ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 72 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/23
     2 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ  ᠱᠦᠵᠢ  ᠰᠤᠶᠤᠯᠲᠦ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 72 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ  ᠵᠤᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠬᠤ  ᠶᠢᠨ ᠬᠠᠮᠲᠤ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ  ᠦᠨᠡᠨᠬᠦ ᠰᠠᠶᠢᠲᠤᠷ ᠪᠠᠲᠠᠷᠠᠭᠤᠯᠵᠤ᠂ ᠶᠡᠷᠦᠩᠬᠡᠢ ᠮᠤᠵᠢ ᠰᠢ ᠶᠢᠨ ᠫᠢᠩ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ᠂  ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠶᠢ ᠬᠥᠨᠵᠡᠭᠡᠢ  ᠲᠤᠭᠤᠰᠢᠯᠠᠭᠤᠯᠤᠨ ᠨᠡᠶᠢᠳᠡᠪᠤᠷᠢᠵᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ 《 ᠪᠦᠭᠦᠳᠡ ᠬᠤᠷᠠᠯ 》《  ᠬᠤᠶᠠᠷ ᠬᠤᠷᠠᠯ 》 ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂《 ᠴᠢᠷᠮᠠᠶᠢᠨ ᠲᠡᠮᠡᠴᠡᠬᠦ ᠵᠣᠷᠢᠭ ᠰᠠᠨᠠᠭ᠎ᠠ 》 ᠶᠢ ᠪᠠᠳᠠᠷᠠᠭᠤᠯᠵᠤ᠂ 《 ᠴᠢᠷᠮᠠᠶᠢᠨ ᠲᠡᠮᠡᠴᠡᠬᠦ ᠡᠷᠴᠢ ᠵᠣᠷᠢᠭ 》 ᠢ ᠬᠥᠭᠵᠢᠬᠡᠨ᠂ ᠳᠡᠭᠡᠳᠦ  ᠱᠠᠲᠤ ᠨᠢ ᠳᠣᠣᠷᠠᠳᠤ  ᠱᠠᠲᠤ ᠪᠠᠨ ᠲᠡᠶᠢᠴᠢᠯᠡᠨ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ ᠠᠬᠢᠭᠤᠯᠵᠤ᠂ ᠪᠥᠬᠦ ᠬᠤᠰᠢᠭᠤᠨ ᠤ ᠠᠵᠤ  ᠠᠬᠤᠢ ᠶᠢᠨ 《ᠰᠠᠶᠢᠨ ᠡᠬᠢᠯᠡᠯᠲᠡ  ᠶᠢ︾ ᠴᠢᠷᠮᠠᠶᠢᠨ ᠪᠡᠶᠡᠯᠡᠭᠦᠯᠲᠦᠭᠡᠢ ᠭᠡᠪᠡ᠃    ᠬᠤᠷᠠᠯ ᠠᠴᠠ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠠᠵᠢᠯ ᠤᠨ ᠮᠡᠳᠡᠭᠦᠯᠦᠯᠲᠡ 》 ᠶᠢ  ᠬᠢᠨᠠᠨ ᠵᠥᠪᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠬᠤᠷᠠᠯ ᠠᠴᠠ ᠳᠤᠷᠠᠳᠤᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠡᠯ᠎ᠡ ᠭᠤᠭᠴᠤᠭ᠎ᠠ ᠡᠯ᠎ᠡ ᠳᠠᠰ ᠲᠠᠷᠠᠭᠠᠯᠠᠯ ᠢ ᠤᠯᠠᠮ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠶᠡᠭᠡ ᠬᠤᠷᠠᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ  ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃    ᠬᠤᠷᠠᠯ ᠠᠴᠠ《 ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︵ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠣᠭᠤᠮ ᠢ ᠪᠥᠬᠦ ᠲᠠᠯ᠎ᠠ ᠪᠠᠷ ᠪᠠᠬᠢᠵᠢᠭᠦᠯᠬᠦ ᠲᠤᠬᠠᠢ ᠠᠷᠭ᠎ᠠ ᠬᠡᠮᠵᠢᠶ᠎ᠡ︶ ᠶᠢ ᠲᠣᠭᠤᠰᠢᠯᠠᠭᠤᠯᠤᠨ  ᠨᠠᠶᠢᠳᠠᠪᠤᠷᠢᠵᠢᠭᠤᠯᠬᠤ ᠠᠵᠢᠯ  ᠤᠨ ᠬᠤᠪᠢᠶᠠᠷᠢᠯᠠᠯ ᠤᠨ ᠲᠥᠰᠦᠯ︾ ᠢ ᠭᠢᠨᠠᠨ ᠵᠥᠪᠯᠡᠵᠦ᠂ ᠭᠤᠣᠯ ᠱᠣᠭᠤᠮ ᠤᠨ ᠦᠵᠡᠯ ᠤᠬᠠᠮᠰᠠᠷ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢ ᠴᠢᠬᠤᠯᠠᠴᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ《ᠤᠷᠠᠳ ᠤᠨ ᠡᠮᠦᠨᠡᠲᠦ ᠬᠤᠰᠢᠭᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ  ᠪᠦᠬᠦ ᠲᠠᠯ᠎ᠠ ᠪᠠᠷ ᠲᠣᠭᠤᠰᠢᠯᠠᠭᠤᠯᠵᠤ ᠪᠥᠬᠦ ᠤᠯᠤᠰ ᠤᠨ ᠦᠨᠳᠦᠰᠦᠲᠡᠨ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠲᠣᠬᠠᠢ ᠬᠡᠷᠡᠭᠵᠢᠭᠦᠯᠬᠦ ᠲᠥᠰᠦᠯ︾ ᠪᠣᠯᠣᠨ《 ᠤᠷᠠᠳ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠵᠢᠱᠢᠶᠡᠴᠢ ᠬᠠᠮᠲᠤ ᠨᠢᠭᠡᠴᠡ᠂ ᠵᠢᠱᠢᠶᠡᠴᠢ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠣᠬᠠᠢ ᠮᠡᠳᠡᠭᠦᠯᠦᠯᠲᠡ》 ᠶᠢ ᠬᠢᠨᠠᠨ ᠵᠥᠪᠯᠡᠪᠡ᠃ ᠡᠭᠦᠳᠦᠨ ᠪᠠᠶᠢᠭᠤᠯᠬᠤ ᠠᠵᠢᠯ ᠤᠨ ᠴᠢᠬᠤᠯᠠ ᠴᠢᠨᠠᠷ ᠢ ᠲᠠᠨᠢᠵᠤ᠂ ᠡᠭᠦᠳᠦᠨ ᠪᠠᠶᠢᠭᠤᠯᠬᠤ ᠭᠤᠣᠯ ᠱᠤᠭᠤᠮ  ᠳᠤ ᠠᠩᠬᠠᠷᠤᠯ  ᠢᠶᠠᠨ ᠲᠥᠪᠯᠡᠷᠡᠭᠦᠯᠦᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠳᠦᠨ ᠪᠠᠶᠢᠭᠤᠯᠬᠤ ᠠᠵᠢᠯᠯᠠᠭ᠎ᠠ ᠪᠠᠨ ᠪᠠᠶᠠᠯᠢᠭᠵᠢᠭᠤᠯᠤᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠲᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ  ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ