| ᠡᠨᠡ ᠵᠢᠯ᠂ ᠦᠦᠰᠢᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | 3.41 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠪᠠᠷ ᠳᠦᠯᠦᠪᠯᠡᠨ᠂ 8617 ᠲᠦᠮᠡᠨ ᠲᠥᠭᠦᠷᠢᠭ ᠪᠡᠯᠡ | ᠤᠷᠤᠭᠤᠯᠵᠤ᠂ ᠬᠠᠪᠤᠷ ᠨᠠᠮᠤᠷ ᠬᠤᠶᠠᠷ ᠤᠯᠠᠷᠢᠯ ᠬᠤᠪᠢᠶᠠᠨ ᠬᠡᠷᠡᠭᠵᠢᠭᠦᠯᠵᠦ᠂ ᠤᠳᠤᠬᠠᠨ ᠳᠤ ᠨᠠᠮᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠱᠠᠯᠠᠪᠳᠠᠭᠤᠯᠵᠤ ᠪᠤᠢ᠃ | ᠤᠶᠢᠯᠠᠭᠠᠭᠰᠠᠨ ᠢᠶᠠᠷ᠂ ᠡᠨᠡ ᠵᠢᠯ ᠦᠦᠰᠢᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ | ᠢᠢᠡᠨ ᠴᠢᠩᠭᠠᠷᠠᠭᠤᠯᠵᠤ᠂ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠦᠴᠢᠷ | ᠵᠡᠷᠭᠡ 11 ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠬᠠᠮᠳᠤᠷᠠᠯᠴᠠᠨ᠂ 30 ᠭᠠᠷᠤᠢ ᠠᠵᠢᠯ ᠤᠨ ᠳᠤᠭᠤᠶᠢᠯᠠᠩ ᠬᠤᠪᠢᠶᠠᠵᠤ᠂ ᠪᠦᠳᠦᠭᠡᠨ ᠪᠠᠶᠢᠭᠤᠯᠤᠯᠳᠠ | ᠶᠢᠨ ᠠᠵᠢᠯ ᠤᠨ ᠠᠬᠢᠴᠠ ᠶᠢ ᠨᠢᠭᠡᠳᠦᠯᠳᠡᠢ ᠳᠦᠯᠦᠪᠵᠢᠬᠦᠯᠦᠨ᠂ ᠪᠥᠬᠦ ᠬᠤᠰᠢᠭᠤᠨ ᠤ 7 ᠬᠡᠰᠡᠭ ᠦᠨᠳᠦᠷ ᠪᠠᠷᠢᠮᠵᠢᠶᠠᠲᠤ ᠳᠠᠷᠢᠶᠠᠨ ᠭᠠᠵᠠᠷ ᠢ ᠪᠦᠳᠦᠭᠡᠨ | ᠪᠠᠶᠢᠭᠤᠯᠵᠤ ᠪᠠᠶᠢᠨ᠎ᠠ᠃ ᠡᠳᠦᠬᠡ ᠪᠥᠬᠦ ᠬᠤᠰᠢᠭᠤᠨ ᠤ ᠦᠨᠳᠦᠷ ᠪᠠᠷᠢᠮᠵᠢᠶᠠᠳᠤ ᠳᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠦᠬᠦ ᠠᠵᠢᠯ ᠤᠨ | 89% ᠶᠢ ᠨᠢᠭᠡᠨᠳᠡ ᠪᠡᠶᠡᠯᠡᠭᠦᠯᠵᠦ᠂ 29.5 ᠲᠦᠮᠡᠨ ᠮᠧᠲᠷ ᠤᠨ ᠤᠰᠤ ᠳᠠᠳᠠᠬᠤ ᠬᠤᠭᠤᠯᠠᠢ ᠶᠢ ᠤᠭᠰᠠᠷᠠᠨ᠂ 2499.5 ᠲᠦᠮᠡᠨ ᠮᠧᠲᠷ ᠤᠨ | ᠳᠤᠰᠤᠯᠭᠠᠨ ᠤᠰᠤᠯᠠᠬᠤ ᠪᠦᠰᠡ ᠶᠢ ᠳᠡᠪᠢᠰᠴᠦ᠂ 35.6 ᠲᠦᠮᠡᠨ ᠮᠧᠳ᠋ᠷ ᠤᠨ ᠵᠥᠭᠡᠯᠡᠨ ᠬᠤᠭᠤᠯᠠᠢ ᠶᠢ ᠤᠭᠰᠠᠷᠠᠨ᠂ 113 ᠬᠠᠭᠤᠴᠢᠨ ᠤᠰᠤᠨ | ᠬᠤᠳᠳᠤᠭ ᠢ ᠰᠢᠨᠡᠳᠬᠡᠨ ᠵᠠᠰᠠᠵᠤ᠂ 128 ᠰᠠᠭᠤᠷᠢ ᠲᠥᠬᠦᠭᠡᠷᠦᠮᠵᠢ ᠶᠢᠨ ᠭᠡᠷ ᠪᠠᠶᠢᠰᠢᠩ ᠢ ᠦᠭᠡᠷᠡᠴᠢᠯᠡᠨ ᠵᠠᠰᠠᠵᠠᠢ᠃ | ᠣᠲᠣᠬᠠᠨ ᠪᠣᠯᠲᠠᠯ᠎ᠠ᠂ ᠦᠦᠰᠢᠨ ᠬᠤᠰᠢᠭᠤ ᠨᠡᠶᠢᠳᠡ 30 ᠳᠦᠮᠡᠨ ᠮᠣ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠵᠤ᠂ | ᠪᠦᠬᠦ ᠬᠤᠰᠢᠭᠤᠨ ᠤ ᠦᠨᠳᠦᠰᠦᠨ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠶᠢᠨ ᠪᠠᠷᠤᠭ 1/3 ᠶᠢ ᠳᠠᠪᠠᠨ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠡᠢ᠃ | | | |