ᠦᠪᠡᠷ ᠢ ᠪᠠᠨ ᠬᠦᠭᠵᠢᠬᠦᠯᠤᠨ ᠪᠤᠰᠤᠳ ᠢ ᠳᠤᠰᠠᠯᠠᠵᠤ ᠳᠡᠯᠡᠬᠡᠢ ᠳ᠋ᠡᠬᠢᠨ ᠳᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2024/12/5
    — ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠨᠢ ᠪᠥᠬᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢ ᠠᠬᠢᠭᠤᠯᠪᠠ    ︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠥᠲᠥᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠢᠷᠡᠯᠲᠡ ᠲᠠᠢ᠂ ᠦᠷ᠎ᠡ ᠪᠦᠲᠦᠭᠡᠯ ᠪᠠ ᠠᠵᠠ ᠲᠣᠬᠢᠶᠠᠯ ᠨᠢ ᠳᠡᠯᠡᠬᠡᠶ ᠳ᠋ᠠᠬᠢᠨ ᠳᠤ ᠬᠠᠷᠢᠶᠠᠯᠠᠭᠳᠠᠨ᠎ᠠ︾᠃ 2023 ᠣᠨ ᠤ ᠠᠯᠲᠠᠨ ᠨᠠᠮᠤᠷ᠂ ᠲᠡᠷᠢᠭᠦᠯᠡᠭᠴᠢ ᠰᠢ ᠶᠢᠨ ᠫᠢᠩ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷᠡᠬᠢ ᠴᠢᠩ ᠦᠨᠡᠨᠴᠢ ᠦᠭᠡ ᠶᠠᠷᠢᠶ᠎ᠠ ᠨᠢ ᠳᠣᠷᠣᠨᠠᠳᠠᠬᠢᠨ ᠤ ᠨᠢᠭᠡᠨ ᠲᠣᠮᠣ ᠤᠯᠤᠰ ᠤᠨ ᠥᠪᠡᠷ ᠤᠨ ᠭᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠠᠭᠲᠠᠭᠠᠬᠤ ᠠᠭᠤᠳᠠᠮᠴᠢ ᠰᠡᠳᠬᠢᠯ ᠪᠠ ᠡᠭᠦᠷᠭᠡᠯᠡᠯ ᠢ ᠢᠯᠡᠷᠡᠭᠦᠯᠪᠡ᠃    ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠱᠠᠲᠤᠨ ᠳᠤ ᠣᠷᠣᠪᠠ᠃ ᠳᠤᠮᠳᠠᠳᠤ ᠤᠯᠤᠰ ᠦᠷᠭᠦᠯᠵᠢᠯᠡᠨ ᠬᠤᠯᠪᠣᠯᠳᠤᠨ ᠨᠡᠪᠲᠡᠷᠡᠯᠴᠡᠬᠦ ᠪᠠᠷ ᠬᠥᠭᠵᠢᠯᠲᠡ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠪᠠᠷ ᠬᠠᠮᠲᠤ ᠪᠠᠷ ᠠᠰᠢᠭ ᠬᠦᠷᠳᠡᠬᠦ ᠶᠢ ᠡᠷᠢᠯᠬᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠦᠴᠦᠯᠡᠨ ᠪᠤᠶᠢᠵᠢᠭᠤᠯᠵᠤ᠂ ᠰᠢᠨ᠎ᠡ ᠨᠡᠮᠡᠭᠳᠡᠯ ᠤᠨ ᠴᠡᠭ ᠢ ᠨᠡᠭᠡᠭᠡᠵᠦ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠬᠥᠭᠵᠢᠬᠦ ᠳᠡᠯᠡᠬᠡᠢ ᠵᠢᠷᠲᠢᠨᠴᠦ ᠶᠢ ᠪᠦᠳᠦᠭᠡᠨ ᠪᠠᠶᠢᠭᠤᠯᠵᠤ᠂ ᠳᠡᠯᠡᠬᠡᠢ ᠶᠢᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠢᠲᠡᠭᠡᠯ ᠪᠠ ᠬᠥᠳᠡᠯᠭᠡᠬᠦ ᠬᠦᠴᠦᠨ ᠨᠡᠮᠡᠷᠢᠯᠡᠵᠦ᠂ ᠦᠯᠡᠮᠵᠢ ᠤᠯᠠᠨ ᠰᠢᠨ᠎ᠡ ᠦᠷ᠎ᠡ ᠪᠦᠲᠦᠭᠡᠯ ᠣᠯᠵᠤ᠂ ᠨᠡᠩ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ᠳᠡᠯᠡᠬᠡᠢ ᠳ᠋ᠡᠬᠢᠨ ᠳᠤ ᠠᠰᠢᠭ ᠬᠦᠷᠳᠡᠭᠡᠵᠦ ᠠᠷᠠᠳ ᠤᠨ ᠠᠮᠢᠳᠤᠷᠠᠯ ᠢ ᠰᠠᠶᠢᠵᠢᠷᠠᠭᠤᠯᠪᠠ    11 ᠰᠠᠷ᠎ᠠ ᠶᠢᠨ 14 ᠤ ᠡᠳᠦᠷ᠂ ᠳᠤᠮᠳᠠᠳᠤ ᠫᠧᠷᠦ᠋ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠲᠦᠷᠦᠯ ᠵᠦᠢᠯ ᠪᠤᠯᠬᠤ ᠴᠢᠶᠠᠨᠺᠠᠶ ᠭᠠᠷᠠᠮ ᠵᠢᠩᠬᠢᠨᠢ ᠪᠠᠷ ᠠᠰᠢᠭᠯᠠᠯᠲᠠ ᠳᠤ ᠣᠷᠣᠪᠠ᠃ᠴᠢᠶᠠᠨᠺᠠᠢ ᠨᠦᠬᠡᠨ ᠵᠠᠮ ᠤᠨ ᠲᠦᠷᠦᠯ ᠵᠦᠢᠯ ᠤᠨ ᠫᠧᠷᠦ᠋ ᠶᠢᠨ ᠶᠡᠷᠦᠩᠬᠡᠢ ᠢᠨᠵᠧᠨᠧᠷ ᠪᠠᠶᠢᠭᠰᠠᠨ ᠠᠯᠠᠶᠣᠸ᠋᠄ ︽ᠡᠨᠡ ᠬᠦ ᠰᠢᠨ᠎ᠡ ᠨᠡᠪᠳᠡᠷᠡᠬᠦ ᠵᠠᠮ ᠢᠶᠠᠷ ᠳᠠᠮᠵᠢᠨ ᠡᠷᠬᠢᠯᠳᠦᠵᠦ ᠪᠠᠶᠢᠭ᠎ᠠ ᠡᠳ᠋ ᠪᠠᠷᠠᠭ᠎ᠠ ᠪᠣᠯᠤᠨ ᠮᠡᠷᠭᠡᠵᠢᠯ ᠨᠢ ᠲᠡᠦᠬᠡ ᠶᠢᠨ ᠠᠬᠢᠴᠠ ᠶᠢ ᠨᠥᠯᠥᠭᠡᠯᠡᠬᠦ ᠪᠣᠯᠤᠨ᠎ᠠ︾ ᠭᠡᠵᠦ ᠰᠡᠳᠭᠢᠯ ᠳᠣᠭᠳᠣᠯᠤᠨ ᠶᠠᠷᠢᠪᠠ᠃    2023 ᠣᠨ ᠤ 10 ᠰᠠᠷ᠎ᠠ ᠳᠤ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷ᠎ᠡ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠪᠡ᠃ ᠵᠢᠯ ᠭᠠᠷᠤᠶ ᠶᠢᠨ ᠲᠤᠷᠰᠢ᠂ ᠨᠠᠢᠮᠠᠨ ᠵᠦᠢᠯ ᠤᠨ ᠠᠵᠢᠯᠯᠠᠭ᠎ᠠ ᠲᠣᠭᠲᠠᠭᠤᠨ ᠢᠶᠠᠷ ᠠᠭᠢᠵᠤ᠂ ᠢᠯᠡᠳᠲᠡ ᠦᠷ᠎ᠡ ᠪᠦᠲᠦᠭᠡᠯ ᠤᠯᠵᠤ᠂ ᠰᠢᠨ᠎ᠡ ᠦᠷ᠎ᠡ ᠪᠦᠲᠦᠭᠡᠯ ᠤᠳ᠂ ᠰᠢᠨ᠎ᠡ ᠠᠬᠢᠴᠠ ᠨᠢ ᠪᠥᠬᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢᠨ ᠵᠠᠮ ᠢ ᠭᠡᠷᠡᠯᠲᠦᠭᠦᠯᠵᠦ᠂ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠬᠤᠶᠠᠳᠤᠭᠠᠷ ᠠᠷᠪᠠᠨ ᠵᠢᠯ ᠤᠨ ᠪᠥᠲᠥᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠡᠬᠢᠯᠡᠯᠲᠡ ᠶᠢ ᠲᠠᠯᠪᠢᠪᠠ᠃    ᠠᠷᠪᠠᠨ ᠵᠢᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠭᠦ᠋ᠷᠮᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠬᠤᠭᠤᠴᠠᠭᠠᠨ ᠳᠠᠭᠠᠨ ᠳ᠋ᠢᠦ᠋ᠢᠰᠪᠥ᠋ᠷᠡᠭ ᠭᠠᠷᠠᠮ ᠢ ᠲᠣᠭᠤᠷᠢᠨ ᠦᠵᠡᠵᠦ᠂ ᠳᠤᠮᠳᠠᠳᠤ ᠤᠯᠤᠰ ᠤᠨ ᠴᠦᠩᠴᠢᠩ ᠠᠴᠠ ᠳᠦᠭᠦᠷᠡᠩ ᠠᠴᠢᠶ᠎ᠠ ᠲᠠᠢ ᠮᠣᠷᠳᠠᠭᠰᠠᠨ ᠵᠢᠰᠢᠶᠠᠨ ᠤ ᠭᠠᠯᠲᠤ ᠲᠡᠷᠭᠡ ᠬᠦᠷᠴᠦ ᠤᠴᠢᠬᠤ ᠶᠢ ᠭᠡᠷᠡᠴᠢᠯᠡᠪᠡ᠃    ᠡᠳᠦᠭᠡ᠂ ᠰᠢᠨ᠎ᠡ ᠴᠠᠭ ᠦᠶ᠎ᠡ ᠶᠢᠨ ︽ᠪᠤᠯᠤᠳ ᠲᠡᠮᠤᠷ ᠲᠡᠮᠡᠭᠡᠨ ᠵᠢᠩ︾ ᠨᠢᠭᠡᠨᠲᠡ ᠴᠣ ᠰᠢᠨ᠎ᠡ ᠲᠡᠮᠳᠡᠭᠯᠡᠯ ᠢ ᠡᠭᠦᠳᠪᠡ — ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠶᠢᠳᠡ 10 ᠲᠦᠮᠡ ᠭᠠᠷᠤᠢ ᠴᠤᠪᠤᠭ᠎ᠠ ᠠᠶᠠᠯᠠᠵᠤ᠂ 1100 ᠲᠦᠮᠡᠨ ᠪᠠᠷᠢᠮᠵᠢᠶᠠᠲᠤ ᠴᠢᠩᠭᠡᠯᠢᠭ ᠪᠠᠷᠠᠭ᠎ᠠ ᠬᠦᠷᠭᠡᠵᠦ᠂ ᠪᠠᠷᠠᠭᠠᠨ ᠤ ᠦᠷᠳᠡᠭ ᠨᠢ 4200 ᠳ᠋ᠦᠩᠰᠢᠭᠤᠷ ᠳ᠋ᠣᠯᠯᠠᠷ ᠢ ᠳᠠᠪᠠᠪᠠ᠃     ᠭᠧᠷᠮᠠᠨ ᠤ ᠪᠧᠷᠯᠢᠨ ᠳᠠᠬᠢ ᠫᠷᠦ᠋ᠰ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ ᠹᠤᠯᠺᠤᠷ ᠴᠠᠫᠦ᠋ᠺ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠨᠢ ᠪᠠᠷᠠᠭᠠᠨ ᠤ ᠭᠦᠢᠯᠭᠡᠭᠡ ᠶᠢᠨ ᠨᠡᠪᠳᠡᠷᠡᠯᠴᠡᠭᠡ ᠪᠠᠷ ᠠᠷᠠᠯᠵᠢᠶᠠᠨ ᠤ ᠶᠠᠪᠤᠯᠴᠠᠭ᠎ᠠ ᠶᠢ ᠲᠠᠶᠢᠴᠢᠯᠠᠵᠤ᠂ ᠡᠭᠦᠨ ᠤ ᠤᠯᠠᠮ ᠢᠶᠠᠷ ᠠᠵᠤ ᠦᠢᠯᠡᠰ ᠤᠨ ᠬᠥᠭᠵᠢᠯ ᠴᠡᠴᠡᠭᠯᠡᠯ᠂ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠡᠯ᠎ᠡ ᠤᠯᠤᠰ ᠤᠨ ᠠᠷᠠᠳ ᠤᠯᠠᠨ ᠳᠤ ᠠᠰᠢᠭ ᠬᠦᠷᠲᠡᠭᠡᠵᠡᠢ ᠭᠡᠵᠦ ᠦᠵᠡᠪᠡ᠃    ᠡᠨᠡ ᠵᠢᠯ ᠤᠨ 12 ᠰᠠᠷ᠎ᠠ ᠶᠢᠨ 3 ᠤ ᠡᠳᠦᠷ᠂ ᠳᠤᠮᠳᠠᠳᠤ ᠯᠠᠤᠰ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠬᠠᠮᠲᠤᠷᠠᠯᠴᠠᠭᠠᠨ ᠤ ᠬᠤᠰᠢᠭᠤᠴᠢ ᠲᠥᠷᠥᠯ ᠵᠦᠢᠯ ᠪᠤᠯᠬᠤ ᠳᠤᠮᠳᠠᠳᠤ — ᠯᠠᠤᠰ ᠤᠨ ᠲᠡᠮᠦᠷ ᠵᠠᠮ ᠠᠰᠢᠭᠯᠠᠯᠲᠠ ᠳᠤ ᠤᠷᠤᠭᠰᠠᠨ ᠭᠤᠷᠪᠠᠨ ᠵᠢᠯ ᠤᠨ ᠣᠶ ᠪᠠᠨ ᠤᠭᠲᠤᠪᠠ᠃    ᠯᠠᠤᠰ ᠤᠨ ᠤᠯᠤᠰ ᠤᠨ ᠬᠤᠷᠠᠯ ᠤᠨ ᠳᠡᠳ᠋ ᠲᠡᠷᠢᠭᠦᠯᠡᠭᠴᠢ ᠰᠦᠩᠮᠠ · ᠪᠤᠨᠱᠤᠨᠠ᠂ ᠡᠨᠡ ᠬᠦ ᠣᠳᠣᠬᠢᠴᠢᠯᠠᠭᠰᠠᠨ ᠲᠡᠮᠦᠷ ᠵᠠᠮ ᠨᠢ ᠯᠠᠤᠰ ᠤᠨ ᠠᠷᠠᠳ ᠲᠦᠮᠡᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ ᠦᠢᠯᠡᠰ ᠲᠤ ᠬᠥᠳᠡᠯᠭᠡᠬᠦ ᠬᠦᠴᠦᠨ ᠨᠡᠮᠡᠷᠢᠯᠡᠵᠦ᠂ ᠯᠠᠤᠰ ᠲᠤ ᠪᠡᠯᠡ ᠣᠷᠣᠭᠤᠯᠤᠯᠲᠠ ᠪᠠ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠤ ᠥᠭᠴᠡᠢ ᠭᠡᠪᠡ᠃    ᠡᠳᠦᠭᠡ᠂ ᠳᠤᠮᠳᠠᠳᠤ — ᠯᠠᠤᠰ ᠤᠨ ᠲᠡᠮᠦᠷ ᠵᠠᠮ ᠢᠶᠠᠷ ᠠᠶᠠᠯᠠᠵᠤ ᠪᠠᠶᠢᠭ᠎ᠠ ᠤᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠥᠷᠭᠡᠨ ᠢᠶᠠᠷ ᠬᠦᠷᠢᠶᠡᠯᠡᠭᠳᠡᠵᠦ᠂ ᠬᠢᠯᠢ ᠠᠯᠤᠰᠯᠠᠭᠰᠠᠨ ᠵᠢᠭᠤᠯᠴᠢᠯᠠᠯ ᠢ ᠬᠦᠭᠵᠢᠭᠡᠪᠡ᠃ ᠪᠠᠷᠠᠭᠠᠨ ᠤ ᠲᠡᠭᠡᠭᠡᠪᠦᠷᠢ ᠶᠢᠨ ᠥᠷᠲᠡᠭᠡ ᠲᠠᠢ ᠬᠥᠷᠰᠢᠯᠡᠵᠦ ᠪᠠᠶᠢᠭ᠎ᠠ ᠳᠤᠮᠳᠠᠳᠤ ᠯᠠᠤᠰ ᠤᠨ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠪᠠᠰᠠ ᠨᠢᠭᠡᠨ ᠲᠥᠷᠥᠯ ᠵᠦᠢᠯ ᠪᠣᠯᠬᠤ ᠰᠠᠶᠢᠰᠤᠲ᠋ᠠ ᠶᠢᠨ ᠶᠡᠷᠦᠩᠬᠡᠶᠢᠯᠡᠭᠰᠡᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠪᠠᠶᠢᠳᠠᠯ ᠰᠡᠳᠬᠢᠯ ᠢ ᠪᠠᠶᠠᠰᠬᠠᠮ᠎ᠠ ᠪᠠᠶᠢᠵᠤ᠂ ᠨᠢᠭᠡᠨᠲᠡ ᠲᠠᠢ ᠤᠯᠤᠰ᠂ ᠰᠢᠩᠭᠠᠫᠣᠷ᠂ ᠶᠠᠫᠣᠨ ᠵᠡᠷᠭᠡ ᠣᠯᠠᠨ ᠤᠯᠤᠰ ᠤᠨ ᠠᠵᠤ ᠠᠬᠤᠶᠢᠯᠠᠯ ᠢ ᠲᠡᠳᠡᠨ ᠠᠪᠴᠢᠷᠠᠵᠤ ᠰᠠᠭᠤᠷᠢᠰᠢᠭᠤᠯᠪᠠ᠃   ᠺᠠᠮᠪᠣᠵᠠ ᠶᠢᠨ ᠫᠨᠤᠮ ᠫᠧᠩ ᠬᠠᠭᠠᠨ ᠤ ᠤᠭᠰᠠᠭ᠎ᠠ ᠶᠢᠨ ᠶᠡᠭᠡ ᠰᠤᠷᠭᠠᠭᠤᠯᠢ ᠶᠢᠨ ᠤᠯᠠᠨ ᠤᠯᠤᠰ ᠤᠨ ᠠᠰᠠᠭᠤᠳᠠᠯ ᠪᠣᠯᠤᠨ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠲᠦᠩᠮᠤᠩ ᠳ᠋ᠠᠶᠢᠸᠢᠳ᠋᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠨᠢ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠪᠣᠯᠤᠨ ᠬᠤᠯᠪᠣᠯᠳᠤᠨ ᠨᠡᠪᠲᠡᠷᠡᠯᠴᠡᠬᠦ ᠴᠢᠨᠠᠷ ᠢ ᠰᠠᠶᠢᠵᠢᠷᠠᠭᠤᠯᠵᠤ᠂ ᠲᠦᠭ ᠲᠦᠮᠡᠨ ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠴᠦ᠂ ᠡᠯ᠎ᠡ ᠤᠯᠤᠰ ᠤᠨ ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠴᠡᠴᠡᠭᠯᠡᠨ ᠬᠥᠭᠵᠢᠬᠦ ᠬᠠᠮᠲᠤ ᠶᠢᠨ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠵᠡᠢ ᠭᠡᠪᠡ᠃    ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠬᠢᠵᠦ ︽ᠨᠠᠶᠢᠵᠠ ᠶᠢᠨ ᠲᠣᠭᠤᠷᠢᠭ︾ ᠢ ᠦᠷᠭᠦᠯᠵᠢᠯᠡᠨ ᠥᠷᠭᠡᠳᠭᠡᠪᠡ11 ᠰᠠᠷ᠎ᠠ ᠶᠢᠨ 20 ᠤ ᠡᠳᠦᠷ᠂ ᠲᠡᠷᠢᠭᠦᠯᠡᠭᠴᠢ ᠰᠢ ᠶᠢᠨ ᠫᠢᠩ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠠᠮᠲᠤ ᠪᠠᠷ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠤᠨ᠎ᠠ ᠭᠡᠵᠦ ᠨᠡᠶᠢᠲᠡᠯᠡᠪᠡ᠃   ᠪᠷᠠᠽᠢᠯ ᠤᠨ ᠶᠡᠷᠦᠩᠬᠡᠶᠢᠯᠡᠭᠴᠢ ᠶᠢᠨ ᠣᠷᠳᠣᠨ ᠤ ᠲᠡᠷᠢᠭᠦᠨ ᠰᠠᠶᠢᠳ ᠷᠦᠶ᠋ᠢ · ᠺᠤᠰᠲ᠋ᠠ ᠲᠤᠬᠠᠢ ᠶᠢᠨ ᠲᠠᠯᠠᠪᠠᠢ ᠳᠤ ᠡᠨᠡᠬᠦ ᠲᠡᠦᠬᠡᠲᠦ ᠴᠢᠨᠠᠷᠲᠠᠢ ᠴᠠᠭ ᠮᠥᠴᠡ ᠶᠢ ᠭᠡᠷᠡᠴᠢᠯᠡᠪᠡ᠃ ︽ᠪᠢᠳᠡ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠳᠤ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠡᠨᠡ ᠨᠢ ᠪᠷᠠᠽᠢᠯ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠶᠢ ᠢᠲᠡᠭᠡᠵᠦ ᠪᠠᠶᠢᠨ᠎ᠠ︾᠃ ᠲᠡᠷᠡ ᠂ ᠪᠷᠠᠽᠢᠯ ᠶᠠᠭ ︽ᠨᠡᠮᠡᠭᠳᠡᠯ ᠢ ᠲᠦᠷᠭᠡᠳᠭᠡᠬᠦ ᠲᠥᠯᠥᠪᠯᠡᠭᠡ︾᠂ ︽ᠡᠮᠦᠨᠡᠲᠦ ᠠᠮᠧᠷᠢᠺᠠ ᠶᠢ ᠨᠢᠭᠡ ᠴᠤᠬᠴᠠᠵᠢᠭᠤᠯᠬᠤ ᠱᠤᠭᠤᠮ ᠤᠨ ᠲᠥᠯᠥᠪᠯᠡᠭᠡ︾ ᠵᠡᠷᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠪᠠᠷ ᠠᠬᠢᠭᠤᠯᠵᠤ ᠪᠠᠶᠢᠨ᠎ᠠ᠂ ᠡᠳᠡᠭᠡᠷ ᠨᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ ᠭᠡᠪᠡ᠃︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠥᠲᠥᠭᠡᠨ ᠪᠠᠶᠢᠭᠤᠯᠬᠤ ᠪᠣᠯ ᠠᠵᠤ ᠠᠬᠤᠶ ᠶᠢᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠮᠥᠨ᠂ ᠭᠠᠵᠠᠷ ᠣᠷᠣᠨ ᠤ ᠤᠯᠤᠰ ᠲᠥᠷᠥ ᠶᠢᠨ ᠬᠤᠯᠪᠣᠭ᠎ᠠ ᠪᠤᠶᠤ ᠴᠡᠷᠢᠭ ᠤᠨ ᠶᠠᠪᠤᠳᠠᠯ ᠤᠨ ᠬᠤᠯᠪᠣᠭ᠎ᠠ ᠪᠠᠶᠢᠭᠤᠯᠬᠤ ᠶᠠᠪᠤᠳᠠᠯ ᠪᠢᠰᠢ︔ ᠨᠡᠭᠡᠭᠡᠯᠲᠡᠲᠡᠶ ᠪᠠᠭᠲᠠᠭᠠᠮᠵᠢᠲᠠᠶ ᠠᠬᠢᠴᠠ ᠮᠥᠨ᠂ ᠬᠠᠷᠢᠨ ᠡᠭᠦᠳᠡ ᠪᠠᠨ ᠲᠦᠭᠵᠢᠵᠦ ᠵᠢᠵᠢᠭ ᠪᠦᠯᠬᠦᠮ ᠪᠤᠶᠤ ︿ᠳᠤᠮᠳᠠᠳᠤ ᠤᠯᠤᠰ ᠤᠨ ᠺᠯᠦᠪ﹀ ᠢ ᠪᠠᠶᠢᠭᠤᠯᠬᠤ ᠶᠠᠪᠤᠳᠠᠯ ᠪᠢᠰᠢ︔ ᠦᠵᠡᠯ ᠤᠬᠠᠮᠰᠠᠷ ᠤᠨ ᠬᠡᠯᠪᠡᠷᠢ ᠪᠠᠷ ᠵᠠᠭᠠᠭ ᠬᠤᠪᠢᠶᠠᠬᠤ ᠦᠭᠡᠢ᠂ ᠦᠯᠦ ᠡᠪᠰᠡᠬᠦ ᠲᠣᠭᠯᠠᠭᠠᠮ ᠬᠢᠬᠦ ᠦᠭᠡᠢ᠂ ᠡᠯ᠎ᠡ ᠤᠯᠤᠰ ᠬᠦᠰᠡᠯ ᠲᠠᠢ ᠯᠡ ᠶᠤᠮ ᠪᠣᠯ ᠪᠢᠳᠡ ᠴᠥᠮ ᠪᠠᠶᠠᠷᠯᠠᠨ ᠤᠭᠲᠤᠨ᠎ᠠ︾᠃ 2018 ᠣᠨ ᠤ 8 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ 5 ᠵᠢᠯ ᠤᠨ ᠤᠢ ᠶᠢᠨ ᠶᠠᠷᠢᠯᠴᠠᠬᠤ ᠬᠤᠷᠠᠯ ᠳᠤ ᠣᠷᠣᠯᠴᠠᠬᠤ ᠳᠠᠭᠠᠨ ᠢᠩᠭᠢᠵᠦ ᠴᠢᠬᠤᠯᠠᠴᠢᠯᠠᠪᠠ᠃    ᠠᠽᠢᠶ᠎ᠠ ᠧᠦ᠋ᠷᠣᠫᠠ ᠶᠢ ᠬᠤᠯᠪᠣᠵᠤ᠂ ᠠᠹᠷᠢᠺᠠ ᠲᠢᠪ ᠢ ᠳᠤᠭᠤᠯᠤᠭᠰᠠᠨ ᠠᠴᠠ ᠯᠠᠲ᠋ᠢᠨ ᠠᠮᠧᠷᠢᠺᠠ ᠲᠢᠪ ᠤᠨ ᠭᠠᠵᠠᠷ ᠣᠷᠣᠨ ᠳᠤ ᠪᠦᠬᠦ ᠲᠠᠯ᠎ᠠ ᠪᠠᠷ ᠥᠷᠨᠢᠭᠰᠡᠨ ᠬᠦᠷᠲᠡᠯ᠎ᠡ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠬᠠᠮᠲᠤᠷᠠᠯᠴᠠᠭᠠᠨ ᠤ ︽ᠨᠠᠶᠢᠵᠠ ᠶᠢᠨ ᠲᠣᠭᠤᠷᠢᠭ︾ ᠶᠠᠪᠤᠬᠤ ᠳᠤᠳᠤᠮ ᠥᠷᠭᠡᠵᠢᠵᠦ᠂ ᠰᠠᠶᠢᠨ ᠬᠠᠨᠢᠲᠠᠨ ᠶᠠᠪᠤᠬᠤ ᠳᠤᠳᠤᠮ ᠣᠯᠠᠰᠢᠷᠠᠵᠤ᠂ ᠬᠠᠮᠲᠤᠷᠠᠯᠴᠠᠭᠠᠨ ᠤ ᠶᠠᠰᠤ ᠴᠢᠨᠠᠷ ᠶᠠᠪᠤᠬᠤ ᠳᠤᠳᠤᠮ ᠰᠠᠶᠢᠵᠢᠷᠠᠪᠠ᠃    ᠣᠯᠠᠨ ᠤᠯᠤᠰ ᠪᠠ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠨᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠲᠠᠢ ᠭᠦᠨᠵᠡᠭᠡᠶ ᠵᠣᠯᠭᠠᠭᠤᠯᠵᠤ᠂ ᠨᠢᠭᠡ ᠪᠦᠯᠦᠭ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠠᠶᠢᠭᠤᠯᠵᠤ ᠳᠠᠭᠤᠰᠴᠤ᠂ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠶ ᠬᠤᠷᠢᠶᠠᠭᠴᠢ ᠲᠤᠭ᠎ᠠ ᠶᠢ ᠲᠥᠪᠯᠡᠷᠡᠭᠦᠯᠪᠡ᠃    ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠤᠯᠤᠨ ᠮᠠᠯᠠᠶᠢᠰᠢᠶ᠎ᠡ ᠶᠢᠨ ︽ᠠᠵᠤ ᠠᠬᠤᠢ ᠶᠢ ᠬᠦᠭᠵᠢᠬᠦᠯᠦᠨ ᠴᠡᠴᠡᠭᠯᠡᠬᠦᠯᠬᠦ︾ ᠪᠣᠷᠣ ᠲᠥᠯᠥᠪ ᠲᠠᠢ ᠭᠦᠨᠵᠡᠭᠡᠢ ᠵᠣᠯᠭᠠᠯᠴᠠᠭᠰᠠᠨ ᠭᠤᠣᠯᠳᠠᠯᠭ᠎ᠠ ᠲᠠᠢ ᠲᠦᠷᠦᠯ ᠵᠦᠢᠯ ᠪᠣᠯᠤᠭᠰᠠᠨ ᠤ ᠬᠤᠪᠢ ᠳᠤ᠂ ᠵᠡᠭᠦᠨ ᠳᠠᠯᠠᠢ ᠶᠢᠨ ᠡᠷᠭᠢ ᠶᠢᠨ ᠲᠡᠮᠦᠷ ᠵᠠᠮ ᠤᠨ ᠲᠦᠷᠦᠯ ᠵᠦᠢᠯ ᠨᠢ ᠮᠠᠯᠠᠶᠢᠰᠢᠶ᠎ᠡ ᠶᠢᠨ ᠵᠡᠭᠦᠨ ᠪᠠᠷᠠᠭᠤᠨ ᠳᠠᠯᠠᠢ ᠶᠢᠨ ᠡᠷᠭᠢ ᠶᠢ ᠬᠤᠯᠪᠣᠵᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠪᠠᠨ ᠲᠦᠷᠭᠡᠳᠭᠡᠬᠦ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠨᠡᠮᠡᠷᠢᠯᠡᠪᠡ᠃    ᠳᠤᠮᠳᠠᠳᠤ ᠢᠨᠳᠣᠨᠧᠰᠢᠶ᠎ᠠ ᠬᠤᠶᠠᠷ ᠤᠯᠤᠰ ᠤᠨ ᠲᠡᠷᠢᠭᠦᠨ ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ ᠪᠣᠯᠤᠨ ᠢᠨᠳᠣᠨᠧᠰᠢᠶ᠎ᠠ ᠶᠢᠨ ︽ᠪᠥᠬᠦ ᠪᠥᠮᠪᠥᠷᠴᠡᠭ ᠤᠨ ᠲᠡᠯᠡᠶ ᠲᠠᠩᠭᠢᠰ ᠤᠨ ᠲᠤᠯᠬᠤ ᠴᠡᠭ︾ ᠤᠨ ᠲᠥᠰᠦᠪᠯᠡᠯ ᠤᠨ ᠵᠤᠯᠭᠠᠯᠴᠠᠭ᠎ᠠ ᠶᠢᠨ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠢ ᠪᠡᠶ᠎ᠡ ᠪᠠᠷ ᠢᠶᠠᠨ ᠬᠠᠯᠠᠮᠵᠢᠯᠠᠵᠤ ᠠᠬᠢᠭᠤᠯᠵᠤ ᠭᠡᠷᠡᠴᠢᠯᠡᠪᠡ᠃ ᠵᠢᠯ ᠭᠠᠷᠤᠢ ᠶᠢᠨ ᠲᠤᠷᠰᠢ᠂ ᠬᠤᠶᠠᠷ ᠤᠯᠤᠰ ᠤᠨ ᠪᠦᠯᠬᠦᠮ ᠲᠦᠷᠭᠡᠨ ᠤ ᠲᠡᠮᠦᠷ ᠵᠠᠮ ᠤᠨ ᠡᠵᠡᠩᠨᠡᠯᠲᠡ ᠬᠠᠮᠢᠶᠠᠷᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠢ ᠰᠢᠯᠵᠢᠭᠦᠯᠦᠨ ᠥᠭᠬᠦ ᠵᠡᠷᠭᠡ ᠲᠠᠯ᠎ᠠ ᠪᠠᠷ ᠪᠦᠬᠦ ᠲᠠᠯ᠎ᠠ ᠪᠠᠷ ᠬᠠᠮᠲᠤᠷᠠᠯᠴᠠᠪᠠ᠃ ᠢᠨᠳᠣᠨᠧᠰᠢ᠊ ᠡᠶ᠎ᠡ ᠶᠢᠨ ᠵᠠᠯᠠᠭᠤ ᠠᠯᠢᠰᠲ᠋ᠠ ᠨᠢᠭᠡᠨᠲᠡ ᠳᠤᠮᠳᠠᠳᠤ ᠤᠯᠤᠰ ᠤᠨ ᠳᠠᠰᠬᠠᠯᠵᠢᠭᠤᠯᠤᠭᠴᠢ ᠶᠢᠨ ᠵᠢᠯᠤᠭᠤᠳᠤᠯᠭ᠎ᠠ ᠳᠣᠣᠷ᠎ᠠ ᠥᠨᠳᠥᠷ ᠬᠤᠷᠳᠤᠴᠠᠲᠤ ᠭᠠᠯᠲᠤ ᠲᠡᠷᠭᠡ ᠶᠢ ᠵᠢᠯᠣᠭᠤᠳᠴᠤ ᠴᠢᠳᠠᠭᠰᠠᠨ ᠨᠢ ᠲᠡᠭᠦᠨ ᠢ ᠲᠦᠢᠯ ᠢᠶᠠᠷ ᠣᠮᠣᠭᠰᠢᠭᠤᠯᠵᠠᠢ᠃    ︽ᠡᠶᠢᠮᠦᠷᠬᠦᠦ ᠬᠠᠮᠲᠤᠷᠠᠯᠴᠠᠭ᠎ᠠ ᠨᠢ ᠡᠷᠬᠡ ᠲᠡᠭᠰᠢ ᠬᠠᠷᠢᠯᠴᠠᠨ ᠠᠰᠢᠭᠲᠠᠢ ᠬᠠᠨᠢᠲᠠᠨ ᠤ ᠬᠠᠷᠢᠯᠴᠠᠭ᠎ᠠ ᠶᠢ ᠢᠯᠡᠷᠡᠭᠦᠯᠪᠡ︾᠃ ᠢᠨᠳᠣᠨᠧᠰᠢᠶ᠎ᠠ — ᠳᠤᠮᠳᠠᠳᠤ ᠤᠯᠤᠰ ᠤᠨ ᠬᠠᠨᠢᠲᠠᠨ ᠤ ᠬᠠᠷᠢᠯᠴᠠᠭ᠎ᠠ ᠶᠢᠨ ᠰᠤᠳᠤᠯᠭᠠᠨ ᠤ ᠲᠥᠪ ᠤᠨ ᠡᠷᠬᠢᠯᠡᠭᠴᠢ ᠸᠤᠷᠤᠨᠢᠺᠠ · ᠰᠠᠯᠠᠰᠸᠠᠲᠢ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠨᠢ ᠪᠤᠢ ᠪᠦᠬᠦᠢ ᠤᠯᠤᠰ ᠤᠨ ᠡᠷᠬᠡ ᠲᠡᠭᠰᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠶᠢ ᠳᠡᠮᠵᠢᠬᠦ ᠶᠢᠨ ᠬᠠᠮᠲᠤ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ ᠠᠬᠢᠭᠤᠯᠵᠠᠢ ᠭᠡᠪᠡ᠃     ᠺᠧᠨᠢᠶᠠ ᠶᠢᠨ ᠤᠯᠠᠨ ᠤᠯᠤᠰ ᠤᠨ ᠠᠰᠠᠭᠤᠳᠠᠯ ᠤᠨ ᠲᠤᠰᠬᠠᠢ ᠮᠡᠷᠭᠡᠵᠢᠯᠲᠡᠨ ᠯᠤᠮᠢ · ᠨᠢᠶᠤᠩᠭᠠᠢᠢᠰᠠ · ᠮᠦᠷᠠᠺᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠠ ᠺᠤᠨᠢᠶᠠ ᠶᠢᠨ ︽2030 ᠣᠨ ᠤ ᠠᠯᠤᠰ ᠤᠨ ᠲᠥᠯᠦᠪᠵᠢᠭᠦᠯᠭᠡ︾  ᠶᠢ ᠵᠣᠯᠭᠠᠭᠤᠯᠬᠤ ᠳᠤ ᠨᠢᠭᠡᠨᠲᠡ ᠨᠢᠭᠡ ᠪᠦᠯᠦᠭ ᠲᠦᠷᠦᠯ ᠵᠦᠢᠯ ᠢ ᠥᠨᠳᠥᠷ ᠪᠦᠲᠦᠮᠵᠢᠲᠡᠢ ᠪᠠᠷ ᠬᠡᠷᠡᠭᠵᠢᠭᠦᠯᠵᠦ᠂ ᠺᠤᠨᠢᠶᠠ ᠵᠢᠴᠢ ᠡᠷᠬᠢᠨ ᠲᠣᠭᠤᠷᠢᠨ ᠤ ᠤᠯᠤᠰ ᠤᠳ ᠤᠨ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠣᠭᠰᠠᠨ ᠪᠠᠶᠢᠨ᠎ᠠ ᠭᠡᠪᠡ᠃ ︽ᠳᠤᠮᠳᠠᠳᠤ ᠤᠯᠤᠰ ᠳᠣᠲᠣᠭᠠᠳᠤ ᠵᠠᠰᠠᠭ ᠲᠤ ᠦᠯᠦ ᠭᠠᠷ ᠲᠦᠷᠦᠭᠦ ᠪᠠ ᠨᠡᠮᠡᠯᠲᠡ ᠨᠥᠬᠦᠴᠡᠯ ᠦᠭᠡᠢ ᠬᠥᠭᠵᠢᠯᠲᠡ ᠶᠢᠨ ᠬᠠᠮᠲᠤᠷᠠᠯᠴᠠᠭᠠᠨ ᠤ ᠵᠠᠭᠪᠤᠷ ᠢ ᠪᠠᠷᠢᠮᠲᠠᠯᠠᠵᠤ᠂ ᠠᠹᠷᠢᠺᠠ ᠲᠢᠪ ᠤᠨ ᠤᠯᠤᠰ ᠤᠳ ᠤᠨ ᠬᠥᠭᠵᠢᠯᠲᠡ ᠶᠢᠨ ᠬᠡᠷᠡᠭᠴᠡᠭᠡ ᠳᠤ ᠨᠡᠩ ᠨᠡᠶᠢᠴᠡᠵᠦ᠂ ᠥᠷᠭᠡᠨ ᠳᠡᠯᠭᠡᠷ ᠬᠦᠷᠢᠶᠡᠯᠡᠯ ᠢ ᠣᠯᠵᠤ ᠪᠠᠶᠢᠨ᠎ᠠ︾ ᠭᠡᠪᠡ᠃ᠨᠠᠶᠢᠵᠠᠯᠠᠨ ᠨᠦᠬᠦᠷᠯᠡᠬᠦᠢ ᠶᠢᠨ ᠶᠤᠰᠤᠨ ᠢ ᠤᠯᠪᠠᠰᠦ ᠮᠢᠩᠭᠠᠨ ᠭᠠᠵᠠᠷ ᠠᠯᠤᠰᠯᠠᠪᠠᠴᠦ ᠬᠠᠮᠲᠤᠲᠠ ᠪᠠᠶᠢᠬᠤ ᠮᠡᠲᠦ᠃ ᠵᠣᠷᠢᠭ ᠨᠢᠭᠡᠳᠦᠭᠰᠡᠳ ᠬᠠᠷᠢᠯᠴᠠᠨ ᠬᠦᠨᠳᠦᠳᠬᠡᠵᠦ᠂ ᠬᠠᠮᠲᠤ ᠪᠠᠷ ᠵᠥᠪᠳᠡᠵᠦ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠪᠠᠯ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠶᠠᠨ ᠵᠠᠮ ᠳᠤ ᠯᠠᠪᠳᠠᠶ᠎ᠠ ᠰᠠᠨᠠᠭ᠎ᠠ ᠨᠢᠭᠡᠲᠡᠢ ᠬᠥᠮᠥᠰ ᠴᠤᠭᠯᠠᠷᠠᠵᠤ᠂ ᠡᠨᠡ ᠬᠦ ᠬᠥᠭᠵᠢᠯ ᠴᠡᠴᠡᠭᠯᠡᠯ ᠵᠣᠯ ᠵᠢᠷᠭᠠᠯ ᠤᠨ ᠵᠠᠮ ᠢ ᠨᠡᠩ ᠥᠷᠭᠡᠨ ᠨᠡᠩ ᠬᠤᠯᠠ ᠳᠡᠪᠢᠰᠬᠦ ᠪᠣᠯᠣᠨ᠎ᠠ᠃    ᠢᠷᠡᠭᠡᠳᠦᠢ ᠳᠤ ᠬᠠᠨᠳᠤᠵᠤ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠨ ᠣᠳᠣᠬᠢᠴᠢᠯᠠᠯᠲᠠ ᠳᠤ ᠬᠦᠴᠦᠨ ᠴᠢᠳᠠᠯ ᠤᠯᠭᠤᠪᠠ   11 ᠰᠠᠷ᠎ᠠ ᠶᠢᠨ 18 ᠤ ᠡᠳᠦᠷ ᠬᠤᠷᠠᠯᠳᠤᠭᠰᠠᠨ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ  ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠡᠭᠡᠷ᠎ᠡ᠂ ᠲᠡᠷᠢᠭᠦᠯᠡᠭᠴᠢ ᠰᠢ ᠶᠢᠨ ᠫᠢᠩ ︽ᠭᠠᠷ ᠬᠤᠯᠪᠣᠨ ︿ᠨᠢᠭᠡ ᠪᠦᠰᠡ ᠨᠢᠭᠡ ᠵᠠᠮ﹀ ᠢ ᠴᠢᠨᠠᠷ ᠰᠠᠶᠢᠲᠠᠢ ᠬᠠᠮᠳᠦ ᠪᠠᠷ ᠪᠦᠲᠦᠭᠡᠨ ᠪᠠᠶᠢᠭᠤᠯᠬᠤ︾ ᠶᠢ ᠳᠤᠮᠳᠠᠳᠤ ᠤᠯᠤᠰ ᠤᠨ ᠪᠦᠬᠦ ᠪᠥᠮᠪᠥᠷᠴᠡᠭ ᠤᠨ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢᠨ ᠲᠡᠷᠢᠭᠦᠨ ᠳᠤ ᠣᠷᠣᠭᠤᠯᠪᠠ᠃     ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠨ ᠥᠭᠴᠦ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠰᠢᠨ᠎ᠡ ᠲᠠᠪᠴᠠᠩ ᠪᠠᠶᠢᠭᠤᠯᠬᠤ ᠪᠣᠯ ᠳᠤᠮᠳᠠᠳᠤ ᠤᠯᠤᠰ ᠤᠨ ᠡᠭᠦᠷᠢᠳᠡ ᠶᠢᠨ ᠵᠣᠷᠢᠯᠲᠠ ᠪᠣᠯᠣᠨ᠎ᠠ᠂ ᠮᠥᠨ ᠴᠦ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠰᠠᠨᠠᠭᠠᠴᠢᠯᠠᠭ᠎ᠠ ᠶᠢᠨ ᠤᠭ ᠰᠠᠨᠠᠭ᠎ᠠ ᠪᠣᠯᠣᠨ᠎ᠠ᠃    ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠦᠷᠭᠦᠯᠵᠢᠯᠡᠨ ᠠᠳᠬᠤᠵᠤ᠂ ︿ᠨᠢᠭᠡ ᠪᠦᠰᠡ ᠨᠢᠭᠡ ᠵᠠᠮ﹀ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠦᠯᠬᠢᠨ ᠤᠷᠤᠭᠰᠢᠯᠠᠭᠤᠯᠤᠨ᠎ᠠ︾᠂ ︽ᠨᠡᠩ ᠥᠨᠳᠥᠷ ᠬᠠᠮᠲᠤᠷᠠᠯᠴᠠᠭᠠᠨ ᠤ ᠲᠦᠪᠰᠢᠨ᠂ ᠨᠡᠩ ᠥᠨᠳᠥᠷ ᠣᠷᠣᠭᠤᠯᠤᠯᠲᠠ ᠶᠢᠨ ᠦᠷ᠎ᠡ ᠠᠰᠢᠭ᠂ ᠨᠡᠩ ᠥᠨᠳᠥᠷ ᠬᠠᠩᠭᠠᠯᠭ᠎ᠠ ᠶᠢᠨ ᠶᠠᠰᠤ ᠴᠢᠨᠠᠷ᠂ ᠨᠡᠩ ᠥᠨᠳᠥᠷ ᠬᠥᠭᠵᠢᠯᠲᠡ ᠶᠢᠨ ᠤᠶᠠᠨ ᠬᠠᠳᠠᠨ ᠴᠢᠨᠠᠷ ᠢ ᠴᠢᠷᠮᠠᠶᠢᠨ ᠪᠡᠶᠡᠯᠡᠭᠦᠯᠦᠨ᠎ᠡ︾ ᠁ ᠶᠡᠷᠦᠩᠬᠡᠢ ᠱᠦᠵᠢ ᠰᠢ ᠶᠢᠨ ᠫᠢᠩ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷ᠎ᠡ ᠤᠯᠠᠨ ᠤᠳᠠᠭ᠎ᠠ ᠰᠡᠳᠬᠢᠮᠵᠢ ᠪᠠᠨ ᠶᠠᠷᠢᠵᠤ᠂ ᠠᠷᠭ᠎ᠠ ᠵᠠᠮ ᠢᠶᠠᠨ ᠶᠠᠷᠢᠵᠤ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠳᠤ ᠴᠢᠭᠯᠡᠯ ᠢ ᠵᠢᠭᠠᠵᠤ ᠥᠭᠪᠡ᠃    ᠳᠤᠮᠳᠠᠳᠤ ᠤᠯᠤᠰ ᠨᠢᠭᠡᠨᠲᠡ 30 ᠭᠠᠷᠤᠢ ᠤᠯᠤᠰ ᠲᠠᠢ ︽ᠨᠢᠭᠡ ᠪᠦᠰᠡ ᠨᠢᠭᠡ ᠵᠠᠮ︾ ᠤᠨ ᠪᠣᠬᠢᠷᠲᠤᠯ ᠦᠭᠡᠢ ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠶᠢ ᠨᠡᠶᠢᠳᠡᠯᠡᠵᠤ᠂ ᠡᠯ᠎ᠡ ᠤᠯᠤᠰ ᠢ ᠢᠳᠡᠪᠬᠢᠲᠡᠢ ᠬᠠᠪᠰᠤᠷᠤᠨ ᠪᠣᠬᠢᠷᠲᠤᠯ ᠦᠭᠡᠢ ᠬᠦᠭᠵᠢᠯᠳᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠪᠠ︔ ︽ᠪᠣᠬᠢᠷᠲᠤᠯ ᠦᠭᠡᠢ ᠲᠣᠷᠭᠠᠨ ᠵᠠᠮ ᠤᠨ ᠡᠯᠴᠢ ᠶᠢᠨ ᠲᠥᠯᠥᠪᠯᠡᠭᠡ︾ ᠢᠢ ᠬᠡᠷᠡᠭᠵᠢᠭᠦᠯᠵᠦ᠂ ᠬᠠᠮᠲᠤ ᠪᠠᠷ ᠪᠠᠶᠢᠭᠤᠯᠬᠤ 100 ᠭᠠᠷᠤᠢ ᠤᠯᠤᠰ ᠲᠤ ᠬᠡᠳᠦᠨ ᠮᠢᠩᠭᠠᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠪᠡ︔ ︽ᠲᠣᠷᠭᠠᠨ ᠵᠠᠮ ᠤᠨ  ᠡᠯᠧᠺᠲᠷᠣᠨ ᠬᠤᠳᠠᠯᠳᠤᠭ᠎ᠠ︾ ᠥᠷᠨᠢᠩᠭᠦᠢ ᠬᠥᠭᠵᠢᠵᠦ᠂ ᠳᠤᠮᠳᠠᠳᠤ ᠤᠯᠤᠰ ᠪᠣᠯᠣᠨ ᠬᠠᠮᠲᠤ ᠪᠠᠷ ᠪᠠᠶᠢᠭᠤᠯᠬᠤ ᠤᠯᠤᠰ ᠤᠨ ᠬᠤᠶᠠᠷ ᠲᠠᠯ᠎ᠠ ᠪᠠ ᠤᠯᠠᠨ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠪᠣᠯᠵᠤ᠂ ᠮᠠᠰᠢ ᠤᠯᠠᠨ ᠣᠨᠴᠠᠯᠢᠭᠲᠤ ᠲᠠᠸᠠᠷ ᠳᠤᠮᠳᠠᠳᠤ ᠤᠯᠤᠰ ᠤᠨ ᠲᠦᠷᠭᠡᠨ ᠲᠡᠷᠭᠡᠨ ᠳᠤ ᠭᠠᠷᠴᠤ᠂ ᠪᠦᠬᠦ ᠪᠥᠮᠪᠥᠷᠴᠡᠭ ᠤᠨ ᠲᠣᠮᠣ ᠵᠠᠬ᠎ᠠ ᠳᠡᠯᠭᠡᠭᠦᠷ ᠲᠤ ᠣᠷᠣᠪᠠ᠃    ᠰᠷᠢ ᠯᠠᠨᠺᠠ ᠶᠢᠨ ︽ᠨᠢᠭᠡ ᠪᠦᠰᠡ ᠨᠢᠭᠡ ᠵᠠᠮ︾  ᠤᠨ ᠵᠣᠬᠢᠶᠠᠨ ᠪᠠᠶᠢᠭᠤᠯᠤᠯᠲᠠ ᠶᠢ ᠡᠭᠦᠰᠬᠡᠨ ᠪᠠᠶᠢᠭᠤᠯᠤᠭᠴᠢ ᠪᠦᠬᠡᠳ ᠬᠡᠷᠡᠭ ᠮᠡᠳᠡᠭᠴᠢ᠂ ᠤᠯᠠᠨ ᠤᠯᠤᠰ ᠤᠨ ᠠᠰᠠᠭᠤᠳᠠᠯ ᠤᠨ ᠲᠤᠰᠬᠠᠢ ᠮᠡᠷᠭᠡᠵᠢᠯᠲᠡᠨ ᠠᠽᠢᠷᠦ᠋ · ᠯᠠᠨᠠᠷᠠᠵᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠨᠢ ᠪᠣᠬᠢᠷᠲᠤᠯ ᠦᠭᠡᠢ ᠬᠥᠭᠵᠢᠯᠲᠡ ᠪᠠ ᠦᠷᠭᠦᠯᠵᠢᠯᠡᠬᠦ ᠬᠥᠭᠵᠢᠯᠲᠡ ᠶᠢ ᠴᠢᠬᠤᠯᠠᠴᠢᠯᠠᠵᠤ᠂ ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠯᠪᠡᠷᠢ ᠶᠢᠨ ᠨᠡᠮᠡᠭᠳᠡᠯ ᠳᠤ ᠬᠢᠭᠰᠡᠨ ᠠᠮᠠᠯᠠᠯᠲᠠ ᠶᠢ ᠬᠠᠷᠠᠭᠤᠯᠵᠠᠢ᠂ ᠡᠨᠡ ᠨᠢ ᠶᠠᠭ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ ᠦᠷᠭᠦᠯᠵᠢᠯᠡᠬᠦ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ ᠨᠢᠭᠡ ᠲᠠᠯ᠎ᠠ ᠪᠣᠯᠣᠨ᠎ᠠ ᠭᠡᠪᠡ᠃    ᠳᠤᠮᠳᠠᠳᠤ ᠠᠽᠢᠶ᠎ᠠ ᠠᠴᠠ ᠠᠹᠷᠢᠺᠠ ᠲᠢᠪ ᠬᠦᠷᠲᠡᠯ᠎ᠡ᠂ ᠨᠡᠩ ᠤᠯᠠᠨ ︽ᠯᠦ ᠪᠠᠨ ᠦᠢᠯᠡᠳᠬᠡᠯ︾ ᠦᠨᠳᠦᠰᠦᠯᠡᠨ ᠤᠷᠭᠤᠵᠤ᠂ ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠡᠷᠢᠭᠦᠨ ᠤ ᠣᠶᠢᠯᠠᠭᠠᠭᠳᠠᠬᠤᠨ ᠨᠡᠩ ᠤᠯᠠᠨ ᠤᠯᠤᠰ ᠲᠤ ᠠᠰᠢᠭ ᠬᠦᠷᠲᠡᠭᠡᠵᠡᠢ︔ ᠨᠣᠮᠣᠬᠠᠨ ᠳᠠᠯᠠᠢ ᠶᠢᠨ ᠠᠷᠠᠯᠲᠤ ᠤᠯᠤᠰ ᠠᠴᠠ ᠠᠹᠷᠢᠺᠠ ᠲᠢᠪ ᠬᠦᠷᠲᠡᠯ᠎ᠡ᠂ ᠮᠦᠬᠦ ᠡᠪᠡᠰᠦᠨ ᠤ ᠮᠡᠷᠭᠡᠵᠢᠯ ᠤᠨ ᠪᠣᠯᠪᠠᠰᠤᠷᠠᠯ ᠤᠨ ᠲᠦᠷᠦᠯ ᠵᠦᠢᠯ ᠨᠢ ᠳᠤᠮᠳᠠᠳᠤ ᠤᠯᠤᠰ ᠠᠴᠠ ᠢᠷᠡᠭᠰᠡᠨ ︽ᠵᠣᠯ ᠵᠢᠷᠭᠠᠯᠲᠤ ᠡᠪᠡᠰᠦ︾ ᠪᠠᠷ ᠳᠡᠯᠡᠬᠡᠢ ᠳ᠋ᠠᠬᠢᠨ ᠳᠤ ᠪᠤᠶᠠᠨ ᠦᠢᠯᠡᠳᠴᠦ᠂ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠤ ᠶᠠᠳᠠᠭᠤ ᠠᠴᠠ ᠠᠩᠭᠢᠵᠢᠷᠠᠭᠤᠯᠬᠤ᠂ ᠦᠷᠭᠦᠯᠵᠢᠯᠡᠬᠦ ᠬᠥᠭᠵᠢᠯᠲᠡ ᠲᠡᠶᠢᠰᠢ ᠤᠷᠤᠭᠰᠢᠯᠠᠬᠤ ᠳᠤ ᠬᠦᠴᠦᠨ ᠨᠡᠮᠡᠷᠢᠯᠡᠨ᠎ᠡ ᠁ ︽ᠵᠢᠵᠢᠭ ᠠᠳᠠᠯ᠎ᠠ ᠭᠤᠶᠢᠳᠠ︾ ᠲᠦᠷᠦᠯ ᠵᠦᠢᠯ ᠨᠢᠭᠡ ᠪᠦᠷᠢ ᠨᠢ ᠬᠠᠮᠲᠤ ᠪᠠᠷ ᠬᠥᠭᠵᠢᠬᠦ ᠭᠡᠭᠡᠨ ᠰᠠᠷᠠᠭᠤᠯ ᠵᠠᠮ ᠢ ᠳᠡᠪᠢᠰᠴᠦ᠂ ᠠᠷᠠᠳ ᠤᠨ ᠰᠡᠳᠬᠢᠯ ᠢ ᠨᠡᠪᠲᠡᠷᠡᠯᠴᠡᠭᠦᠯᠬᠦ ᠬᠥᠭᠦᠷᠭᠡ ᠶᠢ ᠴᠣᠭᠴᠠᠯᠠᠪᠠ᠃    ᠡᠨᠧᠷᠭᠢ᠂ ᠭᠠᠶᠢᠯᠢ᠂ ᠭᠠᠮᠰᠢᠭ ᠢ ᠪᠠᠭᠠᠰᠬᠠᠬᠤ᠂ ᠢᠯᠵᠢᠷᠡᠯ ᠢ ᠡᠰᠡᠷᠭᠦᠴᠡᠬᠦ ᠠᠴᠠ ᠤᠶᠤᠨ ᠤ ᠬᠥᠮᠥᠷᠭᠡ ᠪᠣᠯᠣᠨ ᠵᠠᠭᠤᠴᠢᠯᠠᠭᠤᠷ ᠤᠨ ᠬᠠᠮᠲᠤᠷᠠᠯᠴᠠᠭ᠎ᠠ ᠬᠦᠷᠲᠡᠯ᠎ᠡ᠂ ᠳᠤᠮᠳᠠᠳᠤ ᠶᠢᠨ ᠲᠠᠯ᠎ᠠ ᠶᠢᠨ ᠬᠢᠨ ᠬᠠᠮᠲᠤ ᠪᠠᠷ ᠪᠠᠶᠢᠭᠤᠯᠤᠭᠰᠠᠨ ᠬᠠᠨᠢᠲᠠᠨ ᠲᠠᠢ ᠪᠠᠨ ᠤᠯᠠᠨ ᠬᠦᠷᠢᠶᠡᠨ ᠳᠠᠬᠢ ᠤᠯᠠᠨ ᠲᠠᠯ᠎ᠠ ᠶᠢᠨ ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠪᠠ︔ ︽ᠯᠢᠶᠠᠩ ᠵᠦ ᠶᠢᠨ ᠶᠠᠷᠢᠶᠠᠨ ᠤ ᠲᠠᠪᠴᠠᠩ︾ ᠢ ᠨᠢᠭᠡᠨᠲᠡ ᠬᠤᠶᠠᠷ ᠬᠤᠭᠤᠴᠠᠭ᠎ᠠ ᠠᠮᠵᠢᠯᠲᠠ ᠲᠠᠢ ᠪᠠᠷ ᠡᠷᠬᠢᠯᠡᠵᠦ᠂ ︽ᠠᠽᠢᠶ᠎ᠠ ᠲᠢᠪ ᠤᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ︾ ᠰᠢᠨ᠎ᠡ ᠬᠥᠭᠵᠢᠯᠲᠡ ᠶᠢᠨ ᠱᠠᠲᠤᠨ ᠳᠤ ᠣᠷᠣᠪᠠ︔ ᠲᠣᠷᠭᠠᠨ ᠵᠠᠮ ᠤᠨ ᠵᠢᠭᠤᠯᠴᠢᠯᠠᠯ ᠤᠨ ᠬᠤᠳᠠ ᠶᠢᠨ ᠬᠤᠯᠪᠣᠭ᠎ᠠ᠂ ᠲᠣᠷᠭᠠᠨ ᠵᠠᠮ ᠤᠨ ᠤᠯᠠᠨ ᠤᠯᠤᠰ ᠤᠨ ᠵᠦᠴᠦᠭᠡ ᠶᠢᠨ ᠬᠦᠷᠢᠶᠡᠯᠡᠩ ᠤᠨ ᠬᠤᠯᠪᠣᠭ᠎ᠠ ᠵᠡᠷᠭᠡ ᠲᠠᠰᠤᠷᠠᠯᠳᠠ ᠦᠭᠡᠢ ᠦᠰᠦᠨ ᠪᠤᠵᠠᠭᠠᠶᠢᠷᠠᠵᠤ ᠪᠠᠶᠢᠨ᠎ᠠ ᠁ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭ᠎ᠠ ᠶᠢᠨ ᠲᠤᠤᠷ ᠢ ᠨᠢᠭᠲᠠ ᠬᠤᠯᠪᠤᠵᠤ᠂ ᠪᠣᠯᠪᠠᠰᠤᠨ ᠤ ᠶᠠᠪᠤᠯᠴᠠᠭ᠎ᠠ ᠶᠢᠨ ᠰᠢᠨ᠎ᠡ ᠵᠠᠮ ᠢ ᠨᠡᠭᠡᠭᠡᠵᠦ᠂ ᠳᠤᠮᠳᠠᠳᠤ ᠤᠯᠤᠰ ᠪᠣᠯᠣᠨ ᠬᠠᠮᠲᠤ ᠪᠠᠷ ᠪᠠᠶᠢᠭᠤᠯᠤᠭᠰᠠᠨ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠵᠦ᠂ ᠤᠯᠠᠨ ᠡᠰᠢᠲᠦ ᠪᠣᠯᠪᠠᠰᠤᠨ ᠤ ᠬᠠᠮᠲᠤ ᠪᠠᠷ ᠴᠡᠴᠡᠭᠯᠡᠨ ᠬᠥᠭᠵᠢᠬᠦ᠂ ᠡᠶ᠎ᠡ ᠨᠠᠶᠢᠷᠲᠠᠢ ᠬᠠᠮᠲᠤ ᠪᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ ᠪᠠᠶᠢᠨ᠎ᠠ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 2 ᠤᠨ ᠴᠠᠬᠢᠯᠭᠠᠨ ᠮᠡᠳᠡᠭᠡ ᠠᠴᠠ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ