ᠤᠷᠠᠳ ᠤᠨ ᠡᠮᠦᠨᠡᠲᠦ ᠬᠤᠰᠢᠭᠤ᠄ ᠬᠥᠳᠡᠭᠡ ᠲᠣᠰᠬᠤᠨ ᠳᠤ ︽ᠵᠣᠯ ᠵᠢᠷᠭᠠᠯ ᠤᠨ ᠵᠠᠮ︾ ᠢ ᠲᠠᠪᠢᠰᠦᠪᠡ
ᠨᠡᠶᠢᠲᠡᠯᠡᠭᠰᠡᠨ ᠴᠠᠭ᠄
2024/2/27
   ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤ ᠬᠥᠳᠡᠭᠡ ᠲᠣᠰᠬᠤᠨ ᠤ ᠣᠲᠣ ᠦᠶ᠎ᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃   2023 ᠣᠨ ᠤ 5 ᠰᠠᠷ᠎ᠠ ᠳᠤ᠂ ᠤᠷᠠᠳ ᠤᠨ ᠡᠮᠦᠨᠡᠲᠦ ᠬᠤᠰᠢᠭᠤ 1075.47 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠠᠶᠠᠨᠬᠤᠸᠠ ᠪᠠᠯᠭᠠᠰᠤᠨ ᠤ ᠤᠷᠠᠳ ᠠᠶᠢᠮᠠᠭ ᠠᠴᠠ ᠰᠢᠶᠤᠤ ᠮᠢᠶᠣᠣ ᠭᠸᠦ ᠬᠥᠷᠬᠦ ᠵᠠᠰᠠᠮᠠᠯ ᠵᠠᠮ ᠤᠨ ᠲᠥᠷᠥᠯ  ᠵᠦᠢᠯ ᠢ ᠪᠥᠲᠥᠭᠡᠨ ᠪᠠᠶᠢᠭᠤᠯᠵᠤ᠂ 6 ᠺᠢᠯᠣᠮᠧᠲᠷ ᠱᠦᠢᠨᠢ ᠵᠠᠮ ᠢ ᠪᠠᠷᠤᠭᠰᠢᠨ ᠵᠠᠮ ᠪᠣᠯᠭᠠᠨ ᠥᠭᠡᠷᠡᠴᠢᠯᠡᠵᠦ᠂ ᠵᠠᠮ ᠤᠨ ᠭᠠᠳᠠᠷᠭᠤ ᠶᠢ 3.5 ᠮᠧᠲᠷ ᠪᠠᠶᠢᠭᠰᠠᠨ ᠠᠴᠠ 6.5 ᠮᠧᠲᠷ ᠪᠣᠯᠭᠠᠨ ᠥᠷᠭᠡᠳᠬᠡᠵᠦ᠂ ᠤᠷᠠᠳ ᠠᠶᠢᠮᠠᠭ ᠠᠴᠠ ᠡᠬᠢᠯᠡᠨ ᠪᠠᠶᠢᠭᠤᠯᠵᠤ᠂ ᠲᠠᠭᠦᠰᠭᠡᠯ ᠤᠨ ᠴᠡᠭ ᠢ ᠮᠤᠨᠠ ᠠᠭᠤᠯᠠ ᠶᠢᠨ ᠣᠶ ᠰᠢᠭᠤᠶ ᠶᠢᠨ ᠲᠠᠯᠠᠪᠠᠶ ᠲᠠᠢ ᠵᠣᠯᠭᠠᠯᠳᠣᠭᠤᠯᠣᠨ᠂ ᠪᠥᠬᠦ ᠱᠤᠭᠤᠮ ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠱᠤᠭᠤᠮ ᠲᠣᠭᠲᠠᠭᠠᠨ ᠵᠢᠷᠤᠵᠤ ᠲᠥᠯᠥᠪᠯᠡᠪᠡ᠃  ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠠᠮ ᠳᠠᠭᠠᠤ ᠶᠢᠨ  ᠣᠷᠲᠣᠣᠭᠤᠣᠯ ᠭᠠᠴᠠᠭ᠎ᠠ᠂  ᠠᠭᠤᠶᠢᠭᠤᠣᠯ  ᠭᠠᠴᠠᠭᠠᠨ ᠤ 300 ᠭᠠᠷᠤᠶ ᠮᠠᠯᠴᠢᠳ ᠲᠤ ᠲᠥᠬᠦᠮ ᠦᠵᠡᠭᠦᠯᠵᠦ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠪᠠ᠃    ︽ᠡᠨᠡᠬᠦ ᠵᠠᠮ ᠢ ᠵᠠᠰᠠᠵᠤ ᠳᠠᠭᠤᠰᠬᠠᠭᠰᠠᠨ ᠤ ᠳᠠᠷᠠᠭ᠎ᠠ᠂ ᠮᠠᠨ ᠤ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠴᠦ ᠳᠡᠭᠡᠭᠰᠢᠯᠡᠭᠦᠯᠪᠡ᠂ ᠤᠳᠤ ᠬᠤᠨᠢ ᠬᠤᠳᠠᠯᠳᠤᠬᠤ᠂ ᠲᠠᠷᠢᠶᠠᠯᠠᠩ ᠳᠤ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠠᠭ᠎ᠠ ᠰᠠᠭ᠎ᠠ ᠬᠤᠳᠠᠯᠳᠤᠬᠤ ᠳᠤ ᠪᠦᠷ ᠶᠡᠭᠡ ᠲᠦᠭᠦᠮ ᠪᠣᠯᠪᠠ᠂ ᠤᠴᠢᠷ ᠨᠢ ᠲᠡᠷᠭᠡ ᠵᠢᠯᠤᠭᠤᠳᠴᠤ ᠣᠷᠣᠵᠤ ᠭᠠᠷᠬᠤ ᠳᠤ ᠲᠦᠭᠦᠮ ᠪᠣᠯᠵᠤ᠂ ᠮᠠᠶᠢᠮᠠᠶᠢᠴᠢᠨ ᠣᠯᠠᠰᠢᠷᠠᠪᠠ︾ ᠭᠡᠵᠦ ᠪᠠᠶᠠᠨᠬᠤᠸᠠ ᠪᠠᠯᠭᠠᠰᠤᠨ ᠤ ᠠᠭᠤᠶᠢᠭᠤᠣᠯ ᠭᠠᠴᠠᠭᠠᠨ ᠤ ᠳᠡᠳ᠋ ᠱᠦᠵᠢ ᠠᠳᠢᠶ᠎ᠠ ᠬᠡᠯᠡᠵᠦ ᠪᠠᠶᠢᠪᠠ᠃    ᠣᠶᠢᠷ᠎ᠠ ᠶᠢᠨ ᠵᠢᠯ ᠤᠳ ᠲᠤ᠂ ᠤᠷᠠᠳ ᠤᠨ ᠡᠮᠦᠨᠡᠲᠦ ᠬᠤᠰᠢᠭᠤ ᠬᠤᠲᠠ ᠬᠥᠳᠡᠭᠡ ᠶᠢᠨ ᠵᠠᠮ ᠤᠨ ᠲᠣᠣᠷ ᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠭᠠᠨ ᠲᠡᠭᠦᠯᠳᠡᠷᠵᠢᠭᠦᠯᠬᠦ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ  ᠠᠷᠠᠴᠢᠯᠠᠬᠤ᠂ ᠰᠠᠶᠢᠲᠤᠷ ᠡᠵᠡᠩᠨᠡᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠥᠨᠳᠥᠷ ᠪᠠᠶᠢᠷᠢᠨ ᠳᠤ ᠲᠦᠯᠬᠢᠨ ᠠᠬᠢᠭᠤᠯᠬᠤ ᠶᠢ ᠪᠠᠷᠢᠮᠲᠠᠯᠠᠵᠤ᠂ ︽ᠰᠠᠭᠤᠷᠢ ᠶᠢ ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠥᠲᠥᠯᠥᠨ ᠳᠠᠭᠠᠭᠤᠯᠬᠤ ᠶᠢ ᠴᠢᠬᠤᠯᠠᠴᠢᠯᠠᠬᠤ᠂ ᠠᠭᠤᠰᠤᠯᠴᠠᠯ ᠢ ᠠᠬᠢᠭᠤᠯᠬᠤ︾ ᠳᠤ ᠬᠦᠴᠦ ᠲᠠᠯᠪᠢᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠶᠠᠪᠤᠵᠤ ᠰᠠᠭᠤᠬᠤ᠂ ᠵᠤᠭᠠᠴᠠᠬᠤ᠂ ᠠᠵᠤ ᠦᠢᠯᠡᠳᠪᠦᠷᠢ ᠬᠥᠳᠡᠭᠡ ᠠᠵᠤ ᠠᠬᠤᠢ ᠶᠢᠨ ᠦᠢᠯᠡᠳᠪᠦᠷᠢᠯᠡᠯ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠢ ᠨᠢᠭᠲᠠ ᠤᠶᠠᠯᠳᠤᠭᠤᠯᠵᠤ᠂ ᠵᠠᠮ ᠤᠨ ᠲᠣᠣᠷ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠮ ᠤᠨ ᠭᠠᠳᠠᠷᠭᠤ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠠᠮ ᠤᠨ ᠣᠷᠴᠢᠨ ᠲᠣᠭᠤᠷᠢᠨ ᠢ  ᠭᠤᠶᠣᠵᠢᠭᠤᠯᠣᠨ᠂ ᠬᠥᠳᠡᠭᠡ ᠲᠣᠰᠬᠤᠨ ᠤ ᠵᠠᠰᠠᠮᠠᠯ ᠵᠠᠮ ᠪᠣᠯᠣᠨ ᠬᠥᠳᠡᠭᠡ ᠠᠵᠤ ᠠᠬᠤᠢ ᠶᠢᠨ ᠠᠵᠤ ᠦᠢᠯᠡᠰ᠂ ᠬᠥᠳᠡᠭᠡ ᠲᠣᠰᠬᠤᠨ ᠤ ᠵᠤᠭᠠᠴᠠᠯ᠂ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡ ᠵᠡᠷᠭᠡ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ ︽ᠵᠣᠯ ᠵᠢᠷᠭᠠᠯ ᠤᠨ ᠵᠠᠮ︾  ᠢ ᠴᠢᠨᠠᠷ ᠰᠠᠶᠢᠲᠠᠢ ᠴᠣᠭᠴᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠮ ᠬᠠᠷᠢᠯᠴᠠᠭᠠᠨ ᠤ ᠬᠦᠴᠦᠨ ᠢ ᠦᠷᠭᠦᠯᠵᠢᠯᠡᠨ  ᠨᠡᠮᠡᠷᠢᠯᠡᠪᠡ᠃    2023 ᠣᠨ ᠳᠤ᠂ ᠤᠷᠠᠳ ᠤᠨ ᠡᠮᠦᠨᠡᠲᠦ ᠬᠤᠰᠢᠭᠤ ᠬᠤᠶᠠᠷ ᠬᠤᠭᠤᠴᠠᠭᠠᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠥᠬᠦ ᠣᠷᠳᠣ ᠨᠢ 58 ᠺᠢᠯᠣᠮᠧᠲᠷ ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠬᠦ ᠣᠷᠳᠣ ᠨᠢ 31.9 ᠺᠢᠯᠣᠮᠧᠲᠷ ᠪᠣᠯᠣᠨ᠎ᠠ᠃ ᠡᠳᠦᠭᠡ᠂ ᠤᠷᠠᠳ ᠤᠨ ᠡᠮᠦᠨᠡᠲᠦ ᠬᠤᠰᠢᠭᠤᠨ ᠤ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢ ᠲᠣᠰᠬᠤᠨ ᠤ ᠵᠠᠬ᠎ᠠ ᠳᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠪᠠᠲᠤᠯᠠᠭ᠎ᠠ  ᠬᠠᠩᠭᠠᠪᠠ᠃ 2023 ᠣᠨ ᠤ ᠰᠡᠭᠦᠯᠴᠢ ᠪᠣᠯᠲᠠᠯ᠎ᠠ᠂ ᠤᠷᠠᠳ ᠤᠨ ᠡᠮᠦᠨᠡᠲᠦ ᠬᠤᠰᠢᠭᠤᠨ ᠤ ᠵᠠᠰᠠᠮᠠᠯ ᠵᠠᠮ ᠤᠨ ᠣᠷᠳᠣ ᠨᠢ 4832.451 ᠺᠢᠯᠣᠮᠧᠲᠷ ᠲᠤ ᠬᠦᠷᠴᠦ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ 825 ᠵᠤᠷᠪᠤᠰ 4208.2 ᠺᠢᠯᠣᠮᠧᠲᠷ ᠪᠠᠶᠢᠵᠤ᠂ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠵᠢᠴᠢ ᠬᠤᠲᠠ ᠶᠢᠨ ᠵᠠᠮ ᠲᠠᠢ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠰᠢᠶᠠᠨ ᠤ ᠪᠦᠰᠡ ᠶᠢᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠳᠤ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ