ᠡᠬᠡᠯᠵᠢ ᠴᠠᠭ ᠨᠡᠮᠡᠵᠤ ᠠᠵᠢᠯᠯᠠᠪᠠᠯ ᠴᠡᠯᠢᠩ ᠨᠡᠮᠡᠭᠳᠡᠨ᠎ᠠ ᠤᠤ︖
ᠨᠡᠶᠢᠲᠡᠯᠡᠭᠰᠡᠨ ᠴᠠᠭ᠄
2024/12/30
    ᠤᠶᠢᠷ᠎ᠠ ᠳᠤ ᠨᠡᠶᠢᠳᠡᠯᠡᠭᠰᠡᠡ  ︽ᠲᠦᠷᠤ ᠶᠢᠨ ᠶᠠᠪᠤᠳᠠᠯ ᠤᠨ ᠬᠤᠷᠢᠶ᠎ᠠ ᠶᠢᠨ ᠪᠦᠬᠦ ᠤᠯᠤᠰ ᠤᠨ ᠰᠢᠨ᠎ᠠ ᠵᠢᠯ ᠴᠠᠭᠠᠨ ᠰᠠᠷ᠎ᠠ ᠵᠢᠴᠢ ᠬᠡᠰᠡᠭ ᠪᠠᠶᠠᠷ ᠳᠤᠷᠠᠰᠬᠠᠯ ᠤᠨ ᠡᠳᠤᠷ ᠤᠨ ᠠᠮᠠᠷᠠᠯᠳᠠ ᠲᠠᠯᠪᠢᠬᠤ ᠠᠷᠭ᠎ᠠ ᠳᠤ ᠵᠠᠰᠠᠪᠤᠷᠢ ᠤᠷᠤᠭᠤᠯᠤᠭᠰᠠᠠ  ᠰᠢᠢᠳᠪᠦᠷᠢ ᠶᠢ ᠦᠨᠳᠤᠰᠤᠯᠠᠪᠠᠯ᠂ 2025 ᠤᠨ ᠠᠴᠠ ᠡᠬᠢᠯᠠᠨ ᠪᠦᠬᠦ ᠠᠷᠠᠳ ᠤᠨ ᠬᠠᠣᠯᠢ ᠪᠠᠷ ᠳᠤᠭᠳᠠᠭᠠᠭᠰᠠᠠ ᠪᠠᠶᠠᠷ  ᠲᠣᠷᠠᠰᠬᠠᠯ ᠤᠨ ᠠᠮᠠᠷᠠᠯᠳᠠ ᠶᠢᠨ ᠡᠳᠤᠷ ᠤᠤᠯ ᠤᠨ ᠬᠢ ᠠᠴᠠ ᠪᠠᠨ 2 ᠡᠳᠤᠷ ᠨᠡᠮᠡᠭᠳᠡᠭᠡᠳ 13 ᠡᠳᠤᠷ ᠪᠤᠯᠤᠭᠰᠠᠠ ᠪᠠᠶᠢᠨ᠎ᠠ᠃    ᠪᠠᠶᠠᠷ ᠳᠤᠷᠠᠰᠬᠠᠯ ᠤᠨ ᠠᠮᠠᠷᠠᠯᠳᠠ ᠶᠢᠨ 13 ᠡᠳᠤᠷ ᠲᠤ ᠬᠦᠳᠡᠯᠮᠤᠷᠢᠯᠡᠭᠴᠢ ᠬᠡᠷᠪᠡ ᠠᠵᠢᠯ ᠤᠨ ᠪᠠᠶᠢᠷᠢ ᠪᠠᠨ ᠰᠠᠬᠢᠵᠤ᠂ ᠬᠡᠪ ᠤᠨ ᠶᠤᠰᠤᠭᠠᠷ ᠠᠵᠢᠯᠯᠠᠭᠰᠠᠠ ᠪᠠᠶᠢᠪᠠᠯ ᠬᠦᠮᠤᠨ ᠬᠡᠷᠡᠭᠯᠡᠬᠦ ᠨᠢᠭᠡᠴᠡ ᠠᠴᠠ ᠬᠦᠳᠡᠯᠮᠤᠷᠢᠯᠡᠭᠴᠢ ᠳᠤ ᠭᠤᠷᠪᠡᠨ ᠲᠠᠬᠢᠨ ᠴᠡᠯᠢᠩ ᠦᠭᠬᠦ ᠶᠤᠰᠤᠳᠠᠢ᠃ ᠬᠦᠳᠡᠯᠮᠤᠷᠢᠯᠡᠭᠴᠢ ᠪᠠᠶᠠᠷ ᠳᠤᠷᠠᠰᠬᠠᠯ ᠤᠨ ᠡᠳᠤᠷ ᠠᠴᠠ ᠭᠠᠳᠠᠨᠡᠬᠢ ᠪᠤᠰᠤᠳ ᠭᠠᠷᠠᠭ ᠤᠨ ᠰᠡᠬᠦᠯᠴᠢ ᠶᠢᠨ ᠠᠮᠠᠷᠠᠯᠳᠠ ᠵᠢᠴᠢ ᠰᠤᠯᠢᠵᠤ ᠠᠮᠠᠷᠠᠭᠰᠠᠠ ᠡᠳᠤᠷ ᠲᠤ ᠨᠡᠮᠡᠵᠤ ᠠᠵᠢᠯᠯᠠᠪᠠᠯ ᠬᠦᠮᠤᠨ ᠬᠡᠷᠡᠭᠯᠡᠬᠦ ᠨᠢᠭᠡᠴᠡ ᠠᠴᠠ ᠬᠤᠶᠠᠷ ᠲᠠᠬᠢᠨ ᠴᠡᠯᠢᠩ ᠦᠭᠬᠦ ᠶᠤᠰᠤᠳᠠᠢ᠃     ᠲᠡᠬᠡᠪᠡᠯ ᠨᠡᠮᠡᠵᠤ ᠠᠵᠢᠯᠯᠠᠭᠰᠠᠠ ᠴᠠᠯᠢᠩ ᠢ ᠬᠡᠷᠬᠢᠨ ᠪᠤᠳᠤᠬᠤ ᠪᠤᠢ︖         ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠤᠷᠢ ᠶᠢᠨ ᠬᠠᠤᠯᠢ︾   ᠶᠢᠨ ᠳᠤᠭᠳᠠᠭᠠᠯ ᠢ ᠦᠨᠳᠤᠰᠤᠯᠠᠪᠠᠯ᠂ ᠬᠦᠳᠡᠯᠮᠤᠷᠢᠯᠡᠭᠴᠢ ᠬᠠᠤᠯᠢ ᠪᠠᠷ ᠳᠤᠭᠳᠠᠭᠠᠭᠰᠠᠠ ᠠᠮᠠᠷᠠᠯᠳᠠ ᠶᠢᠨ ᠡᠳᠤᠷ ᠪᠤᠯᠤᠨ ᠬᠤᠷᠢᠮ᠂ ᠪᠡᠯᠪᠡᠰᠤᠷᠠᠯ ᠤᠨ ᠠᠮᠠᠷᠠᠯᠳᠠ ᠶᠢᠨ ᠬᠤᠭᠤᠴᠠᠭ᠎ᠠ ᠵᠢᠴᠢ ᠨᠡᠶᠢᠬᠡᠮ ᠤᠨ ᠠᠵᠢᠯᠯᠠᠭ᠎ᠠ ᠳᠤ ᠬᠠᠤᠯᠢ ᠶᠤᠰᠤᠭᠠᠷ ᠤᠷᠤᠯᠴᠠᠬᠤ ᠬᠤᠭᠤᠴᠠᠭᠠᠨ ᠳᠤ ᠬᠦᠮᠤᠨ ᠬᠡᠷᠡᠭᠯᠡᠬᠦ ᠨᠢᠭᠡᠴᠡ ᠶᠢᠨ ᠬᠢᠨ ᠬᠠᠤᠯᠢ ᠶᠤᠰᠤᠭᠠᠷ ᠴᠠᠯᠢᠩ ᠤᠯᠭᠤᠬᠤ ᠶᠤᠰᠤᠳᠠᠢ᠃ ᠡᠶᠢᠮᠤ ᠠᠴᠠ ᠡᠳᠤᠷ ᠤᠨ ᠴᠡᠯᠢᠩ ᠢ ᠨᠤᠭᠤᠯᠤᠨ ᠪᠤᠳᠤᠬᠤ ᠦᠶ᠎ᠠ ᠳᠤ ᠭᠠᠷᠠᠭ ᠤᠨ ᠰᠡᠬᠦᠯᠴᠢ ᠶᠢᠨ ᠠᠮᠠᠷᠠᠯᠳᠠ  ᠶᠢᠨ ᠡᠳᠦᠷ ᠢ  ᠬᠠᠰᠤᠬᠤ ᠴᠢᠬᠤᠯᠠᠳᠠᠢ ᠪᠤᠯᠪᠠᠴᠤ ᠬᠠᠤᠯᠢ ᠪᠠᠷ ᠳᠤᠭᠳᠠᠭᠠᠭᠰᠠᠠ 13 ᠡᠳᠤᠷ ᠤᠨ ᠪᠠᠶᠠᠷ ᠳᠣᠷᠠᠰᠬᠠᠯ  ᠤᠨ ᠡᠳᠦᠷ ᠢ ᠬᠠᠰᠤᠬᠤ ᠴᠢᠬᠤᠯᠠ ᠦᠬᠡᠢ᠃        ᠡᠬᠦᠨ ᠠᠴᠠ ᠭᠠᠳᠠᠨ᠎ᠠ᠂ ᠬᠦᠮᠤᠨ ᠬᠡᠷᠡᠭᠯᠡᠬᠦ ᠨᠢᠬᠡᠴᠡ ᠠᠴᠠ ᠬᠦᠳᠡᠯᠮᠤᠷᠢᠯᠡᠭᠴᠢ ᠶᠢ ᠠᠮᠠᠷᠠᠯᠳᠠ ᠶᠢᠨ ᠡᠳᠤᠷ ᠠᠵᠢᠯᠯᠠᠭᠤᠯᠬᠤ ᠪᠠᠷ ᠳᠤᠬᠢᠷᠠᠭᠤᠯᠤᠭᠰᠠᠠ ᠮᠦᠷᠳᠡᠬᠡᠨ ᠨᠦᠬᠦᠵᠤ ᠠᠮᠠᠷᠠᠬᠤ ᠴᠠᠭ ᠳᠤᠬᠢᠷᠠᠭᠤᠯᠵᠤ ᠲᠡᠶᠢᠯᠬᠦ ᠦᠬᠡᠢ ᠪᠤᠯ ᠬᠦᠳᠡᠯᠮᠤᠷᠢᠯᠡᠭᠴᠢ ᠶᠢᠨ ᠴᠡᠯᠢᠩ ᠤᠨ ᠬᠢᠨᠢ 200%  ᠠᠴᠠ ᠳᠤᠤᠷ᠎ᠠ ᠦᠬᠡᠢ ᠪᠠᠷ ᠴᠠᠯᠢᠩ ᠬᠦᠯᠤᠰᠤ ᠤᠯᠭᠤᠬᠤ ᠶᠤᠰᠤᠳᠠᠢ︔ ᠬᠦᠮᠤᠨ ᠬᠡᠷᠡᠭᠯᠡᠬᠦ ᠨᠢᠬᠡᠴᠡ ᠠᠴᠠ ᠬᠠᠤᠯᠢ ᠪᠠᠷ ᠳᠤᠭᠳᠠᠭᠠᠭᠰᠠᠠ ᠠᠮᠠᠷᠠᠯᠳᠠ ᠶᠢᠨ ᠡᠳᠤᠷᠬ ᠦᠳᠡᠯᠮᠤᠷᠢᠯᠡᠭᠴᠢ ᠶᠢ ᠠᠵᠢᠯᠯᠠᠭᠤᠯᠬᠤ ᠪᠠᠷ ᠳᠤᠬᠢᠷᠠᠭᠤᠯᠤᠭᠰᠠᠠ ᠪᠠᠶᠢᠪᠠᠯ ᠬᠦᠳᠡᠯᠮᠤᠷᠢᠯᠡᠭᠴᠢ ᠶᠢᠨ ᠴᠡᠯᠢᠩ ᠤᠨ ᠬᠢᠨᠢ 300% ᠠᠴᠠ ᠳᠤᠤᠷ᠎ᠠ ᠦᠬᠡᠢ ᠪᠠᠷ ᠴᠠᠯᠢᠩ ᠬᠦᠯᠤᠰᠤ ᠤᠯᠭᠤᠬᠤ ᠶᠤᠰᠤᠳᠠᠢ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ