ᠰᠦᠨ ᠱᠤᠤ ᠴᠧᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠠᠮᠤᠭ ᠤᠨ ᠰᠡᠭᠦᠯᠴᠢ ᠶᠢᠨ ᠱᠠᠲᠤᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/2/19
     ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠬᠦ ᠭᠡᠵᠦ ᠪᠤᠶ᠃ 2 ᠰᠠᠷ᠎ᠠ ᠶᠢᠨ 15 ᠤ ᠦᠳᠡ ᠶᠢᠨ ᠬᠤᠶᠢᠨ᠎ᠠ ᠠᠴᠠ 16 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠵᠠᠯᠠᠨ ᠠᠶᠢᠯ ᠬᠤᠲᠠ᠂ ᠬᠠᠶᠢᠯᠠᠷ ᠲᠣᠭᠤᠷᠢᠭ ᠲᠤ ᠬᠦᠷᠴᠦ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠠᠮᠤᠭ ᠤᠨ ᠰᠡᠭᠦᠯᠴᠢ ᠶᠢᠨ ᠱᠠᠲᠤᠨ ᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠪᠡᠯᠡᠳᠬᠡᠯ ᠠᠵᠢᠯ ᠳᠤ ᠣᠷᠣᠯᠴᠠᠬᠰᠠᠨ ᠠᠵᠢᠯᠲᠠᠳ ᠢ ᠡᠷᠭᠢᠨ ᠦᠵᠡᠬᠦ ᠶᠢᠨ ᠬᠠᠮᠲᠤ ᠲᠡᠳᠡᠨᠤᠰ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠣᠯᠴᠠᠵᠠᠢ᠃     

图片新闻2.19.1.jpg

     ᠶᠢᠨ ᠯᠦᠩ ᠱᠠᠨ ᠴᠠᠨᠠᠯᠠᠯᠲᠠ ᠶᠢᠨ ᠲᠠᠯᠠᠪᠠᠢ ᠳᠤ᠂ ᠰᠦᠨ ᠱᠤᠤ ᠴᠧᠩ ᠤᠷᠢᠳ ᠬᠤᠵᠢᠳ ᠴᠠᠨᠠᠯᠠᠯᠲᠠ ᠶᠢᠨ ᠲᠠᠯᠠᠪᠠᠢ᠂ ᠰᠠᠶᠢᠨ ᠲᠤᠷᠠᠴᠤᠳ ᠤᠨ

ᠦᠷᠦᠭᠡ ᠪᠣᠯᠣᠨ ᠠᠮᠤᠷ ᠢ ᠬᠠᠮᠠᠭᠠᠯᠠᠬᠤ᠂ ᠴᠠᠭᠢᠯᠭᠠᠨ ᠬᠦᠴᠦᠨ᠂ ᠴᠠᠭ ᠠᠭᠤᠷ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠬᠦᠷᠴᠦ᠂ ᠲᠠᠯᠠᠪᠤᠷ

ᠣᠷᠳᠣᠨ ᠤ ᠬᠠᠮᠢᠶᠠᠷᠤᠯᠲᠠ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ ᠠᠵᠢᠯᠯᠠᠭᠠᠨ ᠤ ᠲᠣᠬᠢᠷᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ

ᠪᠠᠲᠤᠯᠠᠭ᠎ᠠ᠂ ᠲᠤᠨᠤᠭ ᠲᠥᠬᠦᠭᠡᠷᠦᠮᠵᠢ ᠶᠢᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ

ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠵᠢᠯᠯᠠᠭᠠᠨ ᠢ ᠵᠢᠯᠣᠭᠤᠳᠤᠨ ᠲᠣᠬᠢᠷᠠᠭᠤᠯᠬᠤ ᠲᠥᠪ ᠲᠤ᠂ ᠰᠦᠨ ᠱᠤᠤ ᠴᠧᠩ

ᠸᠢᠳᠢᠤ᠋ ᠪᠠᠷ ᠬᠤᠯᠪᠤᠭ᠎ᠠ ᠠᠪᠬᠤ ᠪᠠᠷ ᠲᠠᠮᠵᠢᠨ ᠡᠯ᠎ᠡ ᠤᠷᠤᠯᠳᠤᠭᠠᠨ ᠤ ᠲᠣᠭᠤᠷᠢᠭ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ

ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠤᠨ ᠠᠵᠢᠯ ᠤᠨ ᠪᠠᠶᠢᠳᠠᠯ ᠳᠤ ᠲᠣᠬᠢᠷᠠᠭᠤᠯᠤᠯᠲᠠ ᠬᠢᠪᠡ᠃ ᠲᠡᠷᠡ ᠭᠦᠷᠦᠭᠰᠡᠨ ᠭᠠᠵᠠᠷ ᠪᠣᠯᠭᠠᠨ ᠳᠤ ᠴᠥᠮ

ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠨᠠᠷᠢᠨ ᠨᠢᠮᠪᠠᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠨᠠᠷᠢᠨ ᠵᠦᠢᠯᠡᠰ ᠤᠨ ᠠᠰᠠᠭᠤᠳᠠᠯ ᠤᠨ ᠲᠤᠬᠠᠢ

ᠪᠠᠶᠢᠨ ᠪᠠᠶᠢᠨ ᠤᠯᠠᠨ ᠲᠠᠢ ᠶᠠᠷᠢᠯᠴᠠᠨ ᠰᠣᠯᠢᠯᠴᠠᠵᠤ ᠪᠠᠶᠢᠯ᠎ᠠ᠃

     ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ᠂ ᠤᠷᠤᠯᠳᠤᠭᠠᠨ

ᠪᠠ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠠᠷᠪᠠᠨ ᠳᠥᠷᠪᠡᠳᠦᠭᠡᠷ

ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠭᠦ ᠪᠣᠯ ᠨᠠᠮ ᠤᠨ ᠲᠥᠪ ᠬᠤᠷᠢᠶ᠎ᠠ ᠠᠴᠠ ᠥᠪᠥᠷ

ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠡᠭᠦᠷᠭᠡ ᠮᠥᠨ᠂ ᠣᠯᠠᠨ ᠢᠶᠠᠷ ᠢᠶᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡᠨᠲᠡ

ᠲᠣᠭᠲᠠᠭᠠᠭᠰᠠᠨ ᠲᠣᠬᠢᠷᠠᠭᠤᠯᠤᠯᠲᠠ ᠶᠣᠰᠣᠭᠠᠷ ᠪᠦᠭᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠨᠢᠭᠡ ᠯᠡ ᠠᠮᠢᠰᠬᠤᠭ᠎ᠠ ᠪᠠᠷ ᠡᠴᠦᠰ ᠤᠨ

ᠢᠯᠠᠯᠲᠠ ᠶᠢ ᠲᠡᠮᠡᠴᠡᠨ ᠣᠯᠵᠤ᠂ ᠪᠦᠭᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ

ᠤᠷᠤᠯᠳᠤᠭᠠᠨ ᠢ ᠳᠡᠯᠭᠡᠨ ᠦᠵᠡᠭᠦᠯᠭᠦ ᠬᠡᠷᠡᠭᠲᠡᠢ᠃ ᠬᠠᠮᠤᠭ ᠤᠨ ᠰᠡᠭᠦᠯᠴᠢ ᠶᠢᠨ ᠵᠠᠩᠭᠢᠯᠠᠭ᠎ᠠ ᠶᠢᠨ ᠦᠶ᠎ᠡ ᠪᠤᠯᠬᠤ ᠲᠤᠲᠤᠮ ᠥᠴᠥᠬᠡᠨ ᠴᠤ ᠬᠥᠩᠭᠡᠨ

ᠬᠠᠭᠤᠳᠠᠮ ᠪᠠᠶᠢᠵᠤ ᠪᠤᠯᠬᠤ ᠦᠭᠡᠢ᠂ ᠡᠯ᠎ᠡ ᠭᠤᠭᠴᠤᠭ᠎ᠠ ᠶᠢ ᠡᠷᠬᠡᠪᠰᠢ ᠵᠠᠪᠰᠠᠷ ᠦᠭᠡᠢ ᠨᠢᠭᠲᠠ ᠵᠣᠯᠭᠠᠭᠤᠯᠵᠤ᠂ ᠡᠯ᠎ᠡ ᠲᠠᠯ᠎ᠠ ᠶᠢᠨ ᠨᠠᠷᠢᠨ ᠵᠦᠢᠯᠡᠰ ᠲᠤ

ᠡᠷᠬᠡᠪᠰᠢ ᠨᠢᠭᠲᠠ ᠠᠴᠠ ᠨᠢᠭᠲᠠ ᠣᠪᠣᠷ ᠢᠶᠠᠷ ᠬᠠᠨᠳᠤᠬᠤ ᠬᠡᠷᠡᠭᠲᠡᠢ᠃ ᠡᠭᠢᠯᠡᠯᠲᠡ ᠶᠢᠨ ᠶᠣᠰᠣᠯᠠᠯ ᠵᠡᠷᠭᠡ ᠴᠢᠬᠤᠯᠠ ᠶᠡᠭᠡ ᠠᠵᠢᠯᠯᠠᠭ᠎ᠠ ᠶᠢ ᠨᠠᠷᠢᠨ ᠨᠢᠮᠪᠠᠢ

ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠪᠠ ᠭᠥᠯᠢᠶᠡᠨ ᠠᠪᠬᠤ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ

ᠰᠠᠶᠢᠲᠤᠷ ᠬᠢᠬᠦ ᠬᠡᠷᠡᠭᠲᠡᠢ᠃ ᠠᠵᠢᠯ ᠢᠶᠠᠨ ᠰᠠᠶᠢᠲᠤᠷ ᠬᠤᠪᠢᠶᠠᠷᠢᠯᠠᠨ ᠪᠣᠭᠤᠮᠲᠠ ᠶᠢ ᠰᠠᠶᠢᠲᠤᠷ ᠰᠠᠬᠢᠵᠤ᠂ ᠲᠤᠰ ᠲᠤᠰ ᠤᠨ ᠬᠠᠷᠢᠭᠤᠴᠠᠯᠭ᠎ᠠ ᠪᠠᠨ

ᠭᠦᠢᠴᠡᠳᠬᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠥᠴᠥᠬᠡᠨ ᠴᠦ ᠰᠤᠯᠠᠷᠠᠭᠤᠯᠤᠯ ᠦᠭᠡᠢ ᠪᠠᠲᠤ ᠰᠠᠬᠢᠬᠤ ᠬᠡᠷᠡᠭᠲᠡᠢ᠃ ᠤᠬᠠᠭᠤᠯᠤᠨ

ᠮᠡᠳᠡᠭᠡᠯᠡᠬᠦ ᠠᠵᠢᠯ ᠢ ᠠᠮᠢᠳᠤᠯᠢᠭ ᠰᠠᠶᠢᠬᠠᠨ ᠬᠢᠵᠦ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠨᠠᠩ ᠣᠯᠠᠨ

ᠵᠢᠭᠤᠯᠴᠢᠯᠠᠭᠴᠢ ᠪᠠ ᠮᠥᠰᠥ ᠴᠠᠰᠤᠨ ᠤ ᠳᠤᠷ᠎ᠠ ᠪᠠᠭ᠋ᠠᠲᠠᠳ ᠤᠨ ᠮᠠᠨ ᠤ ᠣᠷᠣᠨ ᠳᠤ ᠢᠷᠡᠵᠦ ᠤᠷᠤᠯᠳᠤᠭᠠᠨ ᠰᠣᠨᠢᠷᠬᠠᠨ ᠵᠢᠭᠤᠯᠴᠢᠯᠠᠬᠤ ᠶᠢ ᠲᠠᠲᠠᠬᠤ

ᠬᠡᠷᠡᠭᠲᠡᠢ᠃ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠮᠠᠨ ᠤ ᠣᠷᠣᠨ ᠤ ᠲᠠᠮᠢᠷᠴᠢᠳ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠪᠡᠯᠡᠳᠬᠡᠨ

ᠤᠷᠤᠯᠳᠤᠭᠠᠨ ᠳᠤ ᠣᠷᠣᠯᠴᠠᠭᠤᠯᠵᠤ᠂ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠤᠷᠤᠯᠳᠤᠭᠠᠨ ᠤ ᠳᠠᠷᠠᠭᠠᠬᠢ ᠠᠵᠢᠯ ᠢ

ᠤᠷᠢᠳᠴᠢᠯᠠᠨ ᠲᠥᠯᠥᠪᠵᠢᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ

ᠲᠠᠯᠠᠪᠤᠷ ᠣᠷᠳᠣᠨ ᠤ ᠲᠤᠨᠤᠭ ᠲᠥᠬᠦᠭᠡᠷᠦᠮᠵᠢ ᠪᠣᠯᠣᠨ ᠨᠥᠯᠥᠭᠡᠯᠡᠬᠦ ᠬᠦᠴᠦᠨ ᠢ ᠨᠠᠩ ᠰᠠᠶᠢᠲᠤᠷ ᠠᠰᠢᠭᠯᠠᠨ ᠮᠠᠨ ᠤ ᠣᠷᠣᠨ ᠤ ᠮᠥᠰᠥ ᠴᠠᠰᠤᠨ ᠤ ᠠᠵᠤ

ᠦᠢᠯᠡᠰ ᠢ ᠬᠥᠭᠵᠢᠭᠦᠯᠬᠦ ᠬᠡᠷᠡᠭᠲᠡᠢ ᠭᠡᠵᠡᠢ᠃

    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠣᠣ ᠶᠦᠩ ᠪᠦᠸᠧ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ

ᠣᠷᠣᠯᠴᠠᠵᠠᠢ᠃

   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ