ᠣᠷᠠᠳ ᠤᠨ ᠡᠮᠦᠨᠡᠲᠤ ᠬᠤᠰᠢᠭᠤᠨ ᠤ ᠪᠠᠶᠢᠴᠠᠭᠠᠬᠤ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/2/27
     ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠰᠤᠷᠲᠠᠯ  ᠴᠢᠬᠡᠴᠢ  ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ  ᠬᠤᠷᠠᠯᠳᠣᠵᠣ᠂ ᠬᠤᠷᠠᠯ ᠠᠴᠠ  ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ ᠶᠢ ᠤᠩᠰᠢᠨ ᠨᠡᠶᠢᠲᠡᠯᠡᠪᠡ᠃    ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ᠂ ᠨᠠᠮ ᠤᠨ ᠭᠡᠰᠢᠭᠦᠨ ᠺᠠᠳ᠋ᠷᠴᠤᠳ  ᠢ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠠᠭ ᠤᠨ ᠪᠦᠷᠢᠯᠳᠦᠬᠦᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠡᠷᠡᠭ ᠰᠢᠢᠳᠪᠦᠷᠢᠯᠡᠬᠦ᠂ ᠬᠠᠮᠢᠶᠠᠷᠬᠤ ᠳᠤᠮᠳᠠ ᠬᠠᠷᠢᠭᠤᠴᠠᠯᠭ᠎ᠠ ᠪᠠᠨ ᠴᠢᠩᠭᠠᠳᠬᠠᠵᠤ᠂ ᠵᠣᠷᠢᠭᠲᠠᠢ ᠪᠠᠷ ᠨᠠᠶᠢᠳᠠᠪᠣᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠳᠤ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠠᠶᠢᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠲᠠᠢ  ᠪᠠᠶᠢᠵᠤ᠂ ᠶᠠᠭᠠᠬᠢᠭᠰᠠᠨ ᠴᠤ ᠠᠵᠢᠯ ᠢᠶᠠᠨ ᠰᠣᠯᠠᠷᠠᠭᠤᠯᠬᠤ᠂ ᠶᠠᠳᠠᠷᠠᠵᠤ ᠵᠦᠳᠡᠷᠡᠬᠦ ᠬᠠᠯᠠᠰᠢᠷᠠᠬᠤ ᠰᠡᠳᠬᠢᠯᠭᠡ ᠪᠠᠶᠢᠵᠤ ᠪᠣᠯᠬᠤ ᠦᠭᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠷᠢᠶᠠᠨ ᠤ ᠪᠠᠶᠢᠴᠠᠭᠠᠬᠤ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠵᠤ᠂ ᠪᠠᠶᠢᠴᠠᠭᠠᠬᠤ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ᠢᠯᠵᠠᠷᠠᠬᠤ ᠶᠢ ᠪᠤᠳᠤᠬᠤ ᠦᠭᠡᠢ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠭᠤᠯᠵᠤ᠂ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢ ᠡᠭᠦᠷᠢᠳᠡ ᠬᠠᠳᠠᠭᠠᠯᠠᠬᠤ ᠪᠣᠯᠭᠠᠬᠤ ᠬᠡᠷᠡᠭᠲᠡᠢ ᠬᠡᠮᠡᠨ ᠱᠠᠭᠠᠷᠳᠠᠪᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠵᠤ᠂ ᠳᠡᠭᠡᠳᠦ ᠰᠤᠷᠭᠠᠭᠤᠯᠢ ᠶᠢᠨ ᠨᠠᠮ ᠤᠨ ᠤᠳᠤᠷᠢᠳᠬᠤ ᠳᠤᠭᠤᠶᠢᠯᠠᠩ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠪᠠᠶᠢᠴᠠᠭᠠᠬᠤ ᠠᠵᠢᠯ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠳᠥᠷᠪᠡ ᠶᠢ ᠵᠡᠷᠭᠡᠪᠡᠷ ᠶᠠᠪᠤᠭᠳᠠᠭᠤᠯᠬᠤ︾ ︽ᠳᠥᠷᠪᠡ ᠶᠢ ᠪᠡᠶ᠎ᠡ ᠪᠠᠷ ᠢᠶᠠᠨ ᠬᠠᠷᠢᠭᠤᠴᠠᠬᠤ︾ ᠶᠢ ᠭᠦᠢᠴᠡᠳᠬᠡᠵᠦ᠂ ᠪᠠᠭ ᠤᠨ ᠪᠦᠷᠢᠯᠳᠦᠭᠦᠨ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ︾ ᠶᠢ ᠭᠦᠢᠴᠡᠳᠬᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠢ ᠴᠢᠩᠭ᠎ᠠ ᠬᠠᠮᠢᠶᠠᠷᠴᠤ᠂ ᠬᠡᠷᠡᠭᠵᠢᠭᠦᠯᠬᠦ ᠶᠢ ᠴᠢᠩᠭ᠎ᠠ ᠠᠬᠢᠭᠤᠯᠬᠤ ᠬᠡᠷᠡᠭᠲᠡᠢ ᠬᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ