12 ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠨᠧᠶᠢᠲ᠋ᠦ᠋ᠩᠪᠦ᠋ᠸᠧ · ᠨᠠᠨᠳᠢ — ᠡᠸ᠋ᠨᠳᠠᠶᠢᠲᠸᠧᠠ ᠳᠤ ᠴᠠᠬᠢᠯᠭᠠᠨ | ᠴᠢᠮᠡᠭᠡ ᠶᠠᠪᠤᠭᠤᠯᠵᠤ᠂ ᠲᠡᠭᠦᠨ ᠤ ᠪᠦᠬᠦᠳᠠ ᠨᠠᠶᠢᠷᠠᠮᠳᠠᠬᠤ ᠨᠠᠮᠢᠪᠢᠶᠡ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠨᠠᠮᠢᠪᠢᠶ᠎ᠠ ᠲᠠᠢ ᠤᠯᠠᠮᠵᠢᠯᠠᠯᠲᠤ ᠨᠥᠬᠦᠷᠯᠡᠯ ᠲᠠᠢ ᠶᠤᠮ᠃ ᠤᠢᠢᠷ᠎ᠠ ᠶᠢᠨ ᠵᠢᠯ ᠠᠴᠠ᠂ ᠬᠤᠶᠠᠷ ᠤᠯᠤᠰ ᠤᠨ | ᠤᠯᠤᠰ ᠲᠦᠷᠦ ᠶᠢᠨ ᠢᠲᠡᠭᠡᠯᠴᠡᠭᠡ ᠨᠡᠩ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠤᠰ ᠲᠤᠰ ᠤᠨ | ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠪᠡ᠃ | ᠪᠢ ᠳᠤᠮᠳᠠᠳᠤ ᠨᠠᠮᠢᠪᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ | ᠡᠸ᠋ᠨᠳᠠᠶᠢᠲᠸᠧᠠ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ | ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ︶ |