ᠦᠪᠤᠷ ᠮᠤᠩᠭᠤᠯ ᠤᠨ ᠨᠢᠭᠡᠳᠦᠮᠡᠯ ᠹᠷᠣᠨᠲ ᠤᠨ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠦᠨᠳᠦᠰᠦᠨ ᠱᠠᠲᠤᠨ ᠤ ᠣᠯᠠᠨ ᠲᠦᠮᠡᠨ ᠳᠤ 49 ᠪᠦᠯᠦᠭ ᠤᠳᠠᠭ᠎ᠠ ᠶᠢᠨ ᠦᠢᠯᠡᠴᠢᠯᠡᠭᠡ ᠬᠠᠩᠭᠠᠵᠠᠢ
ᠨᠡᠶᠢᠲᠡᠯᠡᠭᠰᠡᠨ ᠴᠠᠭ᠄
2024/12/24
    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠠᠴᠠ ᠦᠪᠤᠷ ᠮᠤᠩᠭᠤᠯ ᠤᠨ ᠨᠢᠭᠡᠳᠦᠮᠡᠯ ᠹᠷᠣᠨᠲ ᠤᠨ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠬᠦᠷᠴᠦ ᠥᠷᠨᠢᠭᠦᠯᠦᠭᠰᠡᠨ ᠡᠮ ᠡᠮᠨᠡᠯᠭᠡ ᠡᠮᠴᠢᠯᠡᠭᠡ ᠬᠦᠷᠭᠡᠬᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯᠯᠠᠭ᠎ᠠ ᠨᠢ ᠦᠨᠳᠦᠰᠦᠨ ᠱᠠᠲᠤᠨ ᠤ ᠣᠯᠠᠨ ᠲᠦᠮᠡᠨ ᠤ ᠬᠦᠷᠢᠶᠡᠯᠡᠯ ᠢ ᠤᠯᠵᠠᠢ᠃   ᠠᠯᠪᠠᠨ ᠵᠢᠷᠤᠮ ᠤᠨ ᠡᠮᠴᠢᠯᠡᠭᠡᠨ ᠤ ᠶᠠᠪᠤᠴᠠ ᠳᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠲᠤᠰᠬᠠᠶ ᠮᠡᠷᠭᠡᠵᠢᠯᠲᠡᠳ ᠰᠠᠭᠤᠭᠠᠯᠢ ᠠᠷᠠᠳ ᠤᠨ ᠡᠪᠡᠳᠴᠢᠨ ᠤ ᠲᠡᠦᠬᠡ ᠶᠢ ᠨᠠᠷᠢᠨ ᠠᠰᠠᠭᠤᠨ ᠯᠠᠪᠯᠠᠬᠤ᠂ ᠤᠯᠠᠨ ᠲᠦᠮᠡᠨ ᠤ ᠡᠪᠡᠳᠴᠢᠨ ᠤ ᠮᠠᠲ᠋ᠧᠷᠢᠶᠠᠯ ᠪᠠ ᠵᠢᠷᠤᠭ ᠳᠦᠷᠰᠦ ᠶᠢᠨ ᠪᠠᠶᠢᠴᠠᠭᠠᠯᠲᠠ ᠶᠢᠨ ᠦᠷ᠎ᠡ ᠳ᠋ᠦᠩ ᠵᠡᠷᠭᠡ ᠶᠢ ᠪᠠᠶᠢᠴᠠᠭᠠᠨ ᠦᠵᠡᠬᠦ ᠪᠠᠷ ᠳᠠᠮᠵᠢᠠ᠂ ᠣᠯᠠᠨ ᠲᠦᠮᠡᠨ ᠤ ᠪᠡᠶ᠎ᠡ ᠮᠠᠬᠠᠪᠣᠳ ᠤᠨ ᠪᠠᠶᠢᠳᠠᠯ ᠢ ᠭᠦᠨᠵᠡᠭᠡᠶ ᠣᠶᠢᠯᠠᠭᠠᠵᠤ᠂ ᠣᠯᠠᠨ ᠲᠦ᠋ᠮᠠᠨ ᠤ ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠲᠤᠬᠠᠶ ᠶᠢᠨ ᠲᠠᠯᠠᠪᠠᠶ ᠳᠤ ᠨᠡᠶᠢᠲᠡ 270 ᠭᠠᠷᠤᠶ ᠬᠥᠮᠦᠨ ᠤᠳᠠᠭ᠎ᠠ ᠳᠤ ᠠᠯᠪᠠᠨ ᠵᠢᠷᠤᠮ ᠤᠨ ᠡᠮᠴᠢᠯᠡᠭᠡ ᠬᠢᠪᠠ᠃    ᠠᠵᠢᠯᠯᠠᠭ᠎ᠠ ᠶᠢᠨ ᠬᠤᠭᠤᠴᠠᠭᠠᠨ ᠳᠤ᠂ ᠦᠢᠯᠡᠴᠢᠯᠡᠭᠡᠨ ᠤ ᠪᠦᠯᠬᠦᠮ ᠪᠠᠰᠠ ᠮᠡᠷᠭᠡᠵᠢᠯ ᠤᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠ ᠡᠮ ᠬᠦᠷᠭᠡᠬᠦ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠪᠦᠯᠦᠭ ᠤᠨ ᠪᠤᠰᠤ ᠬᠥᠮᠦᠰ ᠪᠠ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠤᠨ ᠳᠠᠰᠤᠭ ᠤᠨ ᠬᠠᠷᠢᠭᠤᠴᠠᠯᠭᠠᠲᠠᠨ ᠤ ᠲᠠᠨᠢᠯᠴᠠᠭᠤᠯᠤᠬᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠨᠢᠭᠡᠳᠦᠮᠡᠯ ᠹᠷᠣᠨᠲ ᠤᠨ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠪᠣᠯ ᠨᠠᠮ ᠤᠨ ᠭᠠᠳᠠᠨᠠᠬᠢ ᠰᠡᠬᠡᠭᠡᠲᠡᠨ ᠪᠠ ᠴᠢᠳᠠᠪᠤᠷᠢᠲᠠᠨ ᠲᠦᠪᠯᠡᠷᠡᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠭᠠᠳᠠᠨᠠᠬᠢ ᠰᠡᠬᠡᠭᠡᠲᠡᠳ ᠤᠨ ᠨᠡᠶᠢᠭᠡᠮ ᠤᠨ ᠬᠠᠷᠢᠭᠤᠴᠠᠯᠭ᠎ᠠ ᠡᠭᠦᠷᠭᠡᠯᠡᠬᠦ ᠶᠢᠨ ᠲᠥᠯᠥᠭᠡ ᠪᠠᠶᠢᠭᠤᠯᠤᠭᠰᠠᠨ ᠨᠡᠶᠢᠭᠡᠮ ᠳᠤ ᠦᠢᠯᠡᠴᠢᠯᠡᠬᠦ ᠴᠢᠬᠤᠯᠠ ᠲᠠᠪᠴᠠᠩ ᠪᠣᠯᠤᠨ᠎ᠠ᠃ ᠦᠢᠯᠡᠴᠢᠯᠡᠭᠡᠨ ᠤ ᠪᠦᠯᠬᠦᠮ ᠤᠨ ᠪᠦᠷᠢᠯᠳᠦᠬᠦᠨ ᠨᠢ ᠡᠮ ᠡᠮᠨᠡᠯᠭᠡ᠂ ᠮᠠᠯ ᠠᠵᠤ ᠠᠬᠤᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠬᠠᠤᠯᠢ ᠴᠠᠭᠠᠵᠠ᠂ ᠠᠵᠤ ᠠᠬᠤᠢ ᠵᠡᠷᠭᠡ ᠬᠦᠷᠢᠶᠡᠨ ᠳᠠᠬᠢ ᠤᠯᠤᠰ ᠲᠦᠷᠦ ᠪᠠᠲᠤ ᠴᠢᠩᠭ᠎ᠠ᠂ ᠲᠤᠰᠬᠠᠢ ᠮᠡᠷᠭᠡᠵᠢᠯ ᠢᠶᠠᠷ ᠲᠤᠪᠤᠶᠢᠮ᠎ᠠ᠂ ᠲᠥᠯᠥᠭᠡᠯᠡᠬᠦ ᠴᠢᠨᠠᠷ ᠢᠶᠠᠷ ᠴᠢᠩᠭ᠎ᠠ ᠨᠠᠮ ᠤᠨ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠨ ᠢᠶᠠᠷ ᠪᠦᠷᠢᠯᠳᠦᠵᠡᠢ᠃ ᠦᠢᠯᠡᠴᠢᠯᠡᠭᠡᠨ ᠤ ᠪᠦᠯᠬᠦᠮ 2010 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 49 ᠪᠦᠯᠦᠭ ᠤᠳᠠᠭ᠎ᠠ ᠶᠢᠨ ᠦᠢᠯᠡᠴᠢᠯᠡᠭᠡ ᠥᠷᠨᠢᠭᠦᠯᠵᠦ᠂ ᠪᠥᠬᠦ ᠣᠷᠣᠨ ᠤ 10 ᠠᠶᠢᠮᠠᠭ ᠬᠤᠲᠠ᠂ 30 ᠭᠠᠷᠤᠶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠬᠠᠮᠤᠷᠴᠦ᠂ ᠦᠨᠳᠦᠰᠦᠨ ᠱᠠᠲᠤᠨ ᠤ 1.6 ᠲᠦᠮᠡ ᠭᠠᠷᠤᠶ ᠬᠥᠮᠦᠨ ᠤᠳᠠᠭ᠎ᠠ ᠶᠢᠨ ᠬᠦᠴᠢᠷᠳᠡᠯᠲᠡᠶ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡ ᠬᠢᠵᠦ᠂ ᠳᠠᠷᠢᠵᠤ ᠲᠡᠵᠢᠭᠡᠬᠦ ᠲᠣᠮᠣ ᠡᠷᠦᠬᠡ ᠪᠠ ᠮᠠᠯᠴᠢᠨ ᠲᠠᠷᠢᠶᠠᠴᠢᠨ ᠤ ᠪᠠᠶᠠᠵᠢᠯ ᠤᠨ ᠳᠠᠭᠠᠭᠤᠯᠤᠭᠴᠢ 5000 ᠭᠠᠷᠤᠶ ᠬᠥᠮᠦᠨ ᠤᠳᠠᠭ᠎ᠠ ᠳᠤ ᠪᠤᠯᠪᠠᠰᠤᠷᠠᠯ ᠬᠦᠷᠳᠡᠭᠡᠵᠦ᠂ ᠬᠠᠨᠳᠢᠪᠯᠠᠭᠰᠠᠨ ᠡᠮ ᠤᠨ ᠵᠦᠢᠯ ᠪᠠᠭᠠᠵᠢ ᠬᠡᠷᠡᠭᠰᠡᠯ ᠢ ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 30 ᠭᠠᠷᠤᠶ ᠲᠦᠮᠡᠨ ᠲᠥᠭᠦᠷᠢᠭ ᠲᠤ ᠬᠦᠷᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ