ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠱᠠᠯᠠᠪᠳᠠᠭᠤᠯᠤᠨ ᠵᠢᠯᠣᠭᠤᠳᠴᠤ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/28
      2 ᠰᠠᠷ᠎ᠠ ᠶᠢᠨ 26 ᠤ ᠡᠳᠦᠷ᠂ ᠵᠠᠰᠠᠭ ᠤᠨ ᠣᠷᠳᠤᠨ ᠤ ᠳᠡᠳ᠋ ᠬᠤᠲᠠ ᠶᠢᠨ ᠳᠠᠷᠤᠭ᠎ᠠ ᠫᠧᠩ ᠢᠦᠶ ᠲᠠᠩ ᠪᠦᠯᠬᠦᠮ ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ᠂  ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠼᠤᠤ ᠳ᠋ᠦᠩ ᠵᠢᠴᠢ ᠬᠤᠲᠠ ᠬᠤᠰᠢᠭᠤ ᠬᠤᠶᠠᠷ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

调研会2.28.1.jpg

      ᠬᠤᠷᠠᠯ ᠳᠡᠭᠡᠷ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂

ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠲᠣᠰ ᠲᠣᠰ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠳᠤ

ᠴᠢᠭᠯᠡᠭᠦᠯᠦᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠱᠠᠭᠠᠷᠳᠠᠯᠭ᠎ᠠ ᠳᠤᠷᠠᠳᠪᠠ᠃ ᠼᠤᠤ ᠳ᠋ᠦᠩ ᠪᠥᠬᠦ ᠬᠤᠰᠢᠭᠤᠨ ᠤ ᠬᠠᠮᠢᠶ᠎ᠠ ᠪᠥᠬᠦᠶ

ᠬᠦᠷᠢᠶᠡᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃

     ᠫᠧᠩ ᠢᠦᠢ ᠲᠠᠩ ᠤᠷᠠᠳ ᠤᠨ ᠡᠮᠦᠨᠡᠲᠦ ᠬᠤᠰᠢᠭᠤᠨ ᠤ ᠣᠯᠤᠭᠰᠠᠨ ᠠᠮᠵᠢᠯᠲᠠ ᠶᠢ ᠨᠤᠲᠠᠯᠠᠪᠠ᠃ ᠲᠡᠷᠡ᠂ ᠪᠥᠬᠦ ᠬᠤᠰᠢᠭᠤᠨ ᠤ ᠬᠤᠯᠪᠣᠭᠳᠠᠯ

ᠪᠥᠬᠦᠶ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂

ᠲᠥᠷᠥᠯ ᠵᠦᠢᠯ ᠢ ᠠᠬᠢᠭᠤᠯᠬᠤ ᠲᠣᠭᠲᠠᠴᠠ ᠶᠢ ᠪᠦᠷᠢᠨᠰᠢᠬᠦᠯᠵᠦ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠬᠡᠷᠡᠭᠯᠡᠯᠲᠡ ᠶᠢ ᠴᠢᠩᠭᠠᠳᠬᠠᠨ᠂ ︽

ᠪᠠᠲᠤᠯᠠᠨ ᠲᠤᠰᠢᠶᠠᠬᠤ ᠠᠰᠠᠷ︾ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ᠂ ᠲᠡᠦᠬᠡᠨ ᠠᠴᠠ ᠦᠯᠡᠳᠡᠭᠳᠡᠵᠦ ᠢᠷᠡᠭᠰᠡᠨ

ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠵᠡᠷᠭᠡ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠠᠤᠯᠢ ᠠᠴᠠ ᠵᠥᠷᠢᠴᠡᠨ ᠭᠠᠵᠠᠷ

ᠬᠡᠷᠡᠭᠯᠡᠬᠦ᠂ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ

ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃ ᠣᠷᠣᠰᠢᠵᠤ ᠪᠠᠶᠢᠭ᠎ᠠ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂

ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠬᠦ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂

ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠬᠠᠷᠢᠭᠤ ᠰᠤᠷᠪᠤᠯᠵᠢᠯᠠᠬᠤ︾ ᠠᠵᠢᠯ ᠢ ᠪᠠᠶᠢᠩᠭᠤ ᠥᠷᠨᠢᠭᠦᠯᠵᠦ᠂ ᠠᠰᠠᠭᠤᠳᠠᠯ ᠢ ᠪᠣᠳᠠᠲᠠᠶ

ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ ᠰᠢᠷᠣᠶ ᠶᠢ ᠰᠢᠩᠭᠡᠭᠡᠨ

ᠰᠢᠢᠳᠪᠦᠷᠢᠯᠡᠬᠦ ᠠᠵᠢᠯ ᠢ ᠪᠣᠳᠠᠲᠠᠶ ᠪᠥᠭᠡᠳ ᠰᠠᠶᠢᠲᠤᠷ ᠠᠳᠬᠤᠵᠤ᠂ ᠰᠤᠯᠠ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠮᠢᠳᠤᠯᠢᠭ ᠪᠣᠯᠭᠠᠨ᠂ ᠭᠠᠵᠠᠷ

ᠰᠢᠷᠣᠶ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃

      ᠰᠣᠶᠣᠯᠲᠤ᠂ ᠤᠷᠠᠳ ᠤᠨ ᠡᠮᠦᠨᠡᠲᠦ ᠬᠤᠰᠢᠭᠤ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ

ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠤᠬᠢᠷᠠᠭᠤᠯᠵᠤ᠂ ︽ᠬᠠᠶᠢᠷ᠎ᠠ

ᠬᠠᠯᠠᠮᠵᠢ ᠶᠢᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠰᠠᠶᠢᠲᠤᠷ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠢ

ᠭᠦᠨᠵᠡᠭᠡᠢ ᠥᠷᠨᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ ᠭᠡᠵᠦ ᠢᠯᠡᠳᠬᠡᠪᠡ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ

᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠲᠠᠢ ᠬᠠᠷᠭᠤᠭᠤᠯᠵᠤ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ

ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠬᠢ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ

ᠨᠠᠶᠢᠳᠠᠪᠤᠷᠢᠵᠢᠭᠤᠯᠬᠤ ᠶᠢ ᠬᠠᠤᠯᠢ ᠲᠣᠭᠲᠠᠭᠠᠯ ᠶᠣᠰᠣᠭᠠᠷ ᠲᠦᠷᠭᠡᠳᠬᠡᠨ ᠠᠬᠢᠭᠤᠯᠵᠤ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠠᠭ

ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ  ᠪᠠᠲᠤᠯᠠᠨ᠎ᠠ ᠭᠡᠵᠦ ᠢᠯᠡᠳᠭᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ