ᠪᠤᠭᠤᠳᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠮᠠᠨ ᠤ ᠬᠤᠰᠢᠭᠤᠨ ᠤ ᠪᠠᠷᠠᠭᠤᠨ ᠥᠷᠲᠡᠭᠡᠨ ᠤ 10kv ᠴᠠᠬᠢᠯᠭᠠᠨ ᠲᠣᠬᠢᠷᠠᠭᠤᠯᠬᠤ ᠰᠠᠯᠪᠤᠷᠢ ᠠᠮᠵᠢᠯᠲᠠ ᠲᠠᠢ ᠪᠠᠷ ᠴᠠᠬᠢᠯᠭᠠᠨ ᠬᠦᠷᠭᠡᠪᠡ
ᠨᠡᠶᠢᠲᠡᠯᠡᠭᠰᠡᠨ ᠴᠠᠭ᠄
2024/2/23
     ᠪᠤᠭᠤᠳᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠥᠬᠦ ᠱᠤᠭᠤᠮ ᠤᠨ ᠠᠩᠬᠠᠳᠠᠭᠴᠢ ᠴᠠᠬᠢᠯᠭᠠᠨ ᠲᠣᠬᠢᠷᠠᠭᠤᠯᠬᠤ ᠰᠠᠯᠪᠤᠷᠢ ᠠᠮᠵᠢᠯᠲᠠ  ᠲᠠᠢ ᠪᠠᠷ ᠴᠠᠬᠢᠯᠭᠠᠨ ᠬᠦᠷᠭᠡᠵᠦ᠂ ᠥᠷᠲᠡᠭᠡᠨ ᠤ ᠠᠷᠤ ᠶᠢᠨ 《ᠳᠥᠷᠪᠡᠨ ᠴᠠᠬᠢᠯᠭᠠᠨ︾  ᠢᠨᠵᠧᠨᠧᠷᠢᠩ ᠢ ᠤᠯᠠᠮ ᠨᠢᠭᠡ ᠠᠯᠬᠤᠮ ᠠᠬᠢᠭᠤᠯᠵᠤ᠂᠂ ᠪᠥᠬᠦ ᠱᠤᠭᠤᠮ ᠤᠨ ᠬᠤᠯᠪᠣᠭᠠᠯᠠᠨ  ᠲᠣᠬᠢᠷᠠᠭᠤᠯᠵᠤ ᠲᠤᠷᠰᠢᠬᠤ ᠳᠤ ᠰᠠᠭᠤᠷᠢ ᠲᠠᠯᠪᠢᠵᠤ ᠥᠭᠴᠡᠢ᠃     ᠮᠠᠨ ᠤ ᠬᠤᠰᠢᠭᠤᠨ ᠤ ᠪᠠᠷᠠᠭᠤᠨ ᠥᠷᠲᠡᠭᠡᠨ ᠤ 10kv ᠴᠠᠬᠢᠯᠭᠠᠨ ᠲᠣᠬᠢᠷᠠᠭᠤᠯᠬᠤ ᠰᠡᠯᠪᠤᠷᠢ ᠶᠢᠨ ᠥᠨᠳᠥᠷ ᠳᠠᠷᠤᠯᠲᠠ ᠶᠢᠨ ᠳᠠᠰᠤᠭ ᠲᠤ ᠵᠢᠵᠢᠭᠦᠷᠯᠡᠭᠴᠢ ᠶᠠᠭ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠬᠢᠵᠦ᠂ ᠳᠦᠭᠦᠭᠡᠷᠦᠮᠵᠢ ᠶᠢᠨ ᠨᠡᠭᠡᠭᠡᠯᠲᠡ  ᠬᠠᠭᠠᠯᠲᠠ ᠦᠰᠦᠷᠦᠭᠰᠡᠨ ᠦᠵᠡᠭᠳᠡᠯ ᠪᠠᠶᠢᠬᠤ ᠡᠰᠡᠬᠦ᠂ ᠬᠡᠪ ᠤᠨ ᠪᠤᠰᠤ ᠲᠠᠭᠤ ᠴᠢᠮᠡᠭᠡ ᠪᠠᠶᠢᠬᠤ ᠡᠰᠡᠬᠦ ᠶᠢ ᠪᠠᠶᠢᠴᠠᠭᠠᠵᠤ᠂ ᠳᠦᠭᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠴᠠᠭ  ᠲᠣᠬᠠᠢ  ᠳᠤᠨᠢ ᠡᠵᠡᠮᠰᠢᠵᠦ ᠪᠠᠶᠢᠯ᠎ᠠ᠃     ᠴᠠᠬᠢᠯᠭᠠᠨ ᠲᠣᠬᠢᠷᠠᠭᠤᠯᠬᠤ ᠰᠠᠯᠪᠤᠷᠢ ᠪᠣᠯ ᠣᠷᠣᠨ ᠨᠤᠲᠤᠭ ᠤᠨ ᠴᠠᠬᠢᠯᠭᠠᠨ ᠳᠣᠣᠷ ᠪᠠ ᠲᠦᠷᠭᠡᠨ ᠤ ᠲᠡᠮᠦᠷ ᠵᠠᠮ ᠤᠨ ᠴᠠᠬᠢᠯᠭᠠᠨ ᠬᠡᠷᠡᠭᠯᠡᠬᠦ 《ᠬᠤᠯᠪᠣᠭᠠᠰᠤ 》 ᠪᠣᠯᠣᠨ᠎ᠠ᠂ ᠮᠠᠨ ᠤ ᠬᠤᠰᠢᠭᠤᠨ ᠤ ᠪᠠᠷᠠᠭᠤᠨ ᠥᠷᠲᠡᠭᠡᠨ ᠤ 10kv ᠴᠠᠬᠢᠯᠭᠠᠨ ᠲᠣᠬᠢᠷᠠᠭᠤᠯᠬᠤ ᠰᠠᠯᠪᠤᠷᠢ ᠨᠢ ᠪᠣᠭᠤᠳᠤ ᠠᠴᠠ ᠢᠷᠭᠠᠢ  ᠬᠦᠷᠬᠦ ᠲᠦᠷᠭᠡᠨ ᠤ ᠲᠡᠮᠦᠷ ᠵᠠᠮ ᠤᠨ  ᠪᠠᠶᠠᠨᠨᠠᠭᠤᠷ ᠬᠤᠲᠠ ᠶᠢᠨ  ᠪᠠᠶᠠᠨᠬᠤᠸᠠ ᠠᠴᠠ ᠥᠶᠦᠲᠡᠨ ᠬᠦᠷᠬᠦ ᠬᠡᠰᠡᠭ ᠤᠨ ᠴᠢᠮᠡᠭᠡ ᠬᠤᠯᠪᠣᠭ᠎ᠠ᠂ ᠳᠣᠬᠢᠶ᠎ᠠ᠂ ᠭᠠᠮᠰᠢᠭ ᠢ ᠰᠡᠷᠭᠡᠶᠢᠯᠡᠬᠦ ᠵᠢᠴᠢ ᠵᠠᠮ ᠲᠠᠭᠠᠤ ᠶᠢᠨ ᠲᠡᠷᠭᠡᠨ ᠥᠷᠲᠡᠭᠡᠨ ᠤ  ᠬᠦᠳᠡᠯᠭᠡᠬᠦ ᠬᠦᠴᠦᠨ ᠤ ᠬᠡᠷᠡᠯᠳᠦᠭᠦᠯᠭᠡ ᠵᠡᠷᠭᠡ  ᠢᠵᠢ ᠪᠦᠷᠢᠲᠦᠭᠰᠡᠨ ᠳᠦᠭᠦᠭᠡᠷᠦᠮᠵᠢ᠂ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠴᠠᠬᠢᠯᠭᠠᠨ ᠬᠠᠩᠭᠠᠬᠤ ᠡᠭᠦᠷᠭᠡ ᠶᠢ ᠡᠭᠦᠷᠭᠡᠯᠡᠵᠦ᠂ ᠨᠡᠩ ᠴᠦ ᠲᠡᠮᠦᠷ ᠵᠠᠮ ᠲᠠᠭᠠᠤ ᠶᠢᠨ ᠦᠢᠯᠡᠳᠪᠦᠷᠢᠯᠡᠯ ᠠᠮᠢᠳᠤᠷᠠᠯ ᠢ ᠪᠦᠲᠦᠮᠵᠢᠲᠡᠢ ᠥᠷᠨᠢᠭᠦᠯᠬᠦ ᠵᠢᠴᠢ ᠵᠠᠮ ᠱᠤᠭᠤᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠪᠠᠲᠤ ᠴᠢᠩᠭ᠎ᠠ ᠪᠠᠲᠤᠯᠠᠭ᠎ᠠ ᠶᠢ ᠡᠭᠦᠷᠭᠡᠯᠡᠵᠦ ᠪᠤᠢ᠃   《 ᠪᠤᠭᠤᠳᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠮᠠᠨ ᠤ ᠬᠤᠰᠢᠭᠤᠨ ᠤ ᠪᠠᠷᠠᠭᠤᠨ ᠥᠷᠲᠡᠭᠡᠨ ᠤ 10kv ᠶᠢᠨ ᠴᠠᠬᠢᠯᠭᠠᠨ ᠲᠣᠬᠢᠷᠠᠭᠤᠯᠬᠤ ᠰᠡᠯᠪᠤᠷᠢ 2024 ᠣᠨ ᠤ 1ᠰᠠᠷ᠎ᠠ ᠶᠢᠨ 18 ᠤ ᠡᠳᠦᠷ ᠴᠠᠬᠢᠯᠭᠠᠨ ᠬᠦᠷᠭᠡᠬᠦ ᠠᠵᠢᠯ ᠢᠶᠠᠨ ᠪᠡᠶᠡᠯᠡᠭᠦᠯᠪᠡ᠃ ᠡᠨᠡ ᠪᠣᠯ ᠪᠥᠬᠦ ᠱᠤᠭᠤᠮ  ᠤᠨ  ᠠᠩᠬᠠᠳᠠᠭᠴᠢ ᠲᠦᠷᠭᠡᠨ ᠤ ᠲᠡᠮᠦᠷ ᠵᠠᠮ ᠤᠨ ᠥᠷᠲᠡᠭᠡᠨ ᠤ ᠴᠠᠬᠢᠯᠭᠠᠨ ᠬᠦᠷᠭᠡᠬᠦ ᠭᠠᠵᠠᠷ ᠮᠥᠨ᠃ ᠴᠠᠬᠢᠯᠭᠠᠨ ᠬᠦᠷᠭᠡᠬᠦ ᠠᠵᠢᠯ ᠪᠡᠶᠡᠯᠡᠭᠳᠡᠭᠰᠡᠨ ᠨᠢ ᠪᠥᠬᠦ ᠱᠤᠭᠤᠮ ᠤᠨ ᠲᠡᠷᠭᠡ ᠨᠡᠪᠲᠡᠷᠡᠬᠦ ᠳᠤ ᠪᠠᠰᠠ ᠨᠢᠭᠡ ᠠᠯᠬᠤᠮ ᠤᠷᠤᠭᠰᠢᠯᠠᠭᠰᠠᠨ ᠢ ᠬᠠᠷᠠᠭᠤᠯᠵᠤ ᠪᠠᠶᠢᠨ᠎ᠠ︾ ᠭᠡᠵᠦ ᠳᠤᠮᠳᠠᠳᠤ ᠤᠯᠤᠰ ᠤᠨ ᠲᠡᠮᠦᠷ ᠵᠠᠮ ᠤᠨ ᠴᠠᠬᠢᠯᠠᠭᠠᠭᠵᠢᠭᠤᠯᠤᠯᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ  ᠺᠤᠮᠫᠠᠨᠢ ᠶᠢᠨ ᠪᠤᠭᠤᠳᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ  ᠳᠦᠷᠪᠡᠳᠦᠭᠡᠷ  ᠴᠠᠬᠢᠯᠭᠠᠨ ᠬᠤᠷᠠᠮᠠᠯ ᠤᠨ ᠳᠦᠷᠦᠯ ᠵᠦᠢᠯ ᠤᠨ ᠡᠵᠡᠩᠨᠡᠯᠲᠡ ᠶᠢᠨ ᠬᠡᠯᠳᠡᠰ ᠤᠨ ᠵᠠᠬᠢᠷᠤᠯ  ᠸᠠᠩ ᠺᠦᠨ ᠰᠤᠷᠪᠤᠯᠵᠢᠯᠠᠭᠴᠢ ᠳᠤ ᠶᠠᠷᠢᠵᠤ ᠪᠢᠯᠡ᠃     ᠴᠠᠬᠢᠯᠭᠠᠨ ᠲᠣᠬᠢᠷᠠᠭᠤᠯᠬᠤ ᠰᠠᠯᠪᠤᠷᠢ ᠶᠢᠨ ᠴᠠᠬᠢᠯᠭᠠᠨ ᠬᠦᠷᠭᠡᠬᠦ ᠠᠵᠢᠯ ᠠᠮᠵᠢᠯᠲᠠ ᠣᠯᠣᠭᠰᠠᠨ ᠨᠢ ᠪᠤᠭᠤᠳᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ  ᠠᠩᠬᠠᠳᠠᠭᠴᠢ ᠴᠠᠬᠢᠯᠭᠠᠨᠵᠢᠭᠤᠯᠤᠯᠲᠠ ᠶᠢᠨ ᠠᠵᠢᠯ ᠠᠮᠵᠢᠯᠲᠠᠲᠠᠢ ᠪᠠᠷ ᠡᠬᠢᠯᠡᠭᠰᠡᠨ ᠢ ᠬᠠᠷᠠᠭᠤᠯᠵᠤ᠂ ᠣᠶᠢᠯᠠᠭᠠᠭᠰᠠᠨ ᠢᠶᠠᠷ᠂ ᠪᠤᠭᠤᠳᠤ  ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠥᠪᠥᠷ ᠮᠣᠩᠭᠤᠯ ᠤᠨ ᠬᠡᠰᠡᠭ ᠲᠤ ᠨᠡᠶᠢᠳᠠ ᠶᠢᠰᠦᠨ kv ᠤᠨ ᠴᠠᠬᠢᠯᠭᠠᠨ ᠲᠣᠬᠢᠷᠠᠭᠤᠯᠬᠤ ᠰᠡᠯᠪᠤᠷᠢ ᠭᠠᠷᠭᠠᠵᠤ᠂ ᠴᠥᠮ ᠳᠤᠮᠳᠠᠳᠤ ᠤᠯᠤᠰ ᠤᠨ ᠲᠡᠮᠦᠷ ᠵᠠᠮ ᠤᠨ ᠴᠠᠬᠢᠯᠭᠠᠭᠵᠢᠭᠤᠯᠤᠯᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ  ᠺᠤᠮᠫᠠᠨᠢ ᠠᠴᠠ ᠬᠠᠷᠢᠭᠤᠴᠠᠨ ᠬᠡᠷᠡᠭᠵᠢᠭᠦᠯᠵᠦ ᠪᠤᠢ᠃   《 ᠳᠠᠷᠠᠭᠠᠴᠢ ᠶᠢᠨ ᠠᠯᠬᠤᠮ ᠳᠤ᠂ 2024 ᠣᠨ ᠤ ᠨᠢᠭᠡ ᠵᠢᠯ ᠤᠨ ᠬᠤᠭᠤᠴᠠᠭᠠᠨ ᠳᠤ ᠪᠤᠭᠤᠳᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ  ᠤᠨ ᠥᠪᠥᠷ ᠮᠣᠩᠭᠤᠯ ᠤᠨ ᠬᠡᠰᠡᠭ ᠤᠨ ᠴᠠᠬᠢᠯᠭᠠᠨ ᠲᠣᠬᠢᠷᠠᠭᠤᠯᠬᠤ ᠰᠠᠯᠪᠤᠷᠢ ᠶᠢᠨ ᠪᠤᠢ ᠪᠦᠬᠦᠢ ᠪᠠᠷᠢᠯᠭ᠎ᠠ ᠪᠠᠷᠢᠬᠤ᠂ ᠲᠣᠷᠰᠢᠨ ᠲᠣᠬᠢᠷᠠᠭᠤᠯᠬᠤ ᠵᠢᠴᠢ ᠴᠠᠬᠢᠯᠭᠠᠨ ᠬᠦᠷᠭᠡᠬᠦ ᠶᠢ ᠪᠡᠶᠡᠯᠡᠭᠦᠯᠬᠦ ᠪᠠᠷ ᠲᠦᠯᠦᠪᠯᠡᠵᠦ᠂ ᠪᠤᠭᠤᠳᠣ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠥᠬᠦ ᠱᠤᠭᠤᠮ ᠤᠨ ᠨᠡᠪᠲᠡᠷᠡᠬᠦ  ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ︾ ᠭᠡᠵᠦ ᠸᠠᠩ ᠭᠦᠨ ᠰᠣᠷᠪᠤᠯᠵᠢᠯᠠᠭᠴᠢ ᠳᠤ ᠶᠠᠷᠢᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ