【 ᠦᠪᠡᠷᠲᠡᠭᠡᠨ ᠵᠠᠰᠠᠬᠤ ᠣᠷᠤᠨ ᠤ ᠬᠤᠶᠠᠷ ᠬᠤᠷᠠᠯ】ᠰᠦᠨ ᠱᠤᠤ ᠴᠧᠩ ᠭᠦᠭᠡᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠣᠷᠣᠨ ᠤ ᠲᠥᠪ ᠤᠨ ᠬᠢᠨ ︽ᠬᠠᠮᠤᠭ ᠤᠨ ᠰᠠᠶᠢᠬᠠᠨ ᠭᠠᠵᠠᠷ︾ ᠤᠨ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 30 ᠤ ᠡᠳᠦᠷ᠂ ᠰᠦᠨ ᠱᠤᠤ ᠴᠧᠩ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠭᠦᠭᠡᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃     

孙绍成 呼市代表团.jpg

     1 ᠰᠠᠷ᠎ᠠ ᠶᠢᠨ 30 ᠤ ᠦᠳᠡ ᠶᠢᠨ ᠬᠤᠶᠢᠨ᠎ᠠ᠂ ᠰᠦᠨ ᠱᠤᠤ ᠴᠧᠩ ᠲᠡᠭᠦᠨ ᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠭᠦᠭᠡᠬᠤᠲᠠ ᠶᠢᠨ ᠲᠥᠯᠥᠭᠡᠯᠡᠭᠴᠢᠳ ᠤᠨ

ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃

      ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ

     

      ᠲᠥᠯᠥᠭᠡᠯᠡᠭᠴᠢᠳ ᠤᠨ ᠪᠦᠯᠭᠦᠮ ᠤᠷᠮ᠎ᠠ ᠰᠡᠳᠬᠢᠯᠭᠡ ᠲᠠᠢ ᠬᠢᠨᠠᠨ ᠵᠥᠪᠯᠡᠵᠦ᠂ ᠮᠠᠰᠢ ᠭᠦᠷ ᠬᠥᠭᠵᠢᠶᠡᠨ ᠲᠠᠢ ᠪᠠᠶᠢᠯ᠎ᠠ᠃ ᠪᠦᠦ ᠭᠠᠩ᠂ ᠵᠠᠩ ᠵᠢᠩ

᠂ ᠯᠢ ᠾᠧᠩ ᠪᠢᠶᠣᠣ᠂ ᠪᠠᠢ ᠶᠠᠨ ᠶᠠᠨ᠂ ᠸᠠᠩ ᠸᠠᠩ ᠱᠧᠩ᠂ ᠶᠢᠨ ᠱᠤ᠋ ᠭᠠᠩ᠂ ᠯᠢ ᠴᠤᠸᠠᠨ ᠢᠦᠢ᠂ ᠶᠠᠨ ᠰᠢᠶᠠᠨ ᠳ᠋ᠦᠩ᠂ ᠾᠧ ᠬᠠᠢ ᠳ᠋ᠦᠩ᠂ ᠦ᠋

ᠢ᠂ ᠮᠠ ᠰᠢᠶᠠᠨ ᠹᠧᠩ ᠨᠠᠷ ᠤᠷᠢᠳ ᠬᠤᠵᠢᠳ ᠦᠭᠡ ᠬᠡᠯᠡᠪᠡ᠃ ᠰᠦᠨ ᠱᠤᠤ ᠴᠧᠩ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠯᠠᠪᠯᠠᠨ

ᠠᠰᠠᠭᠤᠵᠤ᠂ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠪᠠ᠃

     ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ ᠦᠭᠡ ᠬᠡᠯᠡᠪᠡ᠃ ᠲᠡᠷᠡ᠂ ᠸᠠᠩ ᠯᠢ ᠰᠢᠶᠠ ᠨᠥᠬᠦᠷ ᠤᠨ

ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ᠬᠢᠭᠰᠡᠨ ᠠᠵᠢᠯ ᠤᠨ ᠢᠯᠡᠳᠬᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ

ᠡᠨᠡ ᠵᠢᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠢᠯᠡᠷᠡᠭᠦᠯᠦᠭᠰᠡᠨ ᠰᠠᠶᠢᠨ ᠢᠯᠡᠳᠬᠡᠯ ᠪᠣᠯᠵᠠᠢ᠂ ᠪᠢ ᠪᠦᠷᠢᠮᠦᠰᠦᠨ

ᠵᠥᠪᠰᠢᠶᠡᠷᠡᠨ᠎ᠡ ᠭᠡᠵᠦ ᠬᠡᠯᠡᠪᠡ᠃

     ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ᠂ ᠭᠦᠭᠡᠬᠤᠲᠠ ᠮᠠᠰᠢ ᠤᠯᠠᠨ ᠠᠵᠢᠯ ᠢᠶᠠᠨ ᠬᠥᠮᠥᠰ ᠢ ᠭᠠᠶᠢᠬᠠᠲᠠᠯ᠎ᠠ ᠰᠠᠶᠢᠬᠠᠨ ᠬᠢᠵᠦ᠂ ᠦᠷ᠎ᠡ

ᠪᠦᠳᠦᠮᠵᠢ ᠪᠠᠷ ᠦᠯᠡᠮᠵᠢ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠢ ᠣᠶᠢᠷ᠎ᠠ ᠶᠢᠨ ᠠᠷᠪᠠᠨ ᠵᠢᠯ ᠤᠨ ᠲᠤᠷᠰᠢᠬᠢ ᠬᠠᠮᠤᠭ ᠤᠨ ᠰᠠᠶᠢᠨ

ᠲᠦᠪᠰᠢᠨ ᠳᠤ ᠬᠦᠷᠴᠡᠢ᠃ ᠭᠦᠭᠡᠬᠤᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠭᠦᠢᠴᠡᠳ ᠨᠤᠲᠠᠯᠠᠵᠤ ᠪᠠᠶᠢᠨ᠎ᠠ᠃

ᠭᠦᠭᠡᠬᠤᠲᠠ ᠨᠢ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ︽ᠬᠠᠮᠤᠭ ᠤᠨ ᠰᠠᠶᠢᠬᠠᠨ ᠭᠠᠵᠠᠷ︾ ᠤᠨ ᠪᠠᠷᠢᠮᠵᠢᠶ᠎ᠠ ᠶᠢ

ᠪᠠᠷᠢᠮᠲᠠᠯᠠᠵᠤ᠂ ᠡᠯ᠎ᠡ ᠲᠠᠯ᠎ᠠ ᠶᠢᠨ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠠᠶᠢᠩᠭᠤ ᠶᠢᠨ ᠪᠥᠭᠡᠳ

ᠤᠷᠳᠤ ᠬᠤᠭᠤᠴᠠᠭᠠᠨ ᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ

ᠲᠤᠬᠠᠢ ᠳᠤᠨᠢ ᠰᠠᠶᠢᠲᠤᠷ ᠳ᠋ᠦᠩᠨᠡᠵᠦ᠂ ᠲᠡᠭᠦᠨ ᠢ ᠺᠠᠳ᠋ᠷ ᠤᠯᠠᠨ ᠲᠦᠮᠡᠨ ᠤ ᠠᠵᠢᠯ ᠠᠮᠢᠳᠤᠷᠠᠯ ᠳᠤ ᠦᠯᠦ ᠮᠡᠳᠡᠭ ᠢᠶᠠᠷ ᠠᠭᠤᠰᠬᠠᠵᠤ᠂ ᠤᠮᠠᠷᠠᠲᠤ

ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠤᠨ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ

ᠵᠦᠢᠯ ᠢ ᠠᠳᠬᠤᠬᠤ ᠲᠠᠢ ᠠᠳᠠᠯᠢ ᠪᠠᠷ᠂ ᠨᠢᠭᠲᠠ ᠠᠩᠬᠠᠷᠴᠤ ᠰᠤᠯᠠᠷᠠᠭᠤᠯᠤᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠳᠬᠤᠬᠤ ᠬᠡᠷᠡᠭᠲᠡᠢ᠃

ᠭᠤᠷᠪᠠ ᠳᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ ᠣᠷᠣᠨ

ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠵᠤ᠂ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠳᠥᠷᠪᠡ ᠳᠤ

᠂ ᠠᠷᠭ᠎ᠠ ᠪᠦᠭᠦᠨ ᠢ ᠰᠦᠪᠡᠭᠴᠢᠯᠡᠨ ᠬᠥᠮᠥᠨ ᠠᠮᠠ ᠶᠢ ᠨᠡᠮᠡᠭᠳᠡᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ

ᠠᠰᠠᠷᠠᠮᠵᠢ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠨᠠᠩ ᠣᠯᠠᠨ ᠬᠥᠮᠥᠨ ᠠᠮᠠ ᠶᠢ ᠲᠠᠲᠠᠬᠤ ᠪᠠ ᠲᠥᠪᠯᠡᠷᠡᠭᠦᠯᠬᠦ ᠬᠡᠷᠡᠭᠲᠡᠢ᠃ ᠲᠠᠪᠤ ᠳᠤ

᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠬᠢᠵᠦ ᠳᠡᠶᠢᠯᠭᠦ ᠶᠢ ᠨᠢ ᠱᠠᠯᠠᠪᠳᠠᠨ ᠬᠢᠵᠦ᠂

ᠵᠠᠮ ᠬᠠᠷᠢᠯᠴᠠᠭᠠᠨ ᠤ ᠲᠤᠨᠤᠭ ᠲᠥᠬᠦᠭᠡᠷᠦᠮᠵᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ

ᠬᠦᠷᠢᠶᠡᠨ ᠤ ᠨᠢᠭᠡ ᠴᠣᠭᠴᠠᠵᠢᠭᠰᠠᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃

    ᠰᠦᠨ ᠱᠤᠤ ᠴᠧᠩ᠂ ᠡᠨᠡ ᠬᠤᠶᠠᠷ ᠵᠢᠯ ᠳᠤ ᠣᠷᠣᠨ ᠤ ᠲᠥᠪ ᠤᠨ ᠺᠠᠳ᠋ᠷ ᠤᠨ ᠡᠩᠨᠡᠭᠡ ᠶᠢᠨ ᠴᠤᠭ ᠰᠦᠯᠳᠡ ᠢᠯᠡᠳᠲᠡ ᠳᠡᠭᠡᠭᠰᠢᠯᠡᠪᠡ᠂ ᠭᠤᠣᠯ

ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ

ᠠᠰᠠᠭᠤᠳᠠᠯ ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ᠂ ᠥᠷᠭᠡᠨ ᠤᠯᠠᠨ ᠺᠠᠳ᠋ᠷ ᠢ ᠬᠥᠲᠥᠯᠥᠨ ᠳᠠᠭᠠᠭᠤᠯᠵᠤ ᠮᠣᠩᠭᠤᠯ ᠮᠣᠷᠢᠨ ᠤ ᠵᠣᠷᠢᠭ

ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠷᠡᠰ ᠬᠠᠲᠠᠭᠤ ᠵᠣᠷᠢᠭ ᠰᠥᠰᠥ ᠪᠠ ᠡᠷᠴᠢ ᠬᠦᠴᠦᠨ ᠢᠶᠠᠷ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ

ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ