ᠣᠷᠠᠳ ᠤᠨ ᠡᠮᠦᠨᠡᠲᠦ ᠬᠤᠰᠢᠭᠤ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/2/27
    ᠡᠨᠡ ᠵᠢᠯ᠂ ᠤᠷᠠᠳ ᠤᠨ ᠡᠮᠦᠨᠡᠲᠦ ᠬᠤᠰᠢᠭᠤ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ  ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠬᠦ ᠶᠢᠨ ᠬᠠᠮᠲᠤ ᠲᠡᠭᠦᠨ ᠤ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃    ︽ᠵᠠᠰᠠᠭ ᠠᠵᠤ ᠠᠬᠤᠶᠢᠯᠠᠯ ᠰᠤᠷᠤᠯᠴᠠᠵᠤ ᠲᠠᠷᠢᠶᠠᠯᠠᠩ ᠢ ᠰᠤᠳᠤᠯᠬᠤ︾ ᠲᠠᠪᠤ ᠶᠢ ᠨᠢᠭᠡ ᠴᠣᠭᠴᠠᠵᠢᠭᠤᠯᠤᠭᠰᠠᠨ ᠵᠠᠭᠪᠤᠷ ᠢ ᠬᠡᠷᠡᠭᠯᠡᠨ᠂ ᠶᠡᠭᠡ ᠰᠢᠭᠡᠲᠡᠢ ᠪᠠᠯᠭᠠᠰᠤᠨ ᠤ 10 ᠲᠦᠮᠡᠨ ᠮᠦ ᠯᠠᠵᠤᠤ ᠲᠠᠷᠢᠬᠤ ᠰᠠᠭᠤᠷᠢᠨ ᠭᠠᠵᠠᠷ᠂ ᠰᠢᠶᠠᠨ ᠹᠧᠩ ᠪᠠᠯᠭᠠᠰᠤᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠵᠢᠴᠢ ᠮᠢᠩᠭᠠᠨ ᠪᠠᠯᠭᠠᠰᠤᠨ ᠤ ᠲᠦᠮᠡᠨ ᠮᠦ ᠬᠤᠨᠴᠢᠷ ᠭᠠᠵᠠᠷ ᠤᠨ ᠲᠡᠮᠳᠡᠭᠲᠦ ᠠᠵᠤ ᠦᠢᠯᠡᠰ ᠤᠨ ᠬᠦᠷᠢᠶᠡᠯᠡᠩ ᠵᠡᠷᠭᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ 15 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠲᠥᠯᠥᠪᠯᠡᠵᠦ᠂ ᠲᠥᠬᠦᠭᠡᠷᠦᠮᠵᠢ ᠶᠢᠨ ᠲᠠᠷᠢᠶᠠᠯᠠᠩ ᠢ 5000 ᠮᠦ ᠰᠢᠨ᠎ᠡ ᠪᠠᠷ ᠨᠡᠮᠡᠭᠳᠡᠭᠦᠯᠦᠨ᠎ᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠨᠠᠷ ᠰᠠᠶᠢᠲᠠᠢ ᠡᠭᠦᠯᠳᠡᠷ ᠤᠨ ᠢᠷᠡᠯᠲᠡ ᠶᠢ ᠬᠠᠮᠠᠭᠠᠯᠠᠨ ᠠᠰᠢᠭᠯᠠᠬᠤ᠂ ᠬᠤᠵᠢᠷ ᠲᠤ ᠳᠠᠭᠠᠭᠠᠮᠠᠭᠠᠢ ᠡᠭᠦᠯᠳᠡᠷ ᠢ ᠪᠣᠶᠢᠵᠢᠭᠤᠯᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ︽ᠭᠤᠷᠪᠠᠨ ᠶᠡᠭᠡ ᠢᠨᠵᠧᠨᠧᠷᠢᠩ︾ ᠢ ᠬᠡᠷᠡᠭᠵᠢᠭᠦᠯᠵᠦ᠂ ᠰᠢᠶᠠᠨ ᠹᠧᠩ ᠪᠠᠯᠭᠠᠰᠣᠨ ᠤ ᠢᠳᠡᠭᠡᠨ ᠤ ᠮᠥᠭᠦ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠬᠢᠭᠤᠯᠤᠨ ᠂ ᠳᠡᠯᠳᠡᠣ ᠶᠢᠨ ᠣᠨᠴᠠᠯᠢᠭᠲᠤ ᠠᠵᠤ ᠦᠢᠯᠡᠰ ᠢ ᠢᠳᠡᠪᠬᠢᠲᠡᠢ ᠪᠣᠶᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠴᠠᠭ ᠲᠤᠬᠠᠢ ᠳᠤᠨᠢ ᠤᠯᠠᠷᠢᠭᠤᠯᠤᠨ ᠪᠣᠳᠠᠲᠠᠢ ᠦᠢᠯᠡᠳᠪᠦᠷᠢᠯᠡᠯ ᠳᠤ ᠬᠡᠷᠡᠭᠯᠡᠨ᠎ᠡ᠃  ᠮᠧᠩ ᠨᠢᠣ ᠶᠢᠨ ᠣᠲᠣ ᠦᠶ᠎ᠡ ᠶᠢᠨ ᠳᠡᠭᠡᠳᠦ ᠲᠠᠰ ᠤᠨ ᠣᠷᠭᠠᠨᠢᠭ  ᠰᠦ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠰᠠᠭᠠᠯᠢ ᠶᠢᠨ ᠦᠨᠢᠶ᠎ᠡ ᠲᠡᠵᠢᠭᠡᠬᠦ ᠬᠡᠮᠵᠢᠶ᠎ᠡ ᠶᠢ 5 ᠲᠦᠮᠡ ᠠᠴᠠ ᠳᠡᠭᠡᠭᠰᠢ ᠬᠦᠷᠭᠡᠵᠦ᠂ ᠵᠢᠯ ᠳᠤ 10 ᠲᠦᠮᠡᠨ ᠲᠣᠨ ᠤ ᠰᠢᠨ᠎ᠡ ᠰᠦ ᠶᠢᠨ ᠭᠠᠷᠤᠯᠲᠠ ᠶᠢ ᠳᠠᠪᠠᠭᠤᠯᠤᠨ᠂ ᠪᠥᠬᠦ ᠬᠤᠰᠢᠭᠤ ᠶᠢ ᠳᠠᠶᠢᠴᠢᠯᠠᠨ 20 ᠲᠦᠮᠡᠨ ᠮᠦ ᠬᠥᠬᠡ ᠳᠠᠷᠤᠰᠢ ᠶᠢᠨ ᠡᠷᠳᠡᠨᠢ ᠰᠢᠰᠢ᠂ 2 ᠲᠦᠮᠡᠨ ᠮᠦ ᠨᠣᠬᠠᠢ ᠶᠢᠨ ᠬᠤᠰᠢᠭᠤ ᠳᠠᠷᠢᠵᠤ᠂ ᠳᠠᠷᠢᠵᠤ ᠲᠡᠵᠢᠭᠡᠬᠦ ᠶᠢᠨ ᠣᠷᠴᠢᠯ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ