ᠤᠷᠠᠳ ᠤᠨ ᠡᠮᠦᠨᠡᠲᠤ ᠬᠤᠰᠢᠭᠤ ᠡᠯᠵᠢᠭᠡᠨ ᠤ ᠠᠵᠤ ᠦᠢᠯᠡᠰ ᠢ ᠬᠥᠭᠵᠢᠭᠦᠯᠵᠦ ᠪᠠᠶᠠᠵᠢᠯ ᠤᠨ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2024/2/27
    ᠣᠶᠢᠷ᠎ᠠ ᠶᠢᠨ ᠡᠳᠦᠷ ᠰᠣᠷᠪᠣᠯᠵᠢᠯᠭᠴᠢ ᠶᠢ  ᠰᠢᠨ ᠠᠨ ᠪᠠᠯᠭᠠᠰᠤᠨ ᠤ ᠶᠠᠩ ᠹᠠᠩ ᠽᠢ ᠲᠣᠰᠬᠤᠨ ᠤ ᠪᠣᠷᠣᠲᠣᠬᠤᠢ ᠶᠢᠨ ᠡᠯᠵᠢᠭᠡ ᠶᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠳᠤ ᠬᠦᠷᠬᠦ ᠳᠤ᠂ ᠴᠢᠶᠣᠤ ᠹᠧᠩ ᠡᠯᠵᠢᠭᠡᠨ ᠳᠤ ᠪᠠᠨ ᠡᠪᠡᠰᠦ ᠪᠣᠷᠳᠤᠭ᠎ᠠ ᠲᠡᠵᠢᠭᠡᠵᠦ ᠶᠠᠭᠠᠷᠠᠨ᠎ᠠ᠃    ᠴᠢᠶᠣᠤ ᠹᠧᠩ ᠪᠠᠭ᠎ᠠ ᠠᠴᠠ ᠪᠠᠨ ᠲᠡᠵᠢᠭᠡᠨ ᠦᠷᠡᠵᠢᠭᠦᠯᠬᠦ ᠳᠤ ᠶᠡᠭᠡ ᠰᠣᠨᠢᠷᠬᠠᠯ ᠲᠠᠢ᠃ ᠠᠵᠢᠯ ᠳᠤ  ᠭᠠᠷᠣᠭᠰᠠᠨ ᠤ ᠲᠠᠷᠠᠭ᠎ᠠ᠂ ᠲᠡᠷᠡ ᠭᠠᠳᠠᠨ᠎ᠠ ᠣᠷᠣᠨ ᠤ ᠡᠯᠵᠢᠭᠡ ᠲᠡᠵᠢᠭᠡᠬᠦ ᠠᠵᠤ ᠠᠬᠤᠶᠢᠯᠠᠯ ᠳᠤ 7 ᠵᠢᠯ ᠭᠠᠷᠤᠢ ᠠᠵᠢᠯᠯᠠᠵᠤ᠂ ᠲᠡᠵᠢᠭᠡᠨ ᠦᠷᠡᠵᠢᠭᠦᠯᠬᠦ ᠪᠠ ᠠᠮᠢᠳᠠᠨ ᠤ ᠬᠢᠵᠢᠭ ᠢ ᠰᠡᠷᠭᠡᠶᠢᠯᠡᠨ ᠵᠠᠰᠠᠬᠤ ᠲᠠᠯ᠎ᠠ ᠶᠢᠨ ᠲᠤᠷᠰᠢᠯᠭ᠎ᠠ ᠶᠢ ᠬᠤᠷᠠᠮᠳᠤᠭᠤᠯᠵᠠᠢ᠃ ᠲᠠᠷᠠ 2023 ᠣᠨ ᠳᠤ ᠨᠤᠲᠤᠭ ᠪᠤᠴᠠᠵᠤ ᠡᠯᠵᠢᠭᠡ ᠲᠡᠵᠢᠭᠡᠨ ᠦᠷᠡᠵᠢᠭᠦᠯᠬᠦ ᠠᠵᠢᠯ ᠢ  ᠬᠦᠭᠵᠢᠬᠦᠯᠵᠦ ᠡᠬᠢᠯᠡᠭᠰᠡᠨ ᠪᠠᠶᠢᠨ᠎ᠠ᠃ ᠭᠡᠪᠡᠴᠦ ᠲᠡᠵᠢᠭᠡᠨ ᠦᠷᠡᠵᠢᠭᠦᠯᠬᠦ ᠵᠠᠮ ᠤᠷᠤᠭᠰᠢᠲᠠᠢ ᠪᠢᠰᠢ᠂ ᠲᠡᠵᠢᠭᠡᠨ ᠦᠷᠡᠵᠢᠭᠦᠯᠬᠦ ᠡᠭᠦᠯᠳᠡᠷ ᠢ ᠰᠣᠩᠭᠤᠵᠤ ᠬᠤᠳᠠᠯᠳᠤᠨ ᠠᠪᠬᠤ ᠦᠶ᠎ᠡ ᠳᠤ  ᠲᠤᠬᠠᠢ ᠶᠢᠨ ᠭᠠᠵᠠᠷ ᠤᠨ ᠡᠯᠵᠢᠭᠡ ᠶᠢᠨ ᠪᠠᠶ᠎ᠠ ᠨᠢ ᠪᠣᠭᠤᠨᠢ᠂ ᠲᠡᠵᠢᠭᠡᠨ ᠦᠷᠡᠵᠢᠭᠦᠯᠬᠦ ᠠᠵᠤ ᠠᠬᠤᠢ ᠶᠢᠨ ᠦᠷ᠎ᠡ ᠠᠰᠢᠭ ᠨᠢ ᠳᠣᠣᠷ᠎ᠠ ᠪᠠᠶᠢᠬᠤ ᠶᠢ ᠮᠡᠳᠡᠭᠡᠳ ᠵᠠᠬ᠎ᠠ ᠳᠡᠯᠭᠡᠭᠦᠷ ᠤᠨ ᠰᠠᠶᠢᠨ ᠡᠭᠦᠯᠳᠡᠷ ᠢ ᠣᠷᠣᠭᠤᠯᠤᠨ ᠲᠤᠬᠠᠢ ᠶᠢᠨ ᠭᠠᠵᠠᠷ ᠤᠨ ᠡᠯᠵᠢᠭᠡ ᠶᠢ ᠰᠠᠶᠢᠵᠢᠷᠠᠭᠤᠯᠬᠤ ᠪᠣᠳᠣᠯ ᠣᠷᠣᠪᠠ᠃ ᠭᠠᠳᠠᠭᠰᠢ ᠭᠠᠷᠴᠤ ᠰᠢᠨᠵᠢᠯᠡᠨ ᠪᠠᠶᠢᠴᠠᠭᠠᠬᠤ ᠪᠠᠷ ᠳᠡᠮᠵᠢᠨ᠂  ᠥᠨᠳᠥᠷ ᠪᠡᠶ᠎ᠡ ᠲᠠᠢ  ᠭᠤᠸᠠᠨᠳᠦ᠋ᠩ ᠤᠨ ᠰᠠᠨ ᠹᠧᠨ ᠡᠯᠵᠢᠭᠡ ᠪᠣᠯᠣᠨ ᠮᠢᠬ᠎ᠠ ᠭᠠᠷᠬᠤ ᠨᠣᠷᠮ᠎ᠠ ᠪᠠᠷ ᠥᠨᠳᠥᠷ ᠮᠥᠷᠲᠡᠭᠡᠨ ᠥᠰᠦᠯᠲᠡ ᠨᠢ ᠨᠡᠯᠢᠶᠡᠳ ᠲᠦᠷᠭᠡᠨ ᠪᠠᠶᠢᠳᠠᠭ ᠱᠠᠨᠳᠦ᠋ᠩ ᠤᠨ ᠬᠠᠷ᠎ᠠ ᠡᠯᠵᠢᠭᠡ ᠶᠢ ᠰᠣᠩᠭᠤᠵᠤ ᠲᠤᠬᠠᠢ ᠶᠢᠨ ᠭᠠᠵᠠᠷ ᠤᠨ ᠡᠭᠦᠯᠳᠡᠷ ᠲᠠᠢ ᠡᠷᠯᠢᠰᠡᠵᠢᠭᠦᠯᠦᠭᠡᠳ᠂ ᠡᠯᠵᠢᠭᠡᠨ ᠰᠦᠷᠦᠭ ᠤᠨ ᠡᠭᠦᠯᠳᠡᠷ ᠢ  ᠰᠠᠶᠢᠵᠢᠷᠠᠭᠤᠯᠵᠣ ᠡᠬᠢᠯᠡᠭᠰᠡᠨ ᠪᠠᠶᠢᠨ᠎ᠠ ᠃ ᠣᠳᠣᠬᠠᠨ ᠳᠤ  ᠨᠢᠭᠡᠨᠲᠠ 300 ᠭᠠᠷᠤᠢ ᠲᠣᠯᠣᠭᠠᠢ ᠳᠤ ᠬᠦᠷᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠡᠯᠵᠢᠭᠡᠨ ᠤ ᠠᠷᠠᠰᠤ ᠨᠢ ᠡᠮ ᠳᠤ ᠣᠷᠣᠳᠠᠭ᠂ ᠡᠯᠵᠢᠭᠡᠨ ᠤ ᠮᠢᠬᠠᠨ ᠤ ᠠᠮᠲᠠ ᠨᠢ ᠰᠠᠶᠢᠬᠠᠨ᠂ ᠰᠢᠮ᠎ᠡ ᠲᠡᠵᠢᠭᠡᠯ ᠨᠢ ᠥᠨᠳᠥᠷ᠂ ᠤᠭᠤᠷᠠᠭ ᠶᠡᠬᠡᠲᠡᠢ ᠥᠭᠡᠬᠦ ᠪᠠᠭᠠᠲᠠᠢ ᠪᠠᠶᠢᠳᠠᠭ᠂ ᠡᠯᠵᠢᠭᠡᠨ ᠰᠦ ᠪᠣᠯ ᠪᠠᠶᠢᠭᠠᠯᠢ ᠶᠢᠨ ᠰᠧᠯᠧᠨ ᠡᠯᠪᠡᠭ ᠢᠳᠡᠭᠡᠨ ᠪᠠᠶᠢᠵᠤ᠂ ᠬᠥᠮᠥᠨ ᠤ ᠪᠡᠶ᠎ᠡ ᠶᠢᠨ ᠡᠭᠡᠯᠢᠯᠡᠭᠡ ᠶᠢᠨ ᠴᠢᠳᠠᠯ ᠢ ᠨᠡᠮᠡᠭᠳᠡᠭᠦᠯᠬᠦ ᠦᠢᠯᠡᠳᠦᠯ ᠲᠠᠢ ᠶᠣᠮ᠃ ᠡᠯᠵᠢᠭᠡᠨ ᠤ ᠥᠰᠥᠯᠲᠡ ᠶᠢᠨ ᠦᠶᠡᠯᠡᠯ ᠤᠨ ᠬᠤᠭᠤᠴᠠᠭ᠎ᠠ ᠨᠢ ᠤᠳᠠᠭᠠᠨ ᠪᠣᠯᠪᠠᠴᠤ ᠵᠠᠬ᠎ᠠ ᠳᠡᠯᠭᠡᠭᠦᠷ ᠤᠨ ᠦᠨ᠎ᠡ ᠬᠠᠩᠰᠢ ᠨᠢ ᠲᠣᠭᠲᠠᠪᠤᠷᠢᠲᠠᠢ ᠪᠠᠶᠢᠳᠠᠭ᠃ ᠲᠦᠷᠦᠭᠦᠬᠡᠨ᠂ ᠪᠢᠳᠡ 1.54 ᠲᠦᠮᠡᠨ ᠲᠥᠭᠦᠷᠢᠭ ᠤᠨ ᠳᠤᠮᠳᠠᠴᠢ ᠦᠨ᠎ᠡ ᠪᠠᠷ 150 ᠭᠠᠷᠤᠶ ᠡᠯᠵᠢᠭᠡ ᠬᠤᠳᠠᠯᠳᠤᠵᠤ᠂ ᠡᠯᠵᠢᠭᠡ ᠪᠦᠷᠢ ᠶᠢᠨ ᠴᠡᠪᠡᠷ ᠠᠰᠢᠭ ᠬᠤᠨᠵᠢᠪᠣᠷᠢ ᠨᠢ 2000 ᠲᠥᠭᠦᠷᠢᠭ ᠠᠴᠠ ᠳᠡᠭᠡᠭᠰᠢ ᠪᠠᠶᠢᠪᠠ  ︾ ᠭᠡᠵᠦ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠶᠠᠩ ᠹᠠᠩ ᠽᠢ ᠲᠣᠰᠬᠤᠨ ᠤ ᠡᠯᠵᠢᠭᠡ ᠲᠡᠵᠢᠭᠡᠬᠦ ᠡᠷᠦᠬᠡ ᠴᠢᠶᠣᠤ ᠹᠧᠩ ᠬᠡᠯᠡᠨ᠎ᠡ᠃    ᠴᠢᠶᠣᠤ ᠹᠧᠩ ᠡᠯᠵᠢᠭᠡ ᠲᠡᠵᠢᠭᠡᠭᠡᠳ ᠪᠠᠶᠠᠵᠢᠯ ᠤᠨ ᠵᠠᠮ ᠢᠶᠠᠨ ᠡᠯᠬᠦᠭᠰᠡᠨ ᠢ ᠡᠷᠬᠢᠨ ᠲᠣᠭᠤᠷᠢᠨ ᠤ ᠲᠣᠰᠬᠤᠨ ᠤ ᠠᠷᠠᠳ ᠲᠡᠭᠦᠨ ᠠᠴᠠ ᠲᠡᠵᠢᠭᠡᠨ ᠦᠷᠡᠵᠢᠭᠦᠯᠬᠦ ᠲᠤᠷᠰᠢᠯᠭ᠎ᠠ ᠵᠢᠴᠢ ᠢᠷᠡᠭᠡᠳᠦᠢ ᠶᠢᠨ ᠡᠯᠵᠢᠭᠡ ᠲᠡᠵᠢᠭᠡᠬᠦ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠤᠬᠠᠢ ᠮᠠᠭᠠᠳᠯᠠᠯᠲᠠ ᠪᠠᠨ ᠦᠷᠭᠦᠯᠵᠢ ᠬᠤᠪᠢᠶᠠᠯᠴᠠᠳᠠᠭ᠃ ︽ᠪᠢ ᠨᠡᠩ ᠤᠯᠠᠨ ᠲᠣᠰᠬᠤᠨ ᠤ ᠠᠷᠠᠳ ᠢ ᠲᠠᠶᠢᠴᠢᠯᠠᠨ ᠨᠠᠳᠠ ᠲᠠᠢ ᠬᠠᠮᠲᠤ ᠪᠠᠷ ᠡᠯᠵᠢᠭᠡ ᠲᠡᠵᠢᠭᠡᠬᠦ ᠠᠵᠤ ᠦᠢᠯᠡᠰ ᠢ ᠬᠥᠭᠵᠢᠭᠦᠯᠵᠦ᠂ ᠬᠠᠮᠲᠤ ᠪᠠᠷ ᠪᠠᠶᠠᠵᠢᠬᠤ ᠵᠠᠮ ᠢ ᠨᠡᠭᠡᠭᠡᠬᠦ ᠶᠢ ᠬᠦᠰᠡᠵᠦ ᠪᠠᠶᠢᠨ᠎ᠠ︾  ᠭᠡᠵᠦ ᠲᠡᠷᠡ  ᠰᠣᠷᠪᠣᠯᠵᠢᠯᠠᠭᠴᠢ ᠳᠤ ᠢᠲᠡᠭᠡᠯ ᠲᠦᠭᠦᠷᠡᠩ ᠶᠠᠷᠢᠨ᠎ᠠ᠃                                                       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ