12 ᠰᠠᠷ᠎ᠠ ᠶᠢᠨ 26 ᠤ ᠡᠳᠦᠷ᠂ ᠤᠷᠠᠳ ᠤᠨ ᠡᠮᠦᠨᠡᠲᠦ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 90 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ | ᠬᠤᠷᠠᠯ ᠬᠤᠷᠠᠯᠳᠤᠭᠤᠯᠪᠠ᠃ | | | | | | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠤ᠂ ᠸᠠᠩ ᠵᠢᠶᠦ᠋ᠨ ᠵᠢᠶᠧ᠂ ᠸᠠᠩ ᠷᠦᠢ᠂ ᠠᠯᠳ᠋ᠬᠠᠠᠭᠤᠯᠠ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ | ᠬᠤᠷᠠᠯ ᠳᠤ ᠣᠷᠣᠯᠴᠠᠪᠠ᠃ | ᠬᠤᠲᠠ ᠶᠢᠨ ᠨᠠᠮ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ ᠠᠯᠪᠠᠨ ᠬᠡᠷ ᠤᠨ ᠡᠷᠬᠢᠯᠡᠭᠴᠢ᠂ ᠵᠣᠬᠢᠶᠠᠨ ᠪᠠᠶᠢᠭᠤᠯᠤᠯᠲᠠ ᠶᠢᠨ ᠬᠤᠶᠠᠳᠤᠭᠠᠷ | ᠰᠠᠯᠠᠭᠠᠨ ᠤ ᠳᠠᠷᠤᠭ᠎ᠠ ᠳ᠋ᠠᠶ ᠹᠸᠢ ᠯᠦᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠠᠮ ᠤᠨ ᠬᠤᠷᠢᠶᠠᠨ ᠤ ᠱᠦᠵᠢ ᠪᠣᠯᠤᠨ | ᠬᠡᠰᠡᠭ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠲᠠᠯᠠᠪᠠᠶ ᠳᠤ ᠦᠨᠡᠯᠡᠯᠲᠡ ᠬᠢᠪᠠ᠃ | ᠰᠣᠶᠣᠯᠲᠤ ᠲᠤᠰᠢᠶᠠᠯ ᠤᠨ ᠮᠡᠳᠡᠭᠦᠯᠦᠯᠲᠡ ᠶᠢᠨ ᠪᠠᠶᠢᠳᠠᠯ ᠳᠤ ᠨᠢᠭᠡᠳ ᠨᠢᠭᠡ ᠪᠠᠷ ᠦᠨᠡᠯᠡᠯᠲᠡ ᠬᠢᠵᠦ᠂ ᠶᠠᠩ ᠭᠧᠨ ᠬᠤ᠋᠂ ᠬᠤᠤ ᠮᠢᠨ᠂ ᠸᠠᠩ ᠰᠢᠨ | ᠶᠡᠷᠦᠩᠬᠡᠶᠢᠯᠡᠭᠰᠡᠨ ᠦᠨᠡᠯᠡᠯᠲᠡ ᠬᠢᠵᠦ᠂ ᠳ᠋ᠠᠢ ᠹᠸᠢ ᠯᠦᠩ ᠦᠨᠡᠯᠡᠯᠲᠡ ᠶᠢᠨ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠣᠭᠤᠰᠢᠯᠠᠭᠤᠯᠵᠤ᠂ ᠨᠠᠮ ᠤᠨ ᠤᠯᠤᠰ | ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠣᠳᠬᠠᠬᠤ ᠠᠵᠢᠯ ᠤᠨ ᠭᠤᠤᠯ ᠱᠤᠭᠤᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ | ᠬᠢᠵᠦ᠂ ᠠᠷᠭ᠎ᠠ ᠬᠢᠳᠡᠯ ᠨᠢ ᠣᠨᠴᠠᠯᠢᠭ ᠲᠠᠢ᠂ ᠬᠢᠯᠠᠰ ᠴᠡᠭ ᠲᠠᠢ᠂ ᠠᠮᠵᠢᠯᠲᠠ ᠪᠦᠲᠦᠮᠵᠢ ᠨᠢ ᠰᠠᠶᠢᠰᠢᠶᠠᠭᠤᠰᠢᠲᠠᠶ ᠪᠠᠶᠢᠨ᠎ᠠ ᠬᠡᠪᠡ ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ | ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠶ ᠬᠡᠪᠡ᠃ | ᠬᠤᠷᠠᠯ ᠠᠴᠠ ᠱᠠᠭᠠᠷᠳᠠᠭᠰᠠᠨ ᠨᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ | ᠠᠳᠬᠤᠬᠤ ᠳᠤ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ ᠬᠡᠷᠡᠭᠲᠡᠢ᠃ ᠤᠯᠤᠰ | ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ | ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠲᠠᠶᠢᠴᠢᠯᠠᠵᠤ ᠬᠦᠳᠦᠯᠦᠨ ᠳᠠᠭᠠᠭᠤᠯᠬᠤ ᠬᠡᠷᠡᠭᠲᠡᠢ᠃ ᠤᠯᠤᠰ | ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠪᠥᠬᠦ ᠬᠤᠰᠢᠭᠤᠨ ᠤ | ᠨᠠᠮ ᠢ ᠬᠠᠮᠢᠶᠠᠷᠴᠤ ᠨᠠᠮ ᠢ ᠵᠠᠰᠠᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠶ ᠬᠡᠪᠡ᠃ | | |