ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠤᠶᠢᠯᠠᠭᠠᠭᠰᠠᠨ | ᠢᠶᠠᠷ᠂ ᠮᠠᠨ ᠤ ᠤᠷᠤᠨ ᠪᠡᠭᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠲᠠᠪᠴᠠᠩ ᠤᠨ ᠲᠤᠭᠲᠠᠴᠠ ᠳᠤ ᠲᠦᠰᠢᠭᠯᠡᠨ ᠤᠳᠤᠬᠠᠨ ᠪᠤᠯᠲᠠᠯ᠎ᠠ ᠨᠢᠭᠡᠨᠲᠡ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ 606 ᠦᠢᠯᠡᠳᠪᠦᠷᠢᠯᠡᠯ ᠤᠨ ᠰᠠᠭᠤᠷᠢᠨ᠂ 78 ᠠᠵᠤ ᠦᠢᠯᠡᠰ ᠤᠨ ᠬᠦᠷᠢᠶᠡᠯᠡᠩ ᠪᠤᠯᠤᠨ | ᠪᠡᠭᠡᠵᠢᠩ ᠢ ᠲᠤᠭᠤᠷᠢᠭᠰᠠᠨ ᠢᠳᠡᠰᠢᠨ ᠨᠤᠭᠤᠭ᠎ᠠ ᠶᠢᠨ ᠬᠠᠨᠭ᠍ᠭᠠᠯᠭ᠎ᠠ ᠶᠢᠨ 20 ᠰᠠᠭᠤᠷᠢᠨ ᠢ ᠪᠠᠶᠢᠭᠤᠯᠪᠠ᠃ | ᠤᠶᠢᠷ᠎ᠡ ᠶᠢᠨ ᠵᠢᠯ ᠳᠤ ᠮᠠᠨ ᠤ ᠤᠷᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠳᠠᠬᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ | ᠦᠷᠭᠦᠯᠵᠢᠯᠡᠨ ᠴᠢᠩᠭᠠᠷᠠᠭᠤᠯᠵᠤ᠂ ᠦᠢᠯᠡᠳᠪᠦᠷᠢᠯᠡᠯ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠪᠠ ᠭᠦᠢᠯᠭᠡᠭᠡᠨ ᠤ ᠬᠡᠯᠬᠢᠶ᠎ᠡ ᠶᠢ ᠪᠠᠶᠢᠭᠤᠯᠬᠤ | ᠲᠣᠭᠤᠷᠢᠨ ᠳᠤ ᠡᠳ᠋ ᠪᠠᠷᠠᠭᠠᠨ ᠤ ᠭᠦᠢᠯᠭᠡᠭᠡ ᠪᠠ ᠪᠣᠷᠣᠯᠠᠭᠤᠯᠭ᠎ᠠ ᠶᠢᠨ ᠰᠢᠰᠲ᠋ᠧᠮ ᠢ ᠲᠦᠷᠭᠡᠳᠭᠡᠨ ᠲᠡᠭᠦᠯᠳᠡᠷᠵᠢᠭᠦᠯᠵᠠᠢ᠃ ᠪᠠᠰᠠ ᠬᠠᠨᠭ᠍ᠭᠠᠯᠭ᠎ᠠ ᠶᠢᠨ | ᠬᠡᠮᠵᠢᠶ᠎ᠡ ᠪᠠᠨ ᠨᠡᠮᠡᠭᠳᠡᠭᠦᠯᠦᠨ᠂ ᠡᠯ᠎ᠡ ᠲᠦᠷᠦᠯ ᠤᠨ ᠦᠢᠯᠡᠳᠪᠦᠷᠢᠯᠡᠯ ᠬᠠᠨᠭ᠍ᠭᠠᠯᠭ᠎ᠠ ᠶᠢᠨ ᠰᠠᠭᠤᠷᠢᠨ᠂ ᠠᠵᠤ ᠦᠢᠯᠡᠰ ᠤᠨ ᠬᠦᠷᠢᠶᠡᠯᠡᠩ ᠲᠤᠭᠤᠷᠢᠭ ᠢ | ᠪᠦᠳᠦᠬᠡᠨ ᠪᠠᠶᠢᠭᠤᠯᠬᠤ ᠢᠢᠨ ᠬᠠᠮᠲᠤ ᠪᠡᠭᠡᠵᠢᠩ ᠤᠨ ᠱᠸᠤ ᠨᠦᠩ᠂ ᠱᠦᠨ ᠰᠢᠨ᠂ ᠰᠢᠨ ᠹᠠ ᠳ᠋ᠢ ᠵᠡᠷᠭᠡ ᠲᠠᠷᠢᠶᠠᠯᠠᠩ ᠲᠠᠢ ᠬᠤᠯᠪᠣᠭᠳᠠᠭᠰᠠᠨ 300 | ᠭᠠᠷᠤᠶ ᠠᠵᠤ ᠠᠬᠤᠶᠢᠯᠠᠯ ᠢ ᠤᠷᠢᠨ ᠣᠷᠣᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠨ ᠬᠠᠩᠭᠠᠯᠭ᠎ᠠ ᠶᠢᠨ ᠬᠡᠯᠬᠢᠶ᠎ᠡ | ᠪᠤᠯᠤᠨ ᠥᠷᠲᠡᠭ ᠤᠨ ᠬᠡᠯᠬᠢᠶ᠎ᠡ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠮᠠᠨ ᠤ ᠤᠷᠤᠨ ᠬᠠᠨᠭ᠍ᠭᠠᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠤᠯᠤᠰ ᠲᠤ ᠴᠢᠨᠠᠷ ᠰᠠᠶᠢᠲᠠᠶ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ 11 ᠲᠥᠪ ᠪᠠᠶᠢᠭᠤᠯᠤᠨ᠂ ᠪᠡᠭᠡᠵᠢᠩ ᠳᠤ 129 ᠡᠵᠡᠩᠨᠡᠨ ᠪᠣᠷᠣᠯᠠᠭᠤᠯᠬᠤ | ᠳᠡᠯᠭᠡᠭᠦᠷ ᠭᠠᠷᠭᠠᠵᠤ᠂ ᠡᠵᠡᠩᠨᠡᠨ ᠪᠣᠷᠣᠯᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠬᠡᠷᠡᠭᠯᠡᠭᠡ ᠪᠠᠷ ᠬᠠᠪᠰᠤᠷᠤᠨ ᠲᠡᠳᠬᠦᠬᠦ ︽ᠲᠠᠪᠤ ᠳᠤ | ᠣᠷᠣᠭᠤᠯᠬᠤ︾ ᠲᠠᠪᠴᠠᠩ ᠢ ᠪᠠᠶᠢᠭᠤᠯᠵᠤ᠂ ᠮᠠᠨ ᠤ ᠤᠷᠤᠨ ᠤ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠠᠶᠢᠭᠤᠯᠭ᠎ᠠ ᠨᠢᠭᠡᠴᠢ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠭᠤᠤᠯᠳᠠᠯᠭ᠎ᠠ ᠲᠠᠢ ᠬᠡᠷᠡᠭᠯᠡᠭᠡᠨ ᠤ | ᠨᠢᠭᠡᠴᠢ ᠳᠤ ᠣᠷᠣᠭᠤᠯᠬᠤ ᠶᠢ ᠠᠬᠢᠭᠤᠯᠵᠠᠢ᠃ ᠬᠠᠨᠭ᠍ᠭᠠᠯᠭ᠎ᠠ ᠶᠢᠨ ᠠᠷᠭ᠎ᠠ ᠵᠠᠮ ᠢᠶᠠᠨ ᠦᠷᠬᠦᠯᠵᠢᠯᠡᠨ ᠦᠷᠭᠡᠳᠬᠡᠵᠦ᠂ ᠡᠯᠧᠺᠲᠷᠣᠨ ᠬᠤᠳᠠᠯᠳᠤᠭᠠᠨ ᠤ | ᠲᠠᠪᠴᠠᠩ ᠯᠤᠭ᠎ᠠ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠵᠤ᠂ ᠵᠢᠩ ᠳ᠋ᠦᠩ ᠬᠤᠳᠠᠯᠳᠤᠭᠠᠨ ᠤ ᠲᠠᠪᠴᠠᠩ ᠳᠤ ᠳᠤᠮᠳᠠᠳᠤ ᠤᠯᠤᠰ ᠤᠨ ᠣᠨᠴᠠ | ᠭᠠᠷᠤᠯᠲᠠ ᠶᠢᠨ ᠥᠪᠥᠷ ᠮᠣᠩᠭᠤᠯ ᠤᠨ ᠣᠷᠳᠣᠨ᠂ ᠣᠷᠣᠨ ᠨᠤᠲᠤᠭ ᠤᠨ ᠣᠨᠴᠠᠯᠢᠭᠲᠤ ᠣᠷᠳᠣᠨ ᠵᠡᠷᠭᠡ 32 ᠴᠤᠩᠬᠤᠪᠴᠢ ᠨᠡᠬᠡᠬᠡᠨ᠂ ᠬᠥᠬᠡᠬᠤᠲᠠ᠂ | ᠤᠯᠠᠭᠠᠨᠴᠠᠪ᠂ ᠤᠯᠠᠭᠠᠨᠬᠠᠳᠠ᠂ ᠰᠢᠯᠢ ᠶᠢᠨ ᠭᠤᠤᠯ᠂ ᠬᠥᠯᠥᠨ ᠪᠤᠶᠢᠷ ᠵᠡᠷᠭᠡ ᠭᠠᠵᠠᠷ ᠲᠤ ︽ᠡᠭᠦᠯᠡᠨ ᠬᠥᠮᠥᠷᠭᠡ︾ ᠪᠠᠶᠢᠭᠤᠯᠵᠤ᠂ ︽ᠬᠥᠮᠥᠷᠭᠡᠯᠡᠨ | ᠬᠠᠳᠠᠭᠠᠯᠠᠬᠤ + ᠡᠳ᠋ ᠪᠠᠷᠠᠭᠠᠨ ᠤ ᠭᠦᠢᠯᠭᠡᠭᠡ︾ ᠶᠢᠨ ᠵᠠᠮ ᠱᠤᠭᠤᠮ ᠢ ᠥᠷᠭᠡᠳᠭᠡᠪᠡ᠃ ᠡᠭᠦᠨ ᠤ ᠬᠠᠮᠲᠤ ᠲᠠᠪᠴᠠᠩ ᠤᠨ ᠬᠤᠭᠤᠷᠤᠨᠳᠤᠬᠢ | ᠨᠡᠪᠲᠡᠷᠡᠯᠴᠡᠯ ᠢ ᠠᠬᠢᠭᠤᠯᠵᠤ᠂ ᠦᠪᠦᠷ ᠮᠤᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠤᠨ | ᠬᠡᠷᠡᠭᠯᠡᠭᠡᠨ ᠤ ᠪᠠᠷᠠᠭ᠎ᠠ ᠠᠪᠬᠤ ᠲᠠᠪᠴᠠᠩ ᠢ ᠠᠰᠢᠭᠯᠠᠯᠲᠠ ᠳᠤ ᠤᠷᠤᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ 260 ᠭᠠᠷᠤᠶ ᠡᠭᠦᠳᠡᠨ | ᠳᠡᠯᠭᠡᠭᠦᠷ ᠠᠴᠠ ᠪᠠᠷᠠᠭ᠎ᠠ ᠭᠠᠷᠭᠠᠨ ᠠᠪᠴᠤ ᠳᠡᠶᠢᠯᠬᠦ ᠪᠤᠯᠵᠤ᠂ ᠪᠡᠭᠡᠵᠢᠩ ᠤᠨ ᠬᠡᠷᠡᠭᠯᠡᠭᠴᠢ ᠶᠢᠨ ᠪᠠᠷᠠᠭ᠎ᠠ ᠠᠪᠬᠤ ᠳᠤ ᠲᠣᠭᠠᠴᠢᠯᠠᠭᠰᠠᠨ ᠳᠡᠮᠵᠢᠯᠭᠡ | ᠬᠠᠩᠭᠠᠨ᠂ ᠦᠪᠤᠷ ᠮᠤᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠰᠯᠡᠯ ᠤᠨ ᠵᠠᠬ᠎ᠠ ᠳᠡᠯᠭᠡᠭᠦᠷ ᠲᠤ | ᠣᠷᠣᠬᠤ ᠶᠢ ᠦᠷᠭᠦᠯᠵᠢᠯᠡᠨ ᠠᠬᠢᠭᠤᠯᠪᠠ᠃ | |