠᠯᠲᠤ ᠲᠡᠷᠭᠡ ᠨᠢ ᠵᠠᠮ ᠳᠠᠭᠠᠤ ᠶᠢᠨ ᠪᠠᠶᠢᠴᠠᠭᠠᠯᠲᠠ ᠬᠢᠬᠦ ᠴᠠᠭ ᠢ ᠪᠣᠭᠤᠨᠢᠰᠬᠠᠨ᠂ ᠲᠡᠭᠡᠭᠡᠪᠦᠷᠢ ᠶᠢᠨ | ᠦᠶᠡᠯᠡᠯ ᠤᠨ ᠬᠤᠭᠤᠴᠠᠭ᠎ᠠ ᠶᠢ 3 ᠡᠳᠦᠷ ᠪᠤᠭᠤᠨᠢᠰᠬᠠᠵᠦ᠂ ᠲᠡᠭᠡᠭᠡᠪᠦᠷᠢ ᠶᠢᠨ ᠥᠪᠡᠷ ᠤᠨ ᠥᠷᠲᠡᠭ ᠢ 30% ᠪᠠᠷ ᠪᠠᠭᠤᠷᠠᠭᠤᠯᠵᠤ ᠲᠠᠶᠢᠯᠤᠨ᠎ᠠ᠃ ᠲᠤᠰ | ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ | ᠬᠥᠬᠡᠬᠤᠲᠠ ᠶᠢᠨ ᠲᠡᠮᠦᠷ ᠵᠠᠮ ᠤᠨ ᠡᠳ᠋ ᠪᠠᠷᠠᠭᠠᠨ ᠤ ᠭᠦᠢᠯᠭᠡᠭᠡ ᠶᠢᠨ ᠲᠥᠪ ᠤᠨ ᠬᠢᠨ ᠠᠵᠢᠯ ᠤᠨ ᠭᠤᠭᠴᠤᠭ᠎ᠠ ᠪᠠᠨ ᠰᠢᠯᠢᠳᠡᠭᠵᠢᠭᠦᠯᠤᠨ᠂ ᠠᠵᠢᠯ ᠤᠨ | ᠦᠷ᠎ᠡ ᠪᠦᠲᠦᠮᠵᠢ ᠪᠠᠨ ᠳᠡᠭᠡᠭᠰᠢᠯᠡᠭᠦᠯᠵᠤ᠂ ︽ᠤᠷᠢᠳ ᠢᠶᠠᠷ ᠳᠣᠭᠢᠷᠠᠭᠤᠯᠵᠤ᠂ ᠤᠷᠢᠳ ᠢᠶᠠᠷ ᠲᠡᠭᠡᠭᠡᠪᠦᠷᠢᠯᠡᠨ ᠪᠠᠭᠤᠯᠭᠠᠵᠤ᠂ ᠤᠷᠢᠳ ᠢᠶᠠᠷ ᠪᠠᠶᠢᠴᠠᠭᠠᠨ | ᠰᠢᠯᠭᠠᠵᠤ᠂ ᠤᠷᠢᠳ ᠢᠶᠠᠷ ᠶᠠᠪᠤᠭᠤᠯᠬᠤ︾ ᠠᠵᠢᠯ ᠤᠨ ᠵᠠᠷᠴᠢᠮ ᠶᠣᠰᠣᠭᠠᠷ ᠳᠠᠭᠠᠭᠠᠴᠢᠯᠠᠨ ᠲᠡᠭᠡᠭᠡᠪᠦᠷᠢᠯᠡᠬᠦ᠂ ᠪᠠᠶᠢᠴᠠᠭᠠᠨ ᠰᠢᠯᠭᠠᠬᠤ᠂ ᠳᠠᠮᠵᠢᠭᠤᠯᠤᠨ | ᠲᠡᠭᠡᠭᠡᠪᠦᠷᠢᠯᠡᠬᠦ ᠠᠵᠢᠯ ᠢ ᠨᠢᠭᠲᠠ ᠵᠣᠯᠭᠠᠭᠤᠯᠵᠤ᠂ ᠠᠵᠤ ᠠᠬᠤᠶᠢᠯᠠᠯ ᠤᠨ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠤᠯᠠᠮ ᠨᠢᠭᠡ | ᠠᠯᠬᠤᠮ ᠪᠠᠭᠤᠷᠠᠭᠤᠯᠪᠠ᠃ |