【 ᠦᠪᠡᠷᠲᠡᠭᠡᠨ ᠵᠠᠰᠠᠬᠤ ᠣᠷᠤᠨ ᠤ ᠬᠤᠶᠠᠷ ᠬᠤᠷᠠᠯ】ᠸᠠᠩ ᠯᠢ ᠰᠢᠶᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠬᠤ ᠳᠠᠭᠠᠨ ᠬᠡᠯᠡᠭᠰᠡᠨ ᠨᠢ ᠬᠠᠷᠠᠬᠠᠨ ᠬᠥᠭᠵᠢᠭᠡᠳᠦᠢ ᠣᠷᠣᠨ ᠨᠡᠩ ᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠱᠠᠯᠠᠮᠠᠭᠠᠶᠢᠯᠠᠨ ᠤᠷᠤᠭᠰᠢᠯᠠᠵᠤ ᠬᠦᠴᠦᠯᠡᠨ ᠨᠡᠬᠡᠬᠦ ᠬᠡᠷᠡᠭᠲᠡᠢ
ᠨᠡᠶᠢᠲᠡᠯᠡᠭᠰᠡᠨ ᠴᠠᠭ᠄
2024/2/2
     1 ᠳ᠋ᠦ᠋ᠭᠡᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠢᠴᠢ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠪᠠ ᠵᠠᠯᠠᠭᠤᠴᠤᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ ᠶᠠᠷᠢᠯᠴᠠᠭ᠎ᠠ ᠶᠢᠨ ᠠᠬᠤᠢ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠢᠳᠡᠪᠬᠢᠲᠡᠢ ᠪᠠᠷ ᠦᠭᠡ ᠬᠡᠯᠡᠵᠡᠭᠡᠵᠦ᠂ ᠦ᠋ ᠶᠠᠨ ᠫᠢᠩ᠂ ᠵᠧᠩ ᠵᠢᠶᠠᠨ ᠬᠤᠩ ᠵᠡᠷᠭᠡ 9 ᠭᠡᠰᠢᠭᠦᠨ ᠶᠠᠷᠢᠶ᠎ᠠ ᠬᠡᠯᠡᠵᠦ᠂ ᠸᠠᠩ ᠯᠢ ᠰᠢᠶᠠ ᠭᠡᠰᠢᠭᠦᠳ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠤᠯᠠᠨ ᠤ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠬᠡᠨ ᠠᠪᠴᠤ᠂ ᠵᠠᠰᠠᠭ ᠤᠨ ᠣᠷᠳᠣᠨ ᠤ ᠠᠵᠢᠯ ᠤᠨ ᠳᠤᠮᠳᠠ ᠪᠠᠨ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃     

2.2.1.1.jpg

     ᠸᠠᠩ ᠯᠢ ᠰᠢᠶᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠪᠣᠯᠣᠨ ᠭᠡᠰᠢᠭᠦᠳ

ᠢᠳᠡᠪᠬᠢᠲᠡᠢ ᠪᠠᠷ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠵᠦ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ

ᠭᠠᠷᠭᠠᠵᠤ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ

ᠲᠣᠭᠲᠠᠪᠠ᠂ ᠪᠢᠳᠡ ︽ᠬᠠᠷᠠᠬᠠᠨ ᠬᠥᠭᠵᠢᠭᠡᠳᠦᠢ ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠬᠤ︾

ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠱᠠᠯᠠᠮᠠᠭᠠᠶᠢᠯᠠᠨ

ᠤᠷᠤᠭᠰᠢᠯᠠᠵᠤ ᠬᠦᠴᠦᠯᠡᠨ ᠨᠡᠬᠡᠬᠦ ᠬᠡᠷᠡᠭᠲᠡᠢ᠃ ᠣᠷᠣᠭᠤᠯᠤᠯᠲᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠲᠦᠷᠦᠭᠦᠯᠡᠨ ᠦᠨᠡᠨ ᠪᠣᠳᠠᠲᠠᠢ ᠪᠡᠯᠡ

ᠮᠥᠩᠭᠦ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ᠂

ᠠᠵᠤ ᠠᠬᠤᠶᠢᠯᠠᠯ᠂ ᠨᠡᠶᠢᠭᠡᠮ ᠤᠨ ᠤᠯᠠᠨ ᠡᠰᠢᠲᠦ ᠣᠷᠣᠭᠤᠯᠤᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃

ᠰᠢᠨ᠎ᠡ ᠶᠢ ᠡᠭᠦᠳᠬᠦ ︽ᠪᠤᠤᠬᠢᠶ᠎ᠠ ᠤᠷᠤᠯᠳᠤᠭᠠᠨ︾ ᠢ ᠰᠠᠶᠢᠲᠤᠷ ᠬᠢᠵᠦ᠂ ᠰᠤᠳᠤᠯᠬᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠬᠡᠷᠡᠭᠯᠡᠬᠦ ᠵᠡᠷᠭᠡ ᠪᠦᠬᠦ

ᠭᠤᠭᠴᠤᠭ᠎ᠠ ᠳᠤ ᠪᠤᠤᠬᠢᠶ᠎ᠠ ᠵᠠᠯᠭᠠᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠪᠡᠯᠡ ᠮᠥᠩᠭᠦ ᠶᠢ ᠨᠢᠭᠡ ᠴᠣᠭᠴᠠᠵᠢᠭᠤᠯᠬᠤ ᠶᠢ

ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠤᠬᠠᠮᠰᠠᠷ ᠢ ᠴᠢᠩᠭᠠᠷᠠᠭᠤᠯᠵᠤ᠂ ᠰᠢᠨ᠎ᠡ ᠶᠢ

ᠡᠭᠦᠳᠬᠦ ᠬᠦᠰᠡᠯ ᠡᠷᠡᠮᠡᠯᠵᠡᠯ ᠢ ᠨᠢ ᠴᠢᠩᠭᠠᠷᠠᠭᠤᠯᠤᠨ᠂ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠲᠣᠭᠲᠠᠴᠠ ᠶᠢ ᠪᠦᠷᠢᠨᠰᠢᠭᠦᠯᠵᠦ᠂ ᠱᠠᠩᠨᠠᠨ

ᠬᠥᠬᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠨ ᠬᠥᠭᠵᠢᠭᠦᠯᠵᠦ ᠪᠣᠭᠤᠮᠲᠠ ᠰᠢᠪᠲᠤᠯᠬᠤ ᠶᠢ ᠳᠡᠮᠵᠢᠬᠦ ᠬᠡᠷᠡᠭᠲᠡᠢ᠃

ᠲᠠᠪᠴᠠᠩ ᠢ ᠰᠠᠶᠢᠲᠤᠷ ᠪᠠᠶᠢᠭᠤᠯᠵᠤ᠂ ︽ᠤᠯᠤᠰ ᠤᠨ ᠠᠩᠭᠢ︾᠂ ︽ᠣᠷᠣᠨ ᠨᠤᠲᠤᠭ ᠤᠨ ᠠᠩᠭᠢ︾ ᠨᠢ ᠴᠥᠮ ᠦᠨᠡᠨ ᠪᠣᠳᠠᠲᠠᠢ ᠪᠠᠷ ᠠᠮᠵᠢᠯᠲᠠ

ᠪᠦᠲᠦᠮᠵᠢ ᠭᠠᠷᠭᠠᠵᠤ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠨᠢ ︽ᠴᠤᠭᠯᠠᠷᠠᠭᠤᠯᠬᠤ︾

ᠦᠢᠯᠡᠳᠦᠯ ᠢᠶᠠᠨ ᠪᠠᠳᠠᠷᠠᠭᠤᠯᠵᠤ᠂ ︽ᠬᠤᠷᠠᠮᠳᠤᠵᠤ ᠶᠡᠭᠡ ᠡᠨᠧᠷᠭᠢ ᠶᠢ ᠡᠭᠦᠰᠬᠡᠬᠦ︾ ᠨᠥᠯᠥᠭᠡ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ

ᠴᠤᠭᠯᠠᠷᠠᠭᠤᠯᠤᠨ ᠴᠢᠳᠠᠪᠤᠷᠢᠲᠠᠨ ᠢ ᠬᠡᠷᠡᠭᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢᠲᠠᠨ ᠪᠠ ᠡᠮᠡᠭᠲᠡᠶᠢᠴᠦᠳ᠂ ᠵᠠᠯᠠᠭᠤᠴᠤᠳ ᠤᠨ ᠳᠠᠭᠠᠭᠤᠯᠤᠭᠴᠢ ᠶᠢ

ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠨᠡᠩ ᠤᠯᠠᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠪᠠ ᠭᠠᠵᠠᠷ ᠣᠷᠣᠨ ᠠᠯᠤᠰᠯᠠᠭᠰᠠᠨ ᠴᠢᠳᠠᠪᠤᠷᠢᠲᠠᠨ ᠤ ᠥᠨᠳᠦᠷᠯᠢᠭ ᠢ ᠴᠣᠭᠴᠠᠯᠠᠬᠤ ᠬᠡᠷᠡᠭᠲᠡᠢ᠃ ᠰᠣᠯᠢᠯᠴᠠᠭ᠎ᠠ ᠶᠢ ᠴᠢᠬᠤᠯᠠᠴᠢᠯᠠᠨ

ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ

ᠨᠥᠬᠦᠪᠦᠷᠢᠯᠡᠵᠦ᠂ ᠬᠤᠯᠪᠣᠭᠠᠨ ᠤ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠨᠴᠠᠭᠠᠶᠢᠯᠠᠨ ᠪᠡᠭᠡᠵᠢᠩ ᠲᠢᠶᠠᠨᠵᠢᠨ ᠾᠧᠪᠧᠢ ᠲᠠᠢ ᠣᠶᠢᠷ᠎ᠠ

ᠪᠠᠶᠢᠭ᠎ᠠ ᠳᠠᠪᠠᠭᠤᠯᠢᠭ ᠢ ᠰᠠᠶᠢᠲᠤᠷ ᠠᠰᠢᠭᠯᠠᠵᠤ᠂ ᠮᠠᠨ ᠤ ᠣᠷᠣᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃

    ᠸᠠᠩ ᠯᠢ ᠰᠢᠶᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠴᠤ᠂ ᠢᠯᠡᠭᠦᠬᠡᠨ

ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠂ ᠵᠠᠰᠠᠭ ᠤᠨ ᠣᠷᠳᠣᠨ ᠠᠴᠠ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠲᠦᠷᠦ ᠶᠢᠨ ᠵᠥᠪᠯᠡᠯᠭᠡᠨ

ᠪᠣᠯᠣᠨ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠳᠡᠮᠵᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ

ᠮᠣᠩᠭᠤᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ ᠬᠡᠯᠡᠪᠡ᠃

    ᠪᠠᠢ ᠴᠢᠩ ᠶᠤᠸᠠᠨ᠂ ᠯᠥᠸᠧ ᡁᠢ ᠬᠤ᠋᠂ ᠠᠨ ᠷᠦᠨ ᠱᠧᠩ᠂ ᠰᠦᠨ ᠵᠢᠶᠦ᠋ᠨ ᠴᠢᠩ ᠶᠠᠷᠢᠯᠴᠠᠭ᠎ᠠ ᠳᠤ ᠣᠷᠣᠯᠴᠠᠵᠠᠢ᠃

   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ