【ᠦᠪᠡᠷᠲᠡᠭᠡᠨ ᠵᠠᠰᠠᠬᠤ ᠣᠷᠤᠨ ᠤ ᠬᠤᠶᠠᠷ ᠬᠤᠷᠠᠯ】 ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠠᠳᠬᠤᠨ ᠲᠦᠷᠭᠡᠨ ᠬᠢᠵᠦ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 31 ᠤ ᠡᠳᠦᠷ᠂ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠤᠷᠭᠠᠨ ᠬᠥᠮᠥᠵᠢᠯ ᠤᠨ ᠡᠲᠡᠭᠡᠳ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ᠂ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ ᠵᠠᠩ ᠶᠠᠨ ᠺᠦᠨ ᠣᠷᠣᠯᠴᠠᠵᠤ ᠶᠠᠷᠢᠶ᠎ᠠ ᠲᠠᠯᠪᠢᠵᠠᠢ᠃    

自治区两会2.1.2.1.jpg

    ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠸᠠᠩ ᠬᠤᠸᠠᠢ ᠳ᠋ᠦᠩ᠂ ᠸᠠᠩ ᠸᠧᠨ ᠮᠧᠢ᠂ ᠼᠤᠤ ᠬᠤᠩ᠂ ᠴᠧᠨ ᠰᠠᠷᠠᠨ᠎ᠠ᠂ ᠵᠤᠤ ᠬᠠᠢ ᠫᠢᠩ᠂

ᠶᠠᠨ ᠴᠠᠩ ᠬᠤᠩ᠂ ᠶᠢᠨ ᠱᠠᠩ ᠡᠦ᠂ ᠱᠠᠩ ᠵᠠᠨ ᠬᠤ᠋᠂ ᠵᠠᠩ ᠲᠤᠤ ᠵᠡᠷᠭᠡ ᠭᠡᠰᠢᠭᠦᠨ ᠤᠷᠢᠳ ᠬᠤᠵᠢᠳ ᠦᠭᠡ ᠬᠡᠯᠡᠵᠦ᠂ ᠰᠦᠨ ᠱᠣᠣ ᠴᠧᠩ ᠨᠠᠷᠢᠨ

ᠬᠢᠨᠠᠮᠠᠭᠠᠢ ᠰᠣᠨᠣᠰᠴᠤ᠂ ᠪᠠᠶᠢᠨ ᠳᠠᠬᠢᠨ ᠣᠯᠠᠨ ᠲᠠᠢ ᠶᠠᠷᠢᠯᠴᠠᠨ ᠰᠣᠯᠢᠯᠴᠠᠵᠤ ᠪᠠᠶᠢᠪᠠ᠃ ᠲᠡᠷᠡ᠂ ᠣᠯᠠᠨ ᠤ ᠰᠠᠨᠠᠯ ᠰᠠᠨᠠᠭᠤᠯᠭ᠎ᠠ ᠮᠠᠰᠢ ᠣᠨᠣᠪᠴᠢᠲᠠᠢ᠂

ᠮᠠᠰᠢ ᠪᠣᠳᠠᠲᠠᠢ ᠪᠠᠶᠢᠨ᠎ᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠤᠨ ᠰᠢᠩᠭᠡᠭᠡᠨ ᠠᠪᠬᠤ ᠬᠡᠷᠡᠭᠲᠡᠢ ᠭᠡᠵᠡᠢ᠃

    ᠰᠦᠨ ᠱᠣᠣ ᠴᠧᠩ ᠰᠢᠨ᠎ᠡ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠪᠣᠯᠣᠨ ᠥᠷᠭᠡᠨ ᠣᠯᠠᠨ ᠤᠯᠤᠰ

ᠲᠥᠷᠥ ᠶᠢᠨ ᠵᠥᠪᠯᠡᠯᠭᠡᠨ ᠤ ᠭᠡᠰᠢᠭᠦᠳ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠵᠡᠭᠦᠯᠦᠭᠰᠡᠨ ᠬᠤᠪᠢ

ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠵᠠᠩ ᠶᠠᠨ ᠺᠦᠨ ᠨᠥᠬᠦᠷ ᠤᠨ ᠬᠢᠭᠰᠡᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ

ᠠᠵᠢᠯ ᠤᠨ ᠮᠡᠳᠡᠭᠦᠯᠦᠯᠲᠡ ᠶᠢᠨ ᠰᠡᠳᠬᠢᠮᠵᠢ ᠲᠣᠳᠣᠷᠬᠠᠢ᠂ ᠭᠤᠣᠯᠳᠠᠯᠭ᠎ᠠ ᠲᠣᠪᠤᠶᠢᠮ᠎ᠠ ᠪᠠᠶᠢᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ

ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠪᠣᠯᠣᠨ ᠡᠭᠦᠷᠭᠡᠯᠡᠯ ᠢ ᠢᠯᠡᠷᠡᠭᠦᠯᠪᠡ ᠭᠡᠪᠡ᠃

    ᠰᠦᠨ ᠱᠣᠣ ᠴᠧᠩ᠂ ᠠᠷᠠᠳ ᠤᠨ ᠠᠮᠢᠳᠤᠷᠠᠯ ᠢ ᠵᠣᠯ ᠵᠢᠷᠭᠠᠯ ᠲᠠᠢ ᠪᠣᠯᠭᠠᠬᠤ ᠪᠣᠯ ︽ᠤᠯᠤᠰ ᠤᠨ ᠶᠡᠭᠡ ᠶᠠᠪᠤᠳᠠᠯ︾ ᠮᠥᠨ᠃ ᠥᠪᠥᠷ ᠮᠣᠩᠭᠤᠯ

ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠮᠥᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠪᠠ ᠥᠷᠢ ᠰᠢᠷᠢ ᠪᠠᠰᠠ

ᠨᠡᠯᠢᠶᠡᠳ ᠣᠯᠠᠨ ᠪᠠᠶᠢᠨ᠎ᠠ᠂ ᠡᠷᠬᠡᠪᠰᠢ ᠦᠨᠡᠨ ᠬᠦ ᠠᠳᠬᠤᠨ ᠱᠠᠯᠠᠮᠠᠭᠠᠢ ᠠᠵᠢᠯᠯᠠᠵᠤ᠂ ᠬᠤᠷᠳᠤᠴᠠ ᠪᠠᠨ ᠲᠦᠷᠭᠡᠳᠬᠡᠨ ᠬᠥᠭᠡᠭᠡᠵᠦ ᠭᠦᠢᠴᠡᠬᠦ ᠬᠡᠷᠡᠭᠲᠡᠢ᠃

ᠪᠢᠳᠡ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ

ᠰᠣᠷᠣᠯᠴᠠᠨ ᠲᠤᠭᠤᠰᠢᠯᠠᠭᠤᠯᠵᠤ᠂ ᠠᠵᠢᠯ ᠣᠯᠭᠤᠯᠲᠠ᠂ ᠰᠤᠷᠭᠠᠨ ᠬᠥᠮᠥᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ

ᠠᠮᠢᠳᠤᠷᠠᠯ ᠤᠨ ᠴᠢᠬᠤᠯᠠ ᠶᠠᠪᠤᠳᠠᠯ ᠢ ᠪᠣᠳᠠᠲᠠᠢ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠲᠡᠢ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ

ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢ ᠬᠥᠭᠵᠢᠭᠦᠯᠬᠦ ᠳᠤ ᠴᠢᠩᠭ᠎ᠠ ᠲᠦᠰᠢᠭᠯᠡᠨ ᠨᠡᠩ ᠣᠯᠠᠨ ᠠᠵᠢᠯ ᠤᠨ ᠪᠠᠶᠢᠷᠢ ᠶᠢ ᠡᠭᠦᠳᠴᠦ᠂

ᠨᠡᠩ ᠣᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠰᠦᠪᠡᠭᠴᠢᠯᠡᠵᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠲᠠᠷᠢᠶᠠᠴᠢᠨ

ᠵᠡᠷᠭᠡ ᠬᠥᠮᠥᠰ ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠳᠤ ᠬᠠᠨᠤᠮᠵᠢᠲᠠᠢ ᠰᠤᠷᠭᠠᠨ ᠬᠥᠮᠥᠵᠢᠯ ᠢ ᠬᠦᠴᠦᠯᠡᠨ ᠰᠠᠶᠢᠲᠤᠷ

ᠡᠷᠬᠢᠯᠡᠵᠦ᠂ ᠰᠠᠭᠤᠷᠢ ᠰᠤᠷᠭᠠᠨ ᠬᠥᠮᠥᠵᠢᠯ ᠤᠨ ᠰᠢᠯᠢᠳᠡᠭ ᠡᠬᠢ ᠪᠠᠶᠠᠯᠢᠭ ᠢ ᠥᠷᠭᠡᠳᠬᠡᠨ ᠨᠡᠮᠡᠭᠳᠡᠭᠦᠯᠵᠦ᠂ ᠠᠵᠢᠯ ᠣᠯᠭᠤᠬᠤ ᠪᠠᠷ ᠤᠳᠤᠷᠢᠳᠤᠮᠵᠢ

ᠪᠣᠯᠭᠠᠬᠤ ᠶᠢ ᠲᠣᠪᠤᠶᠢᠯᠭᠠᠨ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠲᠣᠬᠢᠷᠠᠭᠤᠯᠤᠯᠲᠠ ᠪᠣᠯᠣᠨ ᠰᠤᠷᠭᠠᠭᠤᠯᠢ ᠡᠷᠬᠢᠯᠡᠬᠦ ᠠᠭᠤᠯᠭ᠎ᠠ ᠶᠢ

ᠰᠢᠯᠢᠳᠡᠭᠵᠢᠭᠦᠯᠵᠦ᠂ ᠪᠡᠭᠡᠵᠢᠩ ᠤᠨ ᠬᠦᠴᠦᠨ ᠢ ᠠᠰᠢᠭᠯᠠᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠮ ᠡᠮᠨᠡᠯᠭᠡ ᠶᠢᠨ

ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠡᠮ ᠡᠮᠨᠡᠯᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠡᠮ

ᠡᠮᠨᠡᠯᠭᠡ ᠶᠢᠨ ᠦᠢᠯᠡᠴᠢᠯᠡᠭᠡ ᠶᠢ ᠰᠠᠶᠢᠵᠢᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠲᠠᠴᠠ ᠶᠢ ᠰᠢᠯᠢᠳᠡᠭᠵᠢᠭᠦᠯᠦᠨ᠂ ᠣᠯᠠᠨ ᠲᠦᠮᠡᠨ ᠤ

ᠡᠪᠡᠳᠴᠢᠨ ᠦᠵᠡᠭᠦᠯᠬᠦ ᠳᠤ ᠵᠣᠭᠤᠰ ᠠᠷᠪᠢᠯᠠᠬᠤ ᠮᠥᠷᠲᠡᠭᠡᠨ ᠪᠠᠰᠠ ᠳᠥᠭᠦᠮ ᠪᠠᠶᠢᠬᠤ᠂ ᠣᠷᠣᠨ ᠠᠴᠠ ᠴᠥᠭᠡᠨ ᠭᠠᠷᠬᠤ ᠶᠢ ᠴᠢᠷᠮᠠᠶᠢᠨ ᠪᠡᠶᠡᠯᠡᠭᠦᠯᠬᠦ

ᠬᠡᠷᠡᠭᠲᠡᠢ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ

ᠲᠦᠷᠭᠡᠳᠬᠡᠨ ᠲᠥᠯᠥᠪᠵᠢᠭᠦᠯᠵᠦ ᠬᠥᠭᠵᠢᠭᠦᠯᠦᠨ᠂ ᠵᠠᠬ᠎ᠠ ᠳᠡᠯᠭᠡᠭᠦᠷ ᠤᠨ ᠲᠣᠭᠲᠠᠴᠠ ᠶᠢ ᠠᠰᠢᠭᠯᠠᠨ ᠨᠡᠶᠢᠭᠡᠮ ᠤᠨ ᠬᠥᠷᠥᠩᠭᠡ ᠶᠢᠨ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠨᠡᠩ ᠴᠢᠬᠤᠯᠠᠴᠢᠯᠠᠵᠤ᠂ ᠣᠯᠠᠨ ᠶᠠᠩᠵᠤ ᠶᠢᠨ ᠨᠠᠰᠤᠵᠢᠯ ᠤᠨ

ᠠᠰᠠᠷᠠᠮᠵᠢ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠦᠨᠳᠦᠰᠦᠨ

ᠱᠠᠲᠤᠨ ᠤ ᠪᠠᠶᠢᠳᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠯᠡᠭᠦᠬᠡᠨ ᠲᠤᠰᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ

ᠰᠠᠶᠢᠲᠤᠷ ᠬᠢᠬᠦ ᠳᠤ ᠢᠯᠡᠭᠦᠬᠡᠨ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃

    ᠢᠦᠢ ᠯᠢ ᠰᠢᠨ᠂ ᠴᠢ᠊ ᠪᠠᠲᠤ᠂ ᠪᠣᠣ ᠰᠢᠶᠠᠨ ᠬᠤᠸᠠ᠂ ᠸᠧᠢ ᠭᠥᠸᠧ ᠨᠠᠨ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠣᠷᠣᠯᠴᠠᠪᠠ᠃

  

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ