ᠮᠠᠨ ᠤ ᠤᠷᠤᠨ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠰᠤᠳᠤᠯᠭᠠᠨ ᠦᠷᠨᠢᠬᠦᠯᠵᠤ ᠡᠯᠪᠡᠭ ᠪᠠᠶᠠᠯᠢᠭ ᠦᠷ᠎ᠠ ᠪᠦᠳᠦᠬᠡᠯ ᠤᠯᠵᠠᠢ
ᠨᠡᠶᠢᠲᠡᠯᠡᠭᠰᠡᠨ ᠴᠠᠭ᠄
2024/12/24
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠢᠭᠡᠳ ᠤᠰᠤᠨ ᠠᠰᠢᠭᠯᠠᠯᠲᠠ ᠶᠢᠨ ᠶᠠᠮᠤᠨ ᠤ ᠣᠯᠠᠨ ᠤᠯᠤᠰ ᠤᠨ ᠬᠤᠷᠰᠢᠯᠴᠠᠭ᠎ᠠ ᠪᠤᠯᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠤᠷᠭᠠᠨ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠬᠠᠮᠲᠤᠷᠠᠨ ᠮᠠᠨ ᠤ ᠤᠷᠤᠨ ᠤ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠤᠯᠲᠠ ᠶᠢ ᠠᠬᠢᠭᠤᠯᠵᠤ ᠡᠯᠪᠡᠭ ᠪᠠᠶᠠᠯᠢᠭ ᠦᠷ᠎ᠠ ᠪᠦᠳᠦᠬᠡᠯ ᠤᠯᠪᠠ᠃    ᠣᠶᠢᠯᠠᠭᠠᠭᠰᠠᠨ ᠢᠶᠠᠷ᠂ ᠲᠣᠰ ᠠᠵᠢᠯ ᠪᠤᠯ ᠤᠰᠤᠨ ᠠᠰᠢᠭᠯᠠᠯᠲᠠ ᠶᠢᠨ ᠶᠠᠮᠤᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠢᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠢᠢ ᠴᠢᠷᠮᠠᠶᠢᠨ ᠪᠢᠴᠢᠭᠯᠡᠬᠦ ᠤᠰᠤᠨ ᠠᠰᠢᠭᠯᠠᠯᠲᠠ ᠶᠢᠨ ᠬᠡᠷᠡᠭᠵᠢᠭᠦᠯᠬᠦ ᠲᠥᠰᠦᠯ ᠢ ᠭᠤᠤᠯᠳᠠᠯᠭ᠎ᠠ ᠲᠠᠢ ᠬᠡᠷᠡᠭᠵᠢᠬᠦᠯᠦᠭᠰᠡᠨ ᠠᠷᠭ᠎ᠠ ᠬᠡᠮᠵᠢᠶ᠎ᠡ ᠪᠠᠶᠢᠵᠤ᠂ ᠨᠢᠭᠡᠨᠲᠡ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠷᠥᠯ ᠵᠦᠢᠯ ᠤᠨ ᠨᠥᠭᠡᠴᠡ ᠬᠥᠮᠥᠷᠭᠡ ᠳᠤ ᠣᠷᠣᠭᠤᠯᠤᠭᠰᠠᠨ ᠪᠥᠭᠡᠳ 100 ᠲᠦᠮᠡᠨ ᠲᠥᠭᠦᠷᠢᠭ ᠤᠨ ᠡᠮᠦᠨᠡᠬᠢ ᠬᠤᠭᠤᠴᠠᠭᠠᠨ ᠤ ᠵᠠᠷᠤᠳᠠᠯ ᠮᠦᠡᠭᠭᠦ ᠶᠢ ᠲᠤᠬᠢᠷᠠᠭᠤᠯᠪᠠ᠃ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠠᠴᠠ ᠡᠨᠡ ᠬᠦ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠡᠭᠦᠷᠭᠡᠯᠡᠬᠦ ᠪᠤᠯᠤᠨ᠎ᠠ᠃ ᠲᠥᠷᠥᠯ ᠵᠦᠢᠯ ᠨᠢ ᠮᠠᠨ ᠤ ᠤᠷᠤᠨ ᠤ ᠠᠳᠠᠯᠢ ᠪᠤᠰᠤ ᠭᠠᠵᠠᠷ ᠰᠢᠨᠵᠢᠯᠡᠭᠡᠨ ᠤ ᠰᠢᠯᠲᠠᠭᠠᠨ ᠠᠴᠠ ᠪᠣᠯᠤᠭᠰᠠᠨ ᠨᠡᠭᠦᠷᠡᠰᠦᠨ ᠠᠭᠤᠷᠬᠠᠶ ᠶᠢᠨ ᠲᠣᠮᠣ ᠬᠡᠯᠪᠡᠷᠢ ᠶᠢᠨ ᠨᠡᠭᠦᠷᠡᠰᠦᠨ ᠤ ᠡᠨᠧᠷᠭᠢ ᠶᠢᠨ ᠰᠠᠭᠤᠷᠢᠨ ᠤ ︽ᠨᠡᠭᠦᠷᠡᠰᠦ — ᠤᠰᠤ︾ ᠶᠢᠨ ᠵᠥᠷᠢᠴᠡᠯ ᠲᠠᠢ ᠤᠶᠠᠯᠳᠤᠭᠤᠯᠤᠨ ᠣᠷᠳᠣᠰ᠂ ᠰᠢᠯᠢ ᠶᠢᠨ ᠭᠤᠤᠯ᠂ ᠤᠯᠠᠭᠠᠨᠬᠠᠳᠠ ᠵᠡᠷᠭᠡ 6 ᠠᠶᠢᠮᠠᠭ ᠬᠤᠲᠠ ᠶᠢᠨ 47 ᠠᠳᠠᠯᠢ ᠪᠤᠰᠤ ᠨᠡᠭᠦᠷᠡᠰᠦ ᠮᠠᠯᠲᠠᠬᠤ ᠠᠷᠭ᠎ᠠ ᠶᠢᠨ ᠨᠡᠶᠢᠲᠡᠯᠢᠭ ᠠᠭᠤᠷᠬᠠᠶ ᠶᠢᠨ ᠣᠷᠣᠨ ᠢ ᠰᠣᠩᠭᠤᠨ ᠤᠰᠤ ᠶᠢ ᠬᠠᠮᠠᠭᠠᠯᠠᠵᠤ ᠨᠡᠭᠦᠷᠡᠰᠦ ᠮᠠᠯᠲᠠᠬᠤ ᠶᠡᠷᠦᠩᠬᠡᠶᠢᠯᠡᠨ ᠠᠰᠢᠭᠯᠠᠬᠤ ᠰᠤᠳᠤᠯᠭᠠᠨ ᠥᠷᠨᠢᠭᠦᠯᠵᠦ᠂ ︽ᠠᠭᠤᠷᠬᠠᠶ ᠶᠢᠨ ᠬᠤᠳᠳᠤᠭ ᠤᠨ ᠤᠰᠤ ᠶᠢ ᠬᠠᠮᠠᠭᠠᠯᠠᠬᠤ ᠪᠠ ᠠᠰᠢᠭᠯᠠᠬᠤ ᠭᠤᠷᠪᠠᠨ ᠵᠢᠯ ᠤᠨ ᠦᠷᠭᠦᠯᠵᠢᠯᠡᠭᠰᠡᠨ᠋ ᠲᠥᠯᠥᠪᠵᠢᠭᠦᠯᠭᠡ ᠬᠢᠭᠡᠳ ᠬᠡᠷᠡᠭᠵᠢᠭᠦᠯᠬᠦ ᠲᠥᠰᠦᠯ︾᠂ ︽ᠤᠰᠤᠨ ᠲᠦᠪᠰᠢᠨ ᠤ ᠳᠤᠷᠤᠭᠰᠢᠯᠠᠯᠲᠠ ᠶᠢ ᠵᠠᠰᠠᠬᠤ ᠲᠥᠰᠦᠯ ᠤᠨ ᠦᠨᠡᠯᠡᠨ ᠵᠢᠱᠢᠯᠲᠡ︾᠂ ︽ᠠᠭᠤᠷᠬᠠᠶ ᠶᠢᠨ ᠣᠷᠣᠨ ᠤ ᠭᠠᠵᠠᠷ ᠳᠤᠤᠷᠠᠬᠢ ᠤᠰᠤᠨ ᠤ ᠲᠣᠭᠲᠠᠮᠠᠯ ᠬᠠᠳᠠᠭᠠᠯᠠᠭᠳᠠᠴᠠ ᠶᠢᠨ ᠦᠨᠡᠯᠡᠨ ᠵᠢᠱᠢᠯᠲᠡ︾᠂ ︽ᠠᠭᠤᠷᠬᠠᠶ ᠶᠢᠨ ᠬᠤᠳᠳᠤᠭ ᠤᠨ ᠤᠰᠤ ᠶᠢ ᠣᠯᠠᠨ ᠳᠡᠰ ᠢᠶᠠᠷ ᠡᠭᠡᠭᠦᠯᠦᠨ ᠬᠡᠷᠡᠭᠯᠡᠬᠦ ᠲᠥᠰᠦᠯ︾ ᠵᠡᠷᠭᠡ ᠣᠯᠠᠨ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠢ ᠤᠯᠪᠠ᠃    ᠵᠢᠱᠢᠯᠲᠡ ᠪᠠᠷ᠂ ᠨᠢᠬᠡᠨᠳᠡ ᠰᠤᠳᠤᠯᠤᠨ ᠨᠡᠭᠡᠭᠡᠭᠰᠡᠨ ︽ᠤᠷᠤᠰᠬᠠᠯ ᠤᠨ ᠲᠠᠯᠠᠪᠡᠢ — ᠤᠰᠤᠨ ᠤ ᠬᠢᠮᠢ ᠶᠢᠨ ᠲᠠᠯᠠᠪᠠᠢ — ᠢᠵᠢᠯ ᠪᠠᠶᠢᠷᠢᠳᠤ ᠡᠯᠧᠮᠧᠨ᠋ᠲ ᠤᠨ ᠲᠠᠯᠠᠪᠠᠢ︾ ᠳᠤ ᠰᠠᠭᠤᠷᠢᠯᠠᠭᠰᠠᠨ ᠠᠭᠤᠷᠬᠠᠢ ᠶᠢᠨ ᠬᠤᠳᠳᠤᠭ ᠤᠨ ᠤᠰᠤᠨ ᠤ ᠢᠷᠡᠯᠳᠡ ᠶᠢ ᠢᠯᠭᠠᠨ ᠲᠠᠨᠢᠬᠤ ᠮᠡᠷᠭᠡᠵᠢᠯ ᠤᠨ ᠣᠨᠣᠪᠴᠢ ᠶᠢᠨ ᠬᠡᠮᠵᠢᠶ᠎ᠡ ᠨᠢ ᠤᠯᠠᠮᠵᠢᠯᠠᠯᠲᠤ ᠠᠷᠭ᠎ᠠ ᠠᠴᠠ 7% — 12% ᠢᠶᠠᠷ ᠳᠡᠭᠡᠭᠰᠢᠯᠡᠵᠦ᠂ ᠲᠤᠭ᠎ᠠ ᠪᠦᠷᠢᠳᠭᠡᠯ ᠤᠨ ᠰᠠᠭᠤᠷᠢ ᠲᠤᠭ᠎ᠠ ᠲᠣᠳᠣᠷᠬᠠᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠴᠢᠬᠤᠯᠠ ᠯᠠᠪᠯᠠᠯᠲᠠ ᠶᠢᠨ ᠦᠢᠯᠡᠳᠦᠯ ᠦᠵᠡᠭᠦᠯᠬᠦ ᠪᠤᠯᠤᠨ᠎ᠠ᠃ ᠡᠬᠢ ᠰᠤᠷᠪᠤᠯᠵᠢ ᠠᠴᠠ ᠨᠢ ᠬᠤᠬᠢᠷᠠᠯ ᠢ ᠪᠠᠭᠠᠰᠬᠠᠬᠤ᠂ ᠲᠥᠷᠥᠯ ᠬᠤᠪᠢᠶᠠᠨ ᠰᠢᠢᠳᠪᠦᠷᠢᠯᠡᠬᠦ᠂ ᠥᠨᠳᠥᠷ ᠪᠦᠲᠦᠮᠵᠢᠲᠡᠶ ᠠᠰᠢᠭᠯᠠᠬᠤ 3 ᠶᠡᠭᠡ ᠲᠥᠷᠥᠯ ᠢᠯᠭᠠᠯ ᠢ ᠬᠠᠮᠤᠷᠤᠭᠰᠠᠨ 14 ᠵᠦᠢᠯ ᠤᠨ ︽ᠤᠰᠤ ᠶᠢ ᠬᠠᠮᠠᠭᠠᠯᠠᠨ ᠨᠡᠭᠦᠷᠡᠰᠦ ᠮᠠᠯᠲᠠᠬᠤ︾ ᠮᠡᠷᠭᠡᠵᠢᠯ ᠤᠨ ᠠᠷᠭ᠎ᠠ ᠬᠡᠮᠵᠢᠶ᠎ᠡ ᠨᠢ ᠨᠡᠭᠦᠷᠡᠰᠦ ᠮᠠᠯᠲᠠᠬᠤ ᠠᠵᠢᠯ ᠤᠨ ᠭᠠᠵᠠᠷ ᠳᠤᠤᠷᠠᠬᠢ ᠤᠰᠤᠨ ᠤ ᠡᠬᠢ ᠰᠤᠷᠪᠤᠯᠵᠢ ᠶᠢᠨ ᠬᠤᠬᠢᠷᠠᠯ ᠢ 5% — 15% ᠪᠠᠷ ᠪᠠᠭᠠᠰᠬᠠᠵᠤ᠂ ᠠᠭᠤᠷᠬᠠᠶ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠪᠠ ᠠᠰᠢᠭᠯᠠᠬᠤ ᠨᠣᠷᠮ᠎ᠠ ᠶᠢ 70% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠪᠤᠯᠤᠨ᠎ᠠ᠃ ᠣᠳᠣᠬᠠᠨ ᠳᠤ ︽ᠠᠭᠤᠷᠬᠠᠶ ᠶᠢᠨ ᠣᠷᠣᠨ ᠤ ᠬᠠᠮᠢᠶᠠᠷᠤᠨ ᠡᠵᠡᠮᠳᠡᠬᠦ ᠤᠰᠤ ᠠᠭᠤᠯᠤᠭᠰᠠᠨ ᠳᠠᠪᠬᠤᠷᠭ᠎ᠠ ᠶᠢᠨ ᠰᠡᠶᠢᠷᠡᠭᠦᠯᠦᠨ ᠬᠠᠳᠠᠭᠠᠬᠤ ᠬᠡᠮᠵᠢᠶ᠎ᠡ ᠶᠢ ᠲᠥᠰᠦᠭᠡᠯᠡᠬᠦ ᠠᠷᠭ᠎ᠠ ᠵᠢᠴᠢ ᠲᠣᠨᠤᠭ ᠲᠥᠬᠦᠭᠡᠷᠦᠮᠵᠢ︾᠂ ︽ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠤᠰᠤᠨ ᠤ ᠭᠠᠵᠠᠷ ᠰᠢᠨᠵᠢᠯᠡᠭᠡᠨ ᠤ ᠪᠣᠯᠵᠣᠯᠲᠤ ᠲᠤᠭ᠎ᠠ ᠶᠢ ᠴᠤᠭᠯᠠᠭᠤᠯᠬᠤ ᠰᠢᠰᠲ᠋ᠧᠮ ᠵᠢᠴᠢ ᠲᠡᠭᠦᠨ ᠤ ᠠᠷᠭ᠎ᠠ︾ ᠵᠡᠷᠭᠡ ᠰᠤᠳᠤᠯᠭᠠᠨ ᠤ ᠦᠷ᠎ᠡ ᠪᠦᠲᠦᠭᠡᠯ ᠢ ᠳ᠋ᠦᠩᠱᠧᠩ ᠨᠡᠭᠦᠷᠡᠰᠦᠨ ᠠᠭᠤᠷᠬᠠᠶ᠂ ᠵᠤᠰᠤᠲᠤ ᠠᠭᠤᠯᠠ ᠨᠡᠭᠦᠷᠡᠰᠦᠨ ᠠᠭᠤᠷᠬᠠᠶ᠂ ᠶᠤᠸᠠᠨ ᠪᠦᠦ ᠱᠠᠨ ᠨᠡᠭᠦᠷᠡᠰᠦᠨ ᠠᠭᠤᠷᠬᠠᠶ ᠵᠡᠷᠭᠡ 6 ᠠᠭᠤᠷᠬᠠᠶ ᠶᠢᠨ ᠣᠷᠣᠨ ᠳᠤ ᠵᠢᠱᠢᠶ᠎ᠡ ᠦᠵᠡᠭᠦᠯᠦᠨ ᠬᠡᠷᠡᠭᠯᠡᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ