【 ᠦᠪᠡᠷᠲᠡᠭᠡᠨ ᠵᠠᠰᠠᠬᠤ ᠣᠷᠤᠨ ᠤ ᠬᠤᠶᠠᠷ ᠬᠤᠷᠠᠯ】ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ ᠵᠠᠩ ᠶᠠᠨ ᠺᠦᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 30 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠦ᠂ ᠭᠡᠰᠢᠭᠦᠳ ᠶᠡᠭᠡ ᠬᠤᠷᠠᠯ ᠳᠡᠭᠡᠷ᠎ᠡ ᠦᠭᠡ ᠬᠡᠯᠡᠪᠡ᠃    

两会2.1.1.1.jpg

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠤᠯᠤᠰ

ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ

ᠵᠢᠶᠦ᠋ᠨ ᠴᠢᠩ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ

ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠭᠦᠸᠧ ᠨᠠᠨ ᠬᠤᠷᠠᠯ ᠢ ᠡᠷᠭᠢᠯᠡᠪᠡ᠃

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂

ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠠᠩ ᠸᠧᠢ ᠳ᠋ᠦᠩ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋

ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ

ᠬᠡᠯᠲᠡᠰ ᠤᠨ ᠳᠠᠷᠤᠭ᠎ᠠ ᠯᠢ ᠢᠦᠢ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ

ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ

ᠬᠦᠦᠳᠠᠭᠤᠯᠠ ᠬᠤᠷᠠᠯ ᠳᠤ ᠣᠷᠣᠯᠴᠠᠵᠤ ᠭᠡᠰᠢᠭᠦᠳ ᠤᠨ ᠶᠠᠷᠢᠶ᠎ᠠ ᠶᠢ ᠰᠣᠨᠣᠰᠴᠠᠢ᠃

     ᠯᠢ ᠢᠦᠢ ᠭᠠᠩ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠲᠤ ᠲᠣᠳᠣᠷᠬᠠᠶᠢᠯᠠᠯᠲᠠ ᠬᠢᠵᠦ᠂ ᠠᠨ ᠷᠦᠨ ᠱᠧᠩ

ᠰᠣᠩᠭᠤᠭᠤᠯᠢ ᠶᠢᠨ ᠠᠷᠭ᠎ᠠ ︵ᠲᠥᠰᠥᠯ︶ ᠶᠢᠨ ᠲᠤᠬᠠᠢ ᠲᠣᠳᠣᠷᠬᠠᠶᠢᠯᠠᠯᠲᠠ ᠬᠢᠪᠡ᠃

     ᠹᠦ᠋ ᠴᠢᠶᠠᠩ᠂ ᠯᠢ ᠶᠠᠨ ᠷᠦ᠋᠂ ᠶᠤᠸᠠᠢ ᠶᠠᠨ ᠮᠧᠶ᠂ ᠰᠦᠸᠧ ᠶᠢᠩ ᠵᠢᠶᠦ᠋ᠨ᠂ ᠬᠠᠨ ᠫᠢᠩ᠂ ᠴᠢᠶᠧ ᠭᠦᠸᠧ ᠱᠠᠨ᠂ ᠵᠣᠣ ᠵᠢᠶᠦ᠋ᠨ᠂ ᠵᠠᠨ ᠴᠠᠩ

ᠵᠧᠨ᠂ ᠳ᠋ᠠᠩ ᡁᠢ ᠴᠧᠩ᠂ ᠬᠤᠸᠠᠩ ᠵᠠᠨ ᠪᠢᠩ᠂ ᠯᠢᠦ ᠰᠢᠶᠣᠣ ᠢᠦᠢ᠂ ᠯᠢᠦ ᠱᠤᠤ ᠺᠦᠨ᠂ ᠼᠦᠢ ᠵᠧᠨ ᠦ᠋᠂ ᠳ᠋ᠠᠢ ᠴᠢᠶᠠᠩ᠂ ᠵᠦ ᠬᠤᠸᠠ ᠵᠡᠷᠭᠡ 15

ᠭᠡᠰᠢᠭᠦᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠡᠭᠦᠳᠦᠨ ᠪᠠᠶᠢᠭᠤᠯᠬᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ

ᠪᠣᠭᠤᠮᠲᠠ ᠰᠢᠪᠲᠤᠯᠬᠤ ᠳᠠᠶᠢᠯᠠᠯᠳᠤᠭᠠᠨ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ

ᠴᠢᠳᠠᠯ ᠢᠶᠠᠨ ᠨᠡᠮᠡᠷᠢᠯᠡᠬᠦ︾᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ ᠠᠰᠢᠭ ᠢ

ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠭᠤᠣᠯ ᠰᠡᠳᠦᠪ ᠤᠨ

ᠲᠣᠭᠤᠷᠢᠨ ᠳᠤ ᠦᠭᠡ ᠬᠡᠯᠡᠪᠡ᠃

     ᠬᠤᠷᠠᠯ ᠳᠡᠭᠡᠷ᠎ᠡ᠂ ᠬᠤᠷᠠᠯ ᠳᠤ ᠣᠷᠣᠯᠴᠠᠬᠰᠠᠨ ᠭᠡᠰᠢᠭᠦᠳ ᠲᠤᠬᠠᠢ ᠶᠢᠨ ᠲᠠᠯᠠᠪᠠᠢ ᠳᠤ ︽ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ

ᠠᠮᠠᠯᠠᠯᠲᠠ ᠶᠢᠨ ᠪᠢᠴᠢᠭ︾ ᠲᠣᠭᠲᠠᠵᠠᠢ᠃ ᠲᠣᠰ ᠡᠳᠦᠷ ᠤᠨ ᠦᠳᠡ ᠶᠢᠨ ᠬᠤᠶᠢᠨ᠎ᠠ᠂ ᠪᠠᠰᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ

ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 24 ᠳ᠋ᠦ᠋ᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠵᠤ᠂

ᠳᠤᠭᠤᠶᠢᠯᠠᠩ ᠬᠤᠪᠢᠶᠠᠨ ᠶᠠᠷᠢᠯᠴᠠᠬᠤ ᠪᠠᠷ ᠳᠡᠪᠰᠢᠭᠦᠯᠦᠭᠰᠡᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ

ᠵᠥᠪᠯᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ