ᠤᠷᠠᠳ ᠤᠨ ᠡᠮᠦᠨᠡᠲᠦ ᠬᠤᠰᠢᠭᠤ ᠴᠢᠨᠠᠷ ᠰᠠᠶᠢᠲᠠᠶ ᠡᠷᠳᠡᠨᠢ ᠰᠢᠰᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ 20 ᠲᠦᠮᠡᠨ ᠮᠥ ᠪᠥᠲᠥᠭᠡᠨ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2024/2/23
     ᠡᠨᠡ ᠵᠢᠯ᠂ ᠤᠷᠠᠳ ᠤᠨ ᠡᠮᠦᠨᠡᠲᠦ ᠬᠤᠰᠢᠭᠤ ᠪᠥᠬᠦ ᠬᠤᠲᠠ ᠶᠢᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠡᠷᠳᠡᠨᠢ ᠰᠢᠰᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ 20 ᠲᠦᠮᠡᠨ ᠮᠥ ᠪᠠᠶᠢᠭᠤᠯᠬᠤ ᠪᠠᠷ ᠲᠥᠯᠥᠪᠯᠡᠵᠦ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠶ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠡᠷᠳᠡᠨᠢ ᠰᠢᠰᠢ ᠶᠢᠨ ᠪᠠᠷᠢᠮᠵᠢᠶᠠᠵᠢᠭᠤᠯᠤᠭᠰᠠᠨ  ᠦᠢᠯᠡᠳᠪᠦᠷᠢᠯᠡᠯ ᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠪᠣᠢ᠃     ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠤᠷᠢᠳᠴᠢᠯᠠᠨ ᠪᠣᠳᠠᠲᠠᠶᠢᠵᠢᠭᠤᠯᠪᠠ᠃ ᠤᠷᠠᠳ ᠤᠨ ᠡᠮᠦᠨᠡᠲᠦ ᠬᠤᠰᠢᠭᠤ ᠡᠷᠲᠡᠬᠡᠨ ᠲᠥᠯᠥᠪᠵᠢᠭᠦᠯᠦᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠢᠷᠭᠠᠭᠤ ᠲᠣᠬᠢᠷᠠᠭᠤᠯᠤᠯᠲᠠ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠪᠠ᠃ ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠲᠦᠷᠦᠭᠦᠯᠡᠨ ᠲᠥᠷᠥᠯ  ᠵᠦᠢᠯ ᠤᠨ ᠤᠳᠤᠷᠢᠳᠬᠤ ᠳᠤᠭᠤᠶᠢᠯᠠᠩ ᠵᠢᠴᠢ ᠭᠤᠷᠪᠠᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠮᠡᠷᠭᠡᠵᠢᠯ ᠤᠨ ᠪᠠᠲᠤᠯᠠᠭ᠎ᠠ ᠶᠢᠨ ᠳᠤᠭᠤᠶᠢᠯᠠᠩ ᠢ ᠪᠠᠶᠢᠭᠤᠯᠵᠤ᠂ ᠬᠤᠯᠪᠣᠭᠠᠯᠠᠨ ᠡᠭᠦᠳᠴᠦ ᠬᠠᠮᠲᠤ ᠪᠠᠷ ᠪᠠᠶᠢᠭᠤᠯᠬᠤ ᠠᠵᠢᠯ ᠤᠨ ᠲᠣᠭᠲᠠᠴᠠ ᠶᠢᠨ ᠠᠭᠤᠯᠭ᠎ᠠ ᠶᠣᠰᠣᠭᠠᠷ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠦᠷᠢᠮ ᠢ ᠲᠡᠭᠦᠯᠳᠡᠷᠵᠢᠭᠦᠯᠵᠦ᠂ ᠵᠦᠶ ᠵᠣᠬᠢᠰᠲᠠᠶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠰᠢᠰᠲ᠋ᠧᠮ ᠪᠠ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠱᠠᠲᠤ ᠱᠠᠲᠤ ᠪᠠᠷ ᠬᠠᠷᠠᠯᠲᠠᠲᠤ ᠬᠢᠨᠠᠨ ᠰᠢᠯᠭᠠᠬᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ᠂ ᠡᠭᠦᠷᠭᠡ ᠶᠢ ᠬᠤᠪᠢ ᠬᠥᠮᠦᠨ᠂ ᠪᠣᠭᠤᠮᠲᠠ ᠶᠢ ᠲᠠᠷᠢᠶᠠᠨ ᠳᠤ ᠬᠦᠷᠲᠡᠯ᠎ᠡ ᠰᠠᠬᠢᠵᠤ᠂ ᠦᠢᠯᠡᠴᠢᠯᠡᠭᠡ ᠶᠢ ᠡᠷᠦᠬᠡ ᠳᠤ ᠬᠦᠷᠲᠡᠯ᠎ᠡ  ᠭᠦᠢᠴᠡᠳᠭᠡᠵᠦ᠂ ᠬᠢᠨᠠᠨ ᠰᠢᠯᠭᠠᠯᠲᠠ ᠶᠢ ᠡᠴᠦᠰ ᠲᠤᠨᠢ ᠲᠤᠯᠲᠠᠯ᠎ᠠ ᠬᠢᠬᠦ ᠠᠵᠢᠯ ᠤᠨ ᠲᠣᠭᠲᠠᠴᠠ ᠶᠢ  ᠬᠡᠷᠡᠭᠵᠢᠭᠦᠯᠦᠪᠡ᠃     ᠮᠡᠷᠭᠡᠵᠢᠯ ᠢ ᠨᠠᠷᠢᠯᠢᠭ ᠣᠨᠣᠴᠠᠲᠠᠶ ᠪᠠᠷ ᠬᠡᠷᠡᠭᠯᠡᠪᠡ᠃ ᠲᠥᠷᠥᠯ ᠵᠦᠢᠯ ᠤᠨ ᠣᠷᠣᠨ ᠳᠤ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠪᠴᠢᠲᠠᠶ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠠᠭᠪᠤᠷ ᠢ ᠭᠤᠤᠯᠳᠠᠯᠭ᠎ᠠ ᠲᠠᠢ ᠵᠢᠱᠢᠶ᠎ᠡ  ᠦᠵᠡᠭᠦᠯᠦᠨ᠎ᠡ᠃ ᠲᠣᠰ ᠮᠡᠷᠭᠡᠵᠢᠯ ᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠲᠡᠳᠡᠨ ᠠᠪᠴᠢᠷᠠᠵᠤ᠂ ᠨᠢᠭᠲᠠ ᠶᠢ ᠳᠠᠭᠠᠭᠠᠬᠤ ᠲᠥᠷᠥᠯ ᠵᠦᠢᠯ᠂ ᠵᠦᠶ ᠵᠣᠬᠢᠰᠲᠠᠶ ᠨᠢᠭᠲᠠ ᠳᠠᠷᠢᠬᠤ᠂ ᠬᠠᠮᠲᠤᠯᠢᠭ ᠤᠨ ᠶᠠᠰᠤ ᠴᠢᠨᠠᠷ ᠢ ᠲᠣᠬᠢᠷᠠᠭᠤᠯᠤᠨ ᠡᠵᠡᠮᠳᠡᠬᠦ ᠪᠠᠷ ᠭᠤᠤᠯ ᠪᠣᠯᠭᠠᠨ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠨ ᠪᠣᠷᠲᠣᠭᠤᠷ  ᠪᠣᠯᠭᠠᠵᠤ ᠭᠠᠵᠠᠷ ᠤᠨ ᠰᠢᠮ᠎ᠡ ᠶᠢ ᠲᠥᠬᠦᠷᠵᠢᠭᠦᠯᠬᠦ ᠪᠠᠷ ᠳᠠᠮᠵᠢᠭᠤᠯᠤᠨ᠂ ᠨᠢᠭᠲᠠ ᠶᠢ ᠳᠠᠭᠠᠭᠠᠬᠤ ᠳᠡᠭᠡᠳᠦ ᠭᠠᠷᠤᠯᠲᠠ ᠶᠢᠨ ᠦᠷ᠎ᠡ᠂ ᠦᠷ᠎ᠡ ᠶᠢ ᠨᠠᠷᠢᠯᠢᠭ ᠣᠨᠣᠴᠠᠲᠠᠶ ᠪᠠᠷ ᠦᠩᠭᠡᠯᠡᠬᠦ᠂ ᠵᠦᠶ ᠵᠣᠬᠢᠰᠲᠠᠶ ᠨᠢᠭᠲᠠ ᠳᠠᠷᠢᠬᠤ᠂ ᠳᠤᠰᠤᠯᠭᠠᠨ ᠴᠢᠬᠢ ᠭᠠᠷᠭᠠᠬᠤ᠂  ᠬᠢᠮᠢ  ᠶᠢᠨ ᠡᠵᠡᠮᠰᠢᠯ ᠰᠥᠷᠬᠦ ᠶᠢ ᠡᠰᠡᠷᠭᠦᠴᠡᠨ ᠭᠡᠳᠡᠷᠭᠦ ᠤᠨᠠᠬᠤ ᠶᠢ ᠰᠡᠷᠭᠡᠶᠢᠯᠡᠬᠦ᠂ ᠤᠰᠤ ᠪᠣᠷᠲᠣᠭᠤᠷ ᠢ ᠬᠡᠷᠡᠭᠴᠡᠭᠡ ᠪᠠᠷ ᠨᠢ ᠨᠠᠷᠢᠯᠢᠭ ᠣᠨᠣᠴᠠᠲᠠᠶ ᠲᠣᠬᠢᠷᠠᠭᠤᠯᠤᠨ ᠡᠵᠡᠮᠳᠡᠬᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠪᠠᠷ ᠰᠡᠷᠭᠡᠶᠢᠯᠡᠨ ᠡᠵᠡᠮᠳᠡᠬᠦ᠂ ᠮᠧᠬᠠᠨᠢᠭ ᠤᠨ ᠮᠥᠬᠦᠯᠢᠭ ᠢ ᠰᠢᠭᠤᠳ ᠬᠤᠷᠢᠶᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠣᠩᠭᠤᠨ ᠬᠡᠷᠡᠭᠯᠡᠵᠦ᠂ ᠥᠨᠳᠥᠷ ᠤᠨᠠᠯᠲᠠ ᠬᠢᠭᠡᠳ ᠥᠨᠳᠥᠷ ᠪᠦᠲᠦᠮᠵᠢᠲᠡᠶ ᠬᠠᠷᠢᠯᠴᠠᠨ ᠬᠠᠮᠵᠢᠯᠴᠠᠬᠤ ᠶᠢ  ᠪᠡᠶᠡᠯᠡᠭᠦᠯᠪᠡ᠃      ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠴᠠᠭ ᠲᠤᠬᠠᠶ ᠳᠤᠨᠢ ᠪᠤᠳᠠᠲᠠᠶᠢᠵᠢᠭᠤᠯᠪᠠ᠃ ᠮᠡᠷᠭᠡᠵᠢᠯ ᠤᠨ ᠲᠦᠭᠡᠮᠡᠯᠵᠢᠯᠲᠡ ᠶᠢᠨ ᠨᠣᠷᠮ᠎ᠠ ᠪᠠ ᠪᠣᠳᠠᠲᠠᠶᠢᠵᠢᠭᠤᠯᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠢᠴᠢ ᠮᠠᠨ ᠤ ᠬᠤᠲᠠ ᠶᠢᠨ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠲᠥᠷᠥᠯ  ᠵᠦᠢᠯ ᠤᠨ ᠵᠢᠱᠢᠶ᠎ᠡ ᠦᠵᠡᠭᠦᠯᠬᠦ ᠪᠠᠯᠭᠠᠰᠤ᠂ ᠲᠣᠰᠬᠤᠨ ᠳᠤ ᠣᠯᠠᠨᠲᠠ ᠤᠷᠢᠵᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠢᠴᠢ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠵᠡᠷᠭᠡ ᠲᠣᠭᠤᠷᠢᠨ ᠳᠤ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ᠃ ᠨᠢᠭᠡᠨᠲᠡ 8 ᠲᠠᠯᠠᠪᠤᠷ ᠲᠤᠰᠬᠠᠶ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠡᠷᠭᠢᠯᠡᠵᠦ᠂ 500 ᠭᠠᠷᠤᠶ ᠬᠥᠮᠦᠨ ᠢ ᠲᠥᠪᠯᠡᠷᠡᠭᠦᠯᠦᠨ ᠪᠣᠯᠪᠠᠰᠤᠷᠠᠭᠤᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ