ᠰᠦᠨ ᠱᠣᠣ ᠴᠧᠩ ᠠᠵᠤ ᠦᠢᠯᠡᠰ ᠤᠨ ᠬᠥᠭᠵᠢᠯᠲᠡ ᠪᠣᠯᠣᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/19
     ᠣᠶᠢᠷ᠎ᠠ ᠳᠤ᠂ ᠰᠦᠨ ᠱᠣᠣ ᠴᠧᠩ ᠬᠥᠯᠥᠨ ᠪᠤᠶᠢᠷ ᠬᠤᠲᠠ ᠳᠤ ᠠᠵᠤ ᠦᠢᠯᠡᠰ ᠤᠨ ᠬᠥᠭᠵᠢᠯᠲᠡ ᠪᠣᠯᠣᠨ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃     ᠰᠦᠨ ᠱᠣᠣ ᠴᠧᠩ ᠤᠯᠤᠰ ᠤᠨ ᠥᠮᠴᠢᠯᠡᠯ ᠤᠨ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠮᠠᠰᠢ ᠬᠠᠯᠠᠮᠵᠢᠯᠠᠵᠤ ᠪᠠᠶᠢᠪᠠ᠂ ᠲᠡᠷᠡ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠰᠢᠩ ᠾᠧ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠨᠢ ᠠᠵᠤ ᠠᠬᠤᠶᠢᠯᠠᠯ ᠤᠨ ᠬᠥᠭᠵᠢᠯᠲᠡ ᠳᠤ ᠲᠦᠢᠯ ᠤᠨ ᠴᠢᠬᠤᠯᠠ ᠶᠤᠮ᠂ ᠡᠨᠡ ᠲᠠᠯ᠎ᠠ ᠪᠠᠷ ᠵᠠᠪᠠᠯ ᠭᠦᠨᠵᠡᠭᠡᠢ ᠰᠤᠳᠤᠯᠵᠤ᠂ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠪᠠᠷ ᠳᠠᠮᠵᠢᠭᠤᠯᠤᠨ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠨᠡᠩ ᠴᠢᠬᠤᠯᠠᠴᠢᠯᠠᠵᠤ᠂ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢ ᠠᠬᠢᠭᠤᠯᠵᠤ᠂ ᠮᠧᠬᠠᠨᠢᠭᠵᠢᠭᠤᠯᠤᠨ ᠠᠵᠢᠯᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠲᠠᠷ ᠬᠠᠭᠠᠯᠪᠤᠷᠢᠯᠠᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠵᠢᠯᠲᠠᠨ ᠠᠵᠢᠯᠴᠢᠨ ᠤ ᠢᠳᠡᠪᠬᠢᠵᠢᠯ ᠢ ᠰᠠᠶᠢᠲᠤᠷ ᠳᠠᠶᠢᠴᠢᠯᠠᠵᠤ᠂ ᠠᠷᠭ᠎ᠠ ᠪᠥᠬᠦᠨ ᠢ ᠰᠦᠪᠡᠭᠴᠢᠯᠡᠨ ᠠᠵᠤ ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ᠵᠠᠯᠠᠨ ᠠᠶᠢᠯ ᠤᠨ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠳᠤ᠂ ᠰᠦᠨ ᠱᠣᠣ ᠴᠧᠩ ᠲᠤᠬᠠᠢ ᠶᠢᠨ ᠭᠠᠵᠠᠷ ᠤᠨ ᠬᠢᠨ ᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠠᠷᠠᠳ ᠣᠯᠠᠨ ᠢ ᠬᠢᠬᠦ ᠠᠵᠢᠯ ᠲᠠᠢ ᠪᠣᠯᠭᠠᠵᠤ᠂ ᠵᠣᠭᠤᠰ ᠣᠯᠬᠤ ᠠᠷᠭ᠎ᠠ ᠵᠠᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ ᠪᠥᠸᠧ ᠱᠢ ᠮᠠᠰᠢᠨ ᠲᠡᠷᠭᠡᠨ ᠤ ᠰᠢᠯᠭᠠᠨ ᠲᠤᠷᠰᠢᠬᠤ ᠮᠡᠷᠭᠡᠵᠢᠯ ᠤᠨ ᠲᠥᠪ ᠪᠣᠯᠣᠨ ᠹᠧᠩ ᠬᠤᠸᠠᠩ ᠱᠠᠨ ᠠᠭᠤᠯᠠᠨ ᠤ ᠪᠢᠨᠳᠡᠷᠠᠶ᠎ᠠ ᠠᠭᠤᠳᠠᠮ ᠲᠠᠯᠠᠪᠠᠢ ᠳᠤ ᠬᠦᠷᠴᠦ ᠰᠢᠨᠵᠢᠯᠡᠨ ᠪᠠᠶᠢᠴᠠᠭᠠᠵᠤ᠂ ᠬᠥᠯᠥᠨ ᠪᠤᠶᠢᠷ ᠮᠥᠰᠥ ᠴᠠᠰᠤᠨ ᠤ ᠡᠬᠢ ᠪᠠᠶᠠᠯᠢᠭ ᠢᠶᠠᠷ ᠡᠯᠪᠡᠭ ᠶᠤᠮ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠠᠶᠢᠴᠢᠯᠠᠬᠤ ᠬᠦᠴᠦᠨ ᠳᠤ ᠲᠦᠰᠢᠭᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠵᠢᠭᠤᠯᠴᠢᠯᠠᠯ ᠢ ᠬᠥᠷ ᠬᠥᠭᠵᠢᠶᠡᠨ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  

图片新闻2.19.2.jpg

      2 ᠰᠠᠷ᠎ᠠ ᠶᠢᠨ 16 ᠤ ᠡᠳᠦᠷ᠂ ᠰᠦᠨ ᠱᠣᠣ ᠴᠧᠩ ᠵᠠᠯᠠᠨ ᠠᠶᠢᠯ ᠬᠤᠲᠠ ᠶᠢᠨ ᠢᠯᠴᠢ ᠬᠠᠩᠭᠠᠬᠤ ᠺᠣᠮᠫᠠᠨᠢ ᠳᠤ ᠢᠯᠴᠢ ᠬᠠᠩᠭᠠᠬᠤ ᠪᠠᠲᠤᠯᠠᠭ᠎ᠠ

ᠪᠠ ᠳᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠵᠤ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ᠃

      ᠰᠤᠷᠪᠤᠯᠵᠢᠯᠠᠭᠴᠢ ᠮᠠ ᠵᠢᠶᠠᠨ ᠴᠢᠤᠸᠠᠨ ᠰᠡᠭᠦᠳᠡᠷᠯᠡᠪᠡ᠃

      ᠠᠷᠣᠨ ᠬᠤᠰᠢᠭᠤ ᠪᠣᠯᠣᠨ ᠶᠠᠭᠰᠢ ᠬᠤᠲᠠ ᠳᠤ᠂ ᠰᠦᠨ ᠱᠣᠣ ᠴᠧᠩ ᠨᠠᠮ ᠤᠨ ᠭᠡᠰᠢᠭᠦᠨ ᠪᠣᠯᠣᠨ ᠣᠯᠠᠨ ᠲᠦᠮᠡᠨ ᠤ ᠦᠢᠯᠡᠴᠢᠯᠡᠭᠡᠨ ᠤ

ᠲᠥᠪ ᠲᠤ ᠬᠦᠷᠴᠦ᠂ ᠵᠢᠵᠢᠭᠦᠷᠯᠡᠵᠦ ᠪᠠᠶᠢᠭᠰᠠᠨ ᠺᠠᠳ᠋ᠷ ᠲᠠᠢ ᠭᠦᠨᠵᠡᠭᠡᠢ ᠶᠠᠷᠢᠯᠴᠠᠵᠤ ᠰᠣᠯᠢᠯᠴᠠᠪᠠ᠃ ᠲᠡᠷᠡ᠂ ᠨᠡᠶᠢᠭᠡᠮ ᠤᠨ ᠵᠠᠰᠠᠯᠲᠠ ᠶᠢᠨ

ᠭᠤᠣᠯᠳᠠᠯᠭ᠎ᠠ ᠨᠢ ᠦᠨᠳᠦᠰᠦᠨ ᠱᠠᠲᠤᠨ ᠳᠤ ᠪᠣᠢ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠲᠤᠰᠢᠶᠠᠯ

ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠴᠢᠨᠠᠭᠰᠢᠳᠠ ᠰᠢᠯᠢᠳᠡᠭᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠨᠡᠶᠢᠳᠬᠡᠨ ᠬᠠᠮᠲᠤ ᠪᠠᠷ ᠡᠳ᠋ᠯᠡᠬᠦ ᠶᠢ

ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠰᠢᠯᠢᠳᠡᠭᠵᠢᠭᠦᠯᠦᠨ

ᠴᠣᠮᠬᠠᠳᠬᠠᠭᠰᠠᠨ ᠥᠨᠳᠥᠷ ᠪᠦᠲᠦᠮᠵᠢᠲᠡᠢ᠂ ᠠᠷᠠᠳ ᠲᠤ ᠳᠥᠭᠦᠮ ᠦᠵᠡᠭᠦᠯᠬᠦ ᠠᠷᠠᠳ ᠤᠨ ᠲᠥᠯᠥᠭᠡ ᠵᠢᠳᠬᠦᠬᠦ ᠤᠳᠤᠷᠢᠳᠤᠮᠵᠢ ᠶᠢ ᠳᠣᠪᠤᠶᠢᠯᠭᠠᠨ᠂

ᠣᠯᠠᠨ ᠲᠦᠮᠡᠨ ᠳᠤ ᠬᠦᠷᠢᠶᠡᠯᠡᠭᠳᠡᠬᠦ ᠠᠵᠢᠯ ᠢ ᠢᠯᠡᠭᠦᠬᠡᠨ ᠬᠢᠵᠦ᠂ ᠣᠯᠠᠨ ᠲᠦᠮᠡᠨ ᠢ ᠬᠠᠷᠰᠢᠯᠠᠨ ᠲᠦᠢᠪᠡᠭᠡᠬᠦ ᠶᠠᠪᠤᠳᠠᠯ ᠢ ᠴᠥᠭᠡᠨ ᠬᠢᠵᠦ᠂ ᠬᠡᠯᠪᠡᠷᠢᠴᠢ

ᠦᠵᠡᠯ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃

     ᠵᠠᠯᠠᠨ ᠠᠶᠢᠯ ᠬᠤᠲᠠ ᠶᠢᠨ ᠢᠯᠴᠢ ᠬᠠᠩᠭᠠᠬᠤ ᠺᠣᠮᠫᠠᠨᠢ ᠳᠤ ᠰᠢᠨᠵᠢᠯᠡᠨ ᠪᠠᠶᠢᠴᠠᠭᠠᠬᠤ ᠳᠠᠭᠠᠨ᠂ ᠰᠦᠨ ᠱᠣᠣ ᠴᠧᠩ᠂ ᠢᠯᠴᠢ ᠬᠠᠩᠭᠠᠬᠤ ᠪᠣᠯ

ᠦᠨᠳᠦᠰᠦᠨ ᠠᠷᠠᠳ ᠤᠨ ᠠᠮᠢᠳᠤᠷᠠᠯ ᠮᠥᠨ᠂ ᠳᠤᠯᠠᠭᠠᠯᠠᠭ᠎ᠠ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠢᠯᠴᠢ

ᠬᠠᠩᠭᠠᠬᠤ ᠠᠵᠢᠯᠯᠠᠭ᠎ᠠ ᠪᠠ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ

ᠶᠣᠰᠣᠭᠠᠷ ᠢᠯᠴᠢ ᠬᠠᠩᠭᠠᠬᠤ ᠵᠡᠷᠭᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠢᠯᠴᠢ ᠶᠢ ᠭᠦᠢᠴᠡᠳ ᠬᠠᠩᠭᠠᠵᠤ ᠰᠠᠶᠢᠲᠤᠷ ᠬᠠᠩᠭᠠᠬᠤ ᠮᠥᠷᠲᠡᠭᠡᠨ

ᠪᠠᠰᠠ ᠬᠡᠷᠡᠭᠯᠡᠭᠴᠢᠳ ᠤᠨ ᠭᠡᠷ ᠤᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠰᠠᠶᠢᠲᠤᠷ ᠲᠡᠩᠴᠡᠭᠦᠷᠢᠰᠢᠭᠦᠯᠵᠦ᠂ ᠢᠯᠴᠢ ᠬᠠᠩᠭᠠᠬᠤ ᠦᠷ᠎ᠡ ᠪᠦᠲᠦᠮᠵᠢ ᠶᠢ

ᠳᠡᠭᠡᠭᠰᠢᠯᠡᠭᠦᠯᠬᠦ ᠬᠡᠷᠡᠭᠲᠡᠢ᠃ ᠢᠯᠴᠢ ᠬᠠᠩᠭᠠᠬᠤ ᠦᠨ᠎ᠡ ᠬᠠᠩᠰᠢ ᠶᠢ ᠲᠣᠭᠲᠠᠭᠠᠬᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠢᠯᠴᠢ

ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡ ᠪᠠ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃

     2 ᠰᠠᠷ᠎ᠠ ᠶᠢᠨ 16 ᠠᠴᠠ 18 ᠤ ᠡᠳᠦᠷ ᠪᠣᠯᠲᠠᠯ᠎ᠠ᠂ ᠰᠦᠨ ᠱᠣᠣ ᠴᠧᠩ ᠪᠠᠰᠠ ᠳᠤᠮᠳᠠᠳᠤ ᠤᠯᠤᠰ ᠤᠨ ᠳᠣᠷᠣᠨᠠᠲᠤ ᠶᠢᠨ ᠲᠡᠮᠦᠷ ᠵᠠᠮ ᠤᠨ

ᠮᠦᠽᠸᠢ᠂ ᠡᠸᠡᠩᠬᠢ ᠮᠦᠽᠧᠢ ᠳᠤ ᠬᠦᠷᠴᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠥᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠠᠷᠠᠳ ᠤᠨ ᠵᠠᠩ

ᠦᠢᠯᠡᠰ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠣᠢ ᠰᠢᠭᠤᠢ ᠶᠢᠨ ᠠᠵᠢᠯᠲᠠᠨ ᠠᠵᠢᠯᠴᠢᠨ ᠪᠣᠯᠣᠨ

ᠡᠸᠡᠩᠬᠢ ᠦᠨᠳᠦᠰᠦᠲᠡᠨ ᠤ ᠮᠠᠯᠴᠢᠳ ᠤᠨ ᠭᠡᠷ ᠲᠤ ᠬᠦᠷᠴᠦ ᠡᠷᠭᠢᠨ ᠦᠵᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃

     ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

    

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ