ᠥᠨᠳᠥᠷ ᠬᠤᠷᠳᠤᠴᠠᠲᠤ ᠵᠠᠮ ᠬᠠᠷᠢᠯᠴᠠᠭᠠᠨ ᠤ ᠴᠠᠭᠳᠠᠭ᠎ᠠ ᠶᠢᠨ ᠮᠤᠨᠠ ᠠᠭᠤᠯᠠ ᠶᠡᠭᠡ ᠠᠩᠭᠢ ᠵᠠᠮ ᠬᠠᠷᠢᠯᠴᠠᠭᠠᠨ ᠤ ᠠᠮᠣᠷ ᠲᠦᠪᠰᠢᠨ ᠢ ᠪᠠᠲᠣᠯᠠᠨ᠎ᠠ 
ᠨᠡᠶᠢᠲᠡᠯᠡᠭᠰᠡᠨ ᠴᠠᠭ᠄
2024/12/24
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠷᠦᠩᠬᠡᠢ ᠠᠩᠭᠢ ᠶᠢᠨ ᠮᠤᠨᠠ ᠠᠭᠤᠯᠠ ᠶᠡᠭᠡ ᠠᠩᠭᠢ ᠤᠷᠠᠳ ᠤᠨ ᠡᠮᠦᠨᠡᠲᠦ ᠬᠤᠰᠢᠭᠤᠨ ᠤ ᠬᠡᠰᠡᠭ ᠲᠤ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂  ᠦᠨᠳᠦᠷ ᠬᠤᠷᠳᠣᠴᠠᠲᠣ  ᠵᠠᠰᠠᠮᠠᠯ ᠵᠠᠮ ᠤᠨ ᠠᠮᠤᠷ ᠲᠦᠪᠰᠢᠨ ᠢ  ᠪᠠᠲᠣᠯᠠᠨ᠎ᠠ᠃

微信图片_20241224103843.jpg

   

     ᠮᠤᠨᠠ ᠠᠭᠤᠯᠠ ᠦᠨᠳᠦᠷ ᠬᠤᠷᠳᠣᠴᠠᠲᠣ ᠵᠠᠰᠠᠮᠠᠯ ᠵᠠᠮ ᠤᠨ ᠠᠮᠠ ᠳᠤ᠂ ᠦᠨᠳᠦᠷ ᠬᠤᠷᠳᠣᠴᠠᠲᠣ ᠵᠠᠰᠠᠮᠠᠯ ᠵᠠᠮ ᠤᠨ ᠭᠤᠷᠪᠠᠳᠤᠭᠠᠷ ᠰᠠᠯᠪᠤᠷᠢ

ᠠᠩᠭᠢ ᠶᠢᠨ ᠮᠤᠨᠠ ᠠᠭᠤᠯᠠ ᠶᠡᠭᠡ ᠠᠩᠭᠢ ᠶᠢᠨ ᠳᠤᠮᠳᠠ ᠠᠩᠭᠢ ᠶᠢᠨ ᠳᠠᠷᠤᠭ᠎ᠠ ᠯᠢ ᠵᠣᠣ ᠰᠢᠨ ᠲᠡᠭᠦᠨ ᠤ ᠬᠠᠮᠲᠣ ᠠᠵᠢᠯᠲᠠᠨ ᠲᠠᠢ ᠪᠠᠨ ᠬᠠᠬᠢᠷ ᠡᠪᠦᠯ

 ᠤᠨ ᠬᠦᠢᠲᠡᠨ ᠳᠤ ᠴᠣ᠋ ᠬᠡᠰᠡᠨ ᠠᠵᠢᠯ ᠤᠨ ᠪᠠᠶᠢᠷᠢ ᠪᠠᠨ ᠪᠠᠲᠣ ᠰᠠᠬᠢᠨ᠎ᠠ᠃ ᠯᠢ ᠵᠣᠣ ᠰᠢᠨ ᠨᠢᠭᠡᠨ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠶᠢ ᠬᠠᠰᠢᠵᠤ᠂

ᠵᠢᠯᠣᠭᠤᠴᠢ ᠶᠢᠨ ᠦᠨᠡᠮᠯᠡᠯ ᠤᠨ ᠮᠡᠳᠡᠭᠡ ᠵᠠᠩᠭᠢ᠂ ᠠᠮᠤᠷ ᠲᠦᠪᠰᠢᠨ ᠤ ᠪᠦᠰᠡ ᠪᠦᠰᠡᠯᠡᠭᠰᠡᠨ ᠡᠰᠡᠬᠦ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ

ᠬᠠᠮᠲᠤ ᠵᠢᠯᠣᠭᠤᠴᠢ ᠶᠢᠨ ᠲᠡᠷᠭᠡ ᠬᠥᠰᠬᠡ ᠶᠢᠨ ᠠᠶᠠᠯᠠᠯ ᠤᠨ ᠲᠤᠬᠠᠶ  ᠬᠤᠯᠪᠣᠭᠳᠠᠯ ᠪᠥᠬᠦᠶ ᠮᠡᠳᠡᠭᠡ ᠵᠠᠩᠭᠢ ᠶᠢ ᠯᠠᠪᠯᠠᠨ ᠠᠰᠠᠭᠤᠵᠤ᠂ ᠠᠮᠤᠷ

ᠲᠦᠪᠰᠢᠨ ᠤ ᠳᠠᠯᠳᠠ ᠬᠡᠮ ᠥᠬᠡᠶ ᠪᠠᠶᠢᠬᠤ ᠶᠢ ᠪᠠᠶᠢᠴᠠᠭᠠᠭᠰᠠᠨ ᠤ ᠳᠠᠷᠠᠭ᠎ᠠ ᠰᠠᠶ᠋ᠢ  ᠶᠠᠪᠣᠭᠤᠯᠪᠠ᠃

    ︽ᠦᠨᠳᠦᠷ ᠬᠤᠷᠳᠣᠴᠠᠲᠣ ᠵᠠᠰᠠᠮᠠᠯ ᠵᠠᠮ ᠤᠨ ᠭᠤᠷᠪᠠᠳᠤᠭᠠᠷ ᠰᠠᠯᠪᠤᠷᠢ ᠠᠩᠭᠢ ᠶᠢᠨ ᠮᠤᠨᠠ ᠠᠭᠤᠯᠠ ᠶᠡᠭᠡ ᠠᠩᠭᠢ ᠡᠪᠦᠯ ᠤᠨ ᠤᠯᠠᠷᠢᠯ ᠤᠨ ᠵᠠᠮ

ᠬᠠᠷᠢᠯᠴᠠᠭᠠᠨ ᠤ ᠠᠮᠤᠷ ᠲᠦᠪᠰᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ 2025 ᠣᠨ ᠤ 2 ᠰᠠᠷ᠎ᠠ ᠶᠢᠨ 28 ᠤ ᠡᠳᠦᠷ

ᠪᠣᠯᠲᠠᠯ᠎ᠠ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ᠂ ᠶᠠᠳᠠᠷᠠᠵᠤ  ᠵᠦᠳᠡᠷᠡᠭᠰᠡᠨ ᠤ ᠳᠠᠷᠠᠭ᠎ᠠ ᠲᠡᠷᠭᠡ ᠵᠢᠯᠣᠭᠤᠳᠬᠤ᠂ ᠠᠮᠤᠷ

ᠲᠦᠪᠰᠢᠨ ᠤ ᠪᠦᠰᠡ ᠪᠦᠰᠡᠯᠡᠬᠦ ᠦᠭᠡᠢ ᠵᠡᠷᠭᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠥᠷᠭᠡᠨ ᠣᠯᠠᠨ ᠵᠢᠯᠣᠭᠤᠴᠢ ᠵᠠᠮ

ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠣᠭᠲᠠᠭᠠᠯ ᠢ ᠵᠢᠷᠤᠮᠯᠠᠨ᠂ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠬᠦᠰᠡᠵᠦ ᠪᠠᠶᠢᠨ᠎ᠠ︾ ᠬᠡᠮᠡᠨ ᠯᠢ

ᠵᠠᠣ ᠰᠢᠨ ᠰᠣᠷᠪᠣᠯᠵᠢᠯᠠᠭᠴᠢ ᠳᠤ ᠬᠡᠯᠡᠪᠡ᠃

微信图片_20241224103847.jpg

   

     ᠡᠪᠦᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠴᠠᠰᠤ ᠣᠷᠣᠬᠤ᠂ ᠬᠢᠷᠠᠭᠤ ᠬᠥᠯᠳᠡᠬᠦ᠂ ᠶᠡᠭᠡ ᠮᠠᠨᠠᠨ ᠵᠡᠷᠭᠡ ᠠᠭᠤᠷ ᠠᠮᠢᠰᠬᠤᠯ 

ᠣᠯᠠᠰᠢᠷᠠᠳᠠᠭ ᠠᠴᠠ ᠦᠨᠳᠦᠷ ᠬᠤᠷᠳᠣᠴᠠᠲᠣ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠳᠤ ᠬᠦᠨᠳᠦ ᠬᠡᠴᠡᠭᠦᠦ ᠥᠷᠢᠰᠥᠯᠳᠦᠭᠡᠨ

ᠲᠣᠯᠭᠠᠷᠠᠭᠤᠯᠳᠠᠭ᠃ ᠥᠷᠭᠡᠨ ᠣᠯᠠᠨ ᠵᠢᠯᠣᠭᠤᠴᠢ  ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠦᠨᠳᠦᠷ

ᠬᠤᠷᠳᠣᠴᠠᠲᠣ ᠵᠠᠰᠠᠮᠠᠯ ᠵᠠᠮ ᠤᠨ ᠭᠤᠷᠪᠠᠳᠤᠭᠠᠷ ᠰᠠᠯᠪᠤᠷᠢ ᠠᠩᠭᠢ ᠶᠢᠨ ᠮᠤᠨᠠ ᠠᠭᠤᠯᠠ ᠶᠡᠭᠡ ᠠᠩᠭᠢ 11 ᠰᠠᠷ᠎ᠠ ᠠᠴᠠ ᠡᠬᠢᠯᠡᠨ ᠡᠪᠦᠯ ᠤᠨ ᠤᠯᠠᠷᠢᠯ ᠤᠨ

ᠵᠠᠮ ᠬᠠᠷᠢᠯᠴᠠᠭᠠᠨ ᠤ ᠠᠮᠤᠷ ᠲᠦᠪᠰᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠭᠤᠤᠯᠳᠠᠯᠭ᠎ᠠ ᠲᠠᠢ ᠵᠠᠮ ᠤᠨ ᠬᠡᠰᠡᠭ᠂ ᠴᠠᠭ

ᠬᠤᠭᠤᠴᠠᠭᠠᠨ ᠤ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠲᠣᠭᠲᠠᠭᠰᠠᠨ ᠴᠡᠭ ᠲᠤ ᠵᠢᠵᠢᠭᠦᠷᠯᠡᠬᠦ ᠪᠠ  ᠲᠣᠭᠤᠷᠢᠨ

ᠴᠠᠭᠳᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠤᠷᠳᠤᠴᠠ ᠠᠴᠠ ᠬᠡᠲᠦᠷᠡᠭᠦᠯᠬᠦ᠂ ᠲᠣᠭᠲᠠᠭᠰᠠᠨ ᠪᠣᠰᠣ ᠭᠠᠵᠠᠷ ᠲᠤ ᠲᠡᠷᠭᠡ ᠵᠢᠯᠣᠭᠤᠳᠬᠤ᠂

ᠶᠠᠳᠠᠷᠠᠵᠤ  ᠵᠦᠳᠡᠷᠡᠭᠰᠡᠨ ᠤ ᠳᠠᠷᠠᠭ᠎ᠠ ᠲᠡᠷᠭᠡ ᠵᠢᠯᠣᠭᠤᠳᠬᠤ᠂ ᠠᠷᠢᠬᠢ ᠤᠤᠭᠤᠵᠤ ᠲᠡᠷᠭᠡ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠬᠤ ᠲᠡᠷᠭᠡᠨ

ᠵᠠᠮ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠬᠦ ᠵᠡᠷᠭᠡ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ

ᠴᠢᠩᠭ᠎ᠠ ᠪᠠᠶᠢᠴᠠᠭᠠᠨ  ᠰᠢᠢᠳᠪᠦᠷᠢᠯᠡᠵᠦ ᠪᠠᠶᠢᠨ᠎ᠠ᠃ ᠡᠭᠦᠨ ᠤ ᠬᠠᠮᠲᠤ ︽ᠬᠤᠶᠠᠷ ᠠᠶᠠᠨᠴᠢᠳ ᠤᠨ ᠲᠡᠷᠭᠡ — ᠨᠢᠭᠡ ᠠᠶᠤᠯᠲᠠᠶ ᠲᠡᠷᠭᠡ — ᠨᠢᠭᠡ 

ᠪᠠᠷᠠᠭᠠᠨ ᠤ ᠲᠡᠷᠭᠡ︾ ᠶᠢᠨ ᠲᠡᠷᠭᠡ ᠬᠥᠰᠬᠡ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠡᠷᠭᠡ ᠳᠠᠭᠠᠷᠠᠪᠠᠯ ᠵᠠᠪᠠᠯ ᠪᠠᠶᠢᠴᠠᠭᠠᠵᠤ᠂ ᠳᠠᠯᠳᠠ

ᠬᠡᠮ ᠲᠠᠢ ᠲᠡᠷᠭᠡ ᠬᠥᠰᠬᠡ ᠶᠢ ᠵᠠᠮ ᠳᠡᠭᠡᠷ᠎ᠡ ᠭᠠᠷᠭᠠᠬᠤ ᠶᠢ ᠡᠷᠡᠰ  ᠬᠤᠷᠢᠭᠯᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠮᠤᠨᠠ ᠠᠭᠤᠯᠠ ᠶᠡᠭᠡ ᠠᠩᠭᠢ 

ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠵᠡᠷᠭᠡᠪᠡᠷ ᠬᠢᠵᠦ᠂ ᠪᠠᠴᠢᠮ ᠪᠠᠶᠢᠳᠠᠯ ᠢ

ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠵᠤ᠂  ᠦᠨᠳᠦᠷ  ᠬᠤᠷᠳᠣᠴᠠᠲᠣ ᠵᠠᠰᠠᠮᠠᠯ ᠵᠠᠮ ᠤᠨ ᠠᠮᠤᠷ ᠲᠦᠪᠰᠢᠨ ᠢ  ᠪᠠᠲᠣᠯᠠᠵᠤ

ᠪᠠᠶᠢᠨ᠎ᠠ᠃

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ