ᠵᠢᠦ ᠷᠠᠨ ᠮᠠᠯ ᠠᠵᠤ ᠠᠬᠤᠢ ᠶᠢᠨ ᠺᠤᠮᠫᠠᠨᠢ ᠶᠢᠨ ︽ᠤᠶᠤᠨᠳᠤ ᠡᠪᠡᠰᠦᠨ ᠤ ᠦᠢᠯᠡᠰ︾ ᠤᠨ ᠦᠢᠯᠡᠳᠦᠯᠭᠡ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/12/24
     ᠲᠦᠷᠦᠬᠦᠬᠡᠨ᠂ ᠰᠤᠷᠪᠤᠯᠵᠢᠯᠠᠭᠴᠢ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠠᠴᠠ ᠣᠶᠢᠯᠠᠭᠠᠭᠰᠠᠨ ᠢᠶᠠᠷ᠂ ᠡᠮᠦᠨᠡᠬᠡᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ︵FAO︶ ᠪᠥᠬᠦ ᠳᠡᠯᠡᠬᠡᠶ ᠳᠤ ︽ᠲᠣᠭᠠᠴᠢᠯᠠᠭᠰᠠᠨ ᠬᠦᠳᠡᠭᠡ ᠠᠵᠤ ᠠᠬᠤᠢ ᠬᠢᠭᠡᠳ ᠲᠠᠷᠢᠶᠠᠯᠠᠩ ᠠᠮᠤ ᠪᠤᠳᠠᠭ᠎ᠠ ᠶᠢᠨ ᠢᠳᠡᠭᠡᠨ ᠤ ᠰᠢᠰᠲ᠋ᠧᠮ ᠤᠨ ᠦᠷᠭᠦᠯᠵᠢᠯᠡᠬᠦ ᠬᠡᠯᠪᠡᠷᠢ ᠶᠢ ᠬᠤᠪᠢᠷᠠᠭᠤᠯᠤᠭᠰᠠᠨ ᠬᠡᠷᠡᠭ ᠤᠨ ᠵᠢᠱᠢᠶ᠎ᠠ︾ ᠶᠢ ᠵᠢᠩᠬᠢᠨᠢ ᠪᠠᠷ ᠨᠡᠶᠢᠲᠡᠯᠡᠵᠡᠢ᠂ ᠡᠭᠦᠨ ᠳᠤ ᠵᠢᠦ ᠷᠠᠨ ᠮᠠᠯ ᠠᠵᠤ ᠠᠬᠤᠶ ᠶᠢᠨ ᠺᠤᠮᠫᠠᠨᠢ ᠶᠢᠨ ᠠᠷᠤ ᠬᠤᠷᠴᠢᠨ ᠬᠤᠰᠢᠭᠤᠨ ᠳᠠᠬᠢ ᠡᠪᠡᠰᠦᠨ ᠤ ᠦᠢᠯᠡᠰ ᠤᠨ ᠰᠠᠭᠤᠷᠢᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠶᠤᠨᠳᠤ ᠡᠪᠡᠰᠤᠨ ᠤ ᠦᠢᠯᠡᠰ ᠲᠤ ᠬᠦᠴᠦ ᠨᠡᠮᠡᠷᠢᠯᠡᠭᠰᠡᠨ︾ ᠬᠡᠷᠡᠭ ᠤᠨ ᠵᠢᠱᠢᠶ᠎ᠡ ᠨᠢ ᠳᠤᠮᠳᠠᠳᠤ ᠤᠯᠤᠰ ᠤᠨ ᠡᠪᠡᠰᠦᠨ ᠤ ᠦᠢᠯᠡᠰ ᠤᠨ ᠠᠵᠢᠯ ᠲᠥᠷᠥᠯ ᠤᠨ ᠴᠤᠷ ᠤᠨ ᠭᠠᠭᠴᠠ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃    ᠳᠤᠮᠳᠠᠳᠤ ᠤᠯᠤᠰ ᠤᠨ ᠬᠠᠮᠤᠭ ᠤᠨ ᠶᠡᠭᠡ ᠴᠠᠷᠭᠠᠰᠤᠨ ᠤ ᠬᠠᠩᠭᠠᠯᠭ᠎ᠠ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠵᠢᠦ ᠷᠠᠨ ᠮᠠᠯ ᠠᠵᠤ ᠠᠬᠤᠶ ᠶᠢᠨ ᠺᠤᠮᠫᠠᠨᠢ ᠶᠢᠨ ᠪᠥᠬᠦ ᠤᠯᠤᠰ ᠲᠤ 15 ᠡᠪᠡᠰᠦᠨ ᠤ ᠦᠢᠯᠡᠰ ᠤᠨ ᠰᠠᠭᠤᠷᠢᠨ ᠲᠠᠢ᠂ ᠡᠪᠡᠰᠦ ᠳᠠᠷᠢᠬᠤ ᠲᠠᠯᠠᠪᠠᠶ ᠨᠢ 20 ᠲᠦᠮᠡᠨ ᠮᠥ ᠳᠤ ᠬᠦᠷᠴᠦ ᠪᠤᠢ᠂ ᠡᠭᠦᠨ ᠳᠤ ᠠᠷᠤ ᠬᠤᠷᠴᠢᠨ ᠬᠤᠰᠢᠭᠤᠨ ᠳᠤ 5.5 ᠲᠦᠮᠡᠨ ᠮᠥ ᠴᠢᠨᠠᠷ ᠰᠠᠶᠢᠲᠠᠶ ᠴᠠᠷᠭᠠᠰᠤ ᠳᠠᠷᠢᠬᠤ ᠰᠠᠭᠤᠷᠢᠨ ᠲᠠᠢ᠃    ᠣᠯᠠᠨ ᠵᠢᠯ ᠤᠨ ᠲᠤᠷᠰᠢ᠂ ᠵᠢᠦ ᠷᠠᠨ ᠮᠠᠯ ᠠᠵᠤ ᠠᠬᠤᠢ ᠶᠢᠨ ᠺᠤᠮᠫᠠᠨᠢ ᠢᠮᠠᠭᠲᠠ ᠤᠨᠠᠯᠲᠠ ᠨᠢ ᠥᠨᠳᠥᠷ᠂ ᠴᠢᠨᠠᠷ ᠨᠢ ᠰᠠᠶᠢᠨ᠂ ᠤᠯᠠᠷᠢᠭᠤᠯᠬᠤ ᠬᠡᠮᠵᠢᠶ᠎ᠡ ᠨᠢ ᠥᠨᠳᠥᠷ ᠲᠡᠵᠢᠭᠡᠯ ᠡᠪᠡᠰᠦᠨ ᠤ ᠰᠢᠯᠢᠳᠡᠭ ᠦᠷ᠎ᠡ ᠪᠤᠶᠢᠵᠢᠭᠤᠯᠬᠤ ᠪᠠ ᠲᠠᠷᠢᠬᠤ ᠮᠡᠷᠭᠡᠵᠢᠯ ᠢ ᠰᠤᠳᠤᠯᠤᠭᠰᠠᠭᠠᠷ ᠢᠷᠡᠵᠡᠢ᠃ ᠡᠭᠦᠨ ᠳᠤ ︽ᠾᠦᠢ ᠼᠤᠤ ᠶᠦᠨ︾ ᠲᠡᠵᠢᠭᠡᠯ ᠡᠪᠡᠰᠦ ᠳᠠᠷᠢᠬᠤ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠢ ᠪᠡᠶ᠎ᠡ ᠪᠠᠨ ᠳᠠᠭᠠᠭᠠᠵᠤ ᠨᠡᠭᠡᠭᠡᠨ ᠬᠥᠭᠵᠢᠭᠦᠯᠵᠦ᠂ ᠣᠶᠤᠨᠳᠤ ᠡᠪᠡᠰᠦᠨ ᠤ ᠦᠢᠯᠡᠰ ᠤᠨ ᠬᠠᠮᠢᠶᠠᠷᠤᠯᠲᠠ ᠶᠢ ᠪᠡᠶᠡᠯᠡᠭᠦᠯᠪᠡ᠃ ᠡᠪᠡᠰᠦᠨ ᠤ ᠦᠢᠯᠡᠰ ᠤᠨ ᠰᠠᠭᠤᠷᠢᠨ ᠤ ᠴᠠᠭ ᠠᠭᠤᠷ ᠤᠨ ᠥᠷᠲᠡᠭᠡ ᠶᠢ ᠬᠡᠷᠡᠭᠯᠡᠨ᠂ ᠴᠠᠭ ᠠᠭᠤᠷ ᠤᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠬᠦ ᠶᠢᠨ ᠬᠠᠮᠲᠤ 48 ᠴᠠᠭ ᠳᠤᠳᠤᠷᠠᠬᠢ ᠪᠣᠷᠣᠭᠠᠨ ᠣᠷᠣᠬᠤ ᠶᠢ ᠨᠠᠷᠢᠯᠢᠭ ᠤᠨᠤᠪᠴᠢᠳᠠᠢ ᠤᠷᠢᠳᠴᠢᠯᠠᠨ ᠮᠡᠳᠡᠭᠡᠯᠡᠬᠦ ᠶᠢ ᠪᠡᠶᠡᠯᠡᠭᠦᠯᠪᠠ᠃ ᠵᠢᠯᠣᠭᠤᠴᠢ ᠥᠬᠡᠶ ᠨᠢᠰᠭᠡᠯ ᠢᠶᠠᠷ ᠤᠷᠭᠤᠮᠠᠯ ᠢ ᠬᠠᠮᠠᠭᠠᠯᠠᠬᠤ ᠵᠢᠴᠢ ᠣᠶᠤᠨᠴᠢ ᠤᠰᠤᠯᠠᠯᠲᠠ ᠶᠢᠨ ᠰᠢᠰᠲ᠋ᠧᠮ ᠢ ᠬᠡᠷᠡᠭᠯᠡᠵᠦ᠂ ᠭᠡᠮ ᠬᠤᠷᠣᠬᠠᠶ ᠶᠢᠨ ᠬᠥᠨᠥᠭᠡᠯ ᠢ ᠪᠦᠲᠦᠮᠵᠢᠲᠡᠶ ᠰᠡᠷᠭᠡᠶᠢᠯᠡᠨ ᠵᠠᠰᠠᠬᠤ ᠵᠢᠴᠢ ᠤᠰᠤ ᠪᠣᠷᠳᠣᠭᠤᠷ ᠢ ᠥᠨᠳᠥᠷ ᠪᠦᠲᠦᠮᠵᠢᠲᠡᠶ ᠰᠡᠷᠭᠡᠶᠢᠯᠡᠨ ᠵᠠᠰᠠᠬᠤ ᠶᠢ ᠦᠨᠡᠨ ᠬᠦ ᠪᠠᠲᠤᠯᠠᠵᠤ᠂ ᠲᠡᠵᠢᠭᠡᠯ ᠡᠪᠡᠰᠦ ᠶᠢ ᠪᠦᠬᠦ ᠤᠷᠭᠤᠯᠳᠠ ᠶᠢᠨ ᠬᠤᠭᠤᠴᠠᠭᠠᠨ ᠳᠤ ᠨᠠᠷᠢᠯᠢᠭ ᠣᠨᠣᠪᠴᠢᠲᠠᠶ ᠡᠷᠠᠴᠢᠯᠠᠬᠤ ᠶᠢ ᠪᠡᠶᠡᠯᠡᠭᠦᠯᠵᠠᠢ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠵᠢᠦ ᠷᠠᠨ ᠮᠠᠯ ᠠᠵᠤ ᠠᠬᠤᠢ ᠶᠢᠨ ᠺᠤᠮᠫᠠᠨᠢ ᠶᠢᠨ ᠡᠪᠡᠰᠦᠨ ᠤ ᠦᠢᠯᠡᠳᠪᠦᠷᠢᠯᠡᠯ ᠤᠨ ᠰᠠᠭᠤᠷᠢᠨ ᠤ ᠥᠪᠡᠷ ᠢᠶᠠᠨ ᠦᠢᠯᠡᠳᠪᠦᠷᠢᠯᠡᠭᠰᠡᠨ ᠶᠠᠰᠤ ᠴᠢᠨᠠᠷ ᠨᠢ ᠣᠨᠴᠠ ᠳᠡᠰ ᠵᠢᠴᠢ ᠲᠡᠭᠦᠨ ᠠᠴᠠ ᠳᠡᠭᠡᠭᠰᠢᠬᠢ ᠴᠠᠷᠭᠠᠰᠤᠨ ᠤ ᠡᠵᠡᠯᠡᠬᠦ ᠬᠠᠷᠢᠴᠠᠯ ᠨᠢ 60% ᠪᠠᠶᠢᠵᠤ᠂ ᠴᠠᠷᠭᠠᠰᠤᠨ ᠬᠥᠬᠡ ᠳᠠᠷᠤᠰᠢ ᠶᠢᠨ ᠤᠭᠤᠷᠠᠭ ᠤᠨ ᠡᠵᠡᠯᠡᠬᠦ ᠬᠠᠷᠢᠴᠠᠯ ᠢ 22% — 85% ᠳᠤ ᠬᠦᠷᠭᠡᠵᠡᠢ     ᠵᠢᠦ ᠷᠠᠨ ᠮᠠᠯ ᠠᠵᠤ ᠠᠬᠤᠶ ᠶᠢᠨ ᠺᠤᠮᠫᠠᠨᠢ ᠶᠢᠨ ᠠᠷᠤ ᠬᠤᠷᠴᠢᠨ ᠬᠤᠰᠢᠭᠤᠨ ᠳᠠᠬᠢ ᠡᠪᠡᠰᠦᠨ ᠤ ᠦᠢᠯᠡᠰ ᠤᠨ ᠰᠠᠭᠤᠷᠢᠨ ︽ᠾᠦᠢ ᠼᠤᠤ ᠶᠦᠨ︾ ᠣᠶᠤᠨᠳᠤ ᠬᠠᠮᠢᠶᠠᠷᠤᠯᠲᠠ ᠶᠢᠨ ᠰᠢᠰᠲ᠋ᠧᠮ᠂ ᠢᠨᠲ᠋ᠧᠷ ᠰᠦᠯᠵᠢᠶᠡᠨ ᠤ ᠲᠠᠷᠢᠶᠠᠯᠠᠩ ᠤᠨ ᠦᠵᠦᠭᠦᠷᠯᠢᠭ᠂ ᠣᠶᠤᠨᠳᠤ ᠤᠰᠤᠯᠠᠯᠲᠠ ᠶᠢᠨ ᠰᠢᠰᠲ᠋ᠧᠮ ᠵᠡᠷᠭᠡ ᠲᠣᠭᠠᠴᠢᠯᠠᠭᠰᠠᠨ ᠰᠢᠰᠲ᠋ᠧᠮ ᠤᠨ ᠲᠥᠬᠦᠭᠡᠷᠦᠮᠵᠢ ᠶᠢ ᠬᠡᠷᠡᠭᠯᠡᠨ᠂ ᠲᠠᠷᠢᠶᠠᠨ ᠭᠠᠵᠠᠷ ᠤᠨ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠡᠵᠢᠭᠡᠯ ᠡᠪᠡᠰᠦ ᠳᠠᠷᠢᠬᠤ ᠡᠯ᠎ᠡ ᠵᠠᠩᠭᠢᠯᠠᠭ᠎ᠠ ᠶᠢᠨ ᠭᠤᠭᠴᠤᠭᠠᠨ ᠳᠠᠬᠢ ᠨᠠᠷᠢᠯᠢᠭ ᠣᠨᠣᠪᠴᠢᠲᠠᠶ᠂ ᠥᠨᠳᠥᠷ ᠪᠦᠲᠦᠮᠵᠢᠲᠡᠶ ᠠᠷᠠᠴᠢᠯᠠᠯᠲᠠ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠲᠣᠰ ᠰᠠᠭᠤᠷᠢᠨ ︽ᠳᠠᠷᠢᠵᠤ ᠲᠡᠵᠢᠭᠡᠬᠦ ᠶᠢ ᠤᠶᠠᠯᠳᠤᠭᠤᠯᠬᠤ︾ ᠬᠥᠭᠵᠢᠯᠲᠡ ᠶᠢᠨ ᠵᠠᠭᠪᠤᠷ ᠪᠠ ︽ᠴᠠᠷᠭᠠᠰᠤ + ᠪᠤᠷᠳᠤᠭᠠᠨ ᠳᠤ ᠬᠡᠷᠡᠭᠯᠡᠬᠦ ᠲᠡᠵᠢᠭᠡᠯ ᠤᠨ ᠪᠤᠷᠤᠭ + ᠬᠦᠬᠡ ᠲᠠᠷᠤᠰᠢ ᠶᠢᠨ ᠡᠷᠳᠡᠨᠢ ᠰᠢᠰᠢ︾ ᠭᠡᠬᠦ ᠭᠤᠷᠪᠠᠨ ᠡᠰᠢᠳᠤ ᠬᠠᠩᠭᠠᠯᠭ᠎ᠠ ᠶᠢᠨ ᠵᠠᠭᠪᠤᠷ ᠢ ᠪᠠᠶᠢᠭᠤᠯᠵᠤ᠂ ᠥᠪᠥᠷ ᠮᠣᠩᠭᠤᠯ ᠤᠨ ᠮᠠᠯ ᠠᠵᠤ ᠠᠬᠤᠶ ᠶᠢᠨ ᠦᠷᠭᠦᠯᠵᠢᠯᠡᠬᠦ ᠬᠥᠭᠵᠢᠯᠳᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠠᠢ᠃ ᠣᠳᠣᠬᠠᠨ ᠳᠤ᠂ ᠵᠢᠦ ᠷᠠᠨ ᠮᠠᠯ ᠠᠵᠤ ᠠᠬᠤᠶ ᠶᠢᠨ ᠺᠤᠮᠫᠠᠨᠢ ᠶᠢᠨ ᠠᠷᠤ ᠬᠤᠷᠴᠢᠨ ᠬᠤᠰᠢᠭᠤᠨ ᠳᠠᠬᠢ ᠡᠪᠡᠰᠦᠨ ᠤ ᠦᠢᠯᠡᠰ ᠤᠨ ᠰᠠᠭᠤᠷᠢᠨ ᠵᠢᠯ ᠳᠤ ᠪᠠᠷᠤᠭ 9 ᠲᠦᠮᠡᠨ ᠲᠣᠨ ᠴᠢᠨᠠᠷ ᠰᠠᠶᠢᠲᠠᠶ ᠴᠠᠷᠭᠠᠰᠤᠨ ᠤ ᠬᠦᠬᠡ ᠲᠠᠷᠤᠰᠢ ᠳᠠᠷᠤᠰᠢᠭᠤᠯᠵᠤ᠂ ᠲᠦᠮᠡᠨ ᠦᠬᠡᠷ ᠲᠠᠢ 10 ᠮᠠᠯᠵᠢᠯ ᠤᠨ ᠲᠠᠯᠠᠪᠠᠢ ᠶᠢᠨ ᠲᠡᠵᠢᠬᠡᠯ ᠡᠪᠡᠰᠤ ᠶᠢ ᠬᠠᠨᠭ᠍ᠭᠠᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ