ᠰᠢ ᠰᠢᠶᠣᠤ ᠵᠣᠣ ᠪᠠᠯᠭᠠᠰᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠱᠠᠯᠠᠪᠳᠠᠵᠤ ᠪᠠᠶᠢᠨ᠎ᠠ
ᠨᠡᠶᠢᠲᠡᠯᠡᠭᠰᠡᠨ ᠴᠠᠭ᠄
2024/2/29
    ᠣᠶᠢᠷ᠎ᠠ ᠶᠢᠨ ᠬᠤᠭᠤᠴᠠᠭᠠᠨ ᠳᠤ᠂ ᠰᠢ ᠰᠢᠶᠤᠤ ᠵᠣᠣ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠠᠩᠭᠢᠯᠠᠭ᠎ᠠ ᠶᠢᠨ ᠦᠶ᠎ᠡ ᠳᠤ ᠣᠷᠣᠪᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠠᠮᠤ ᠪᠤᠳᠠᠭᠠᠨ ᠤ ᠠᠮᠤᠷ ᠲᠦᠪᠰᠢᠨ ᠲᠠᠢ ᠬᠤᠯᠪᠣᠭᠳᠠᠵᠤ᠂ ᠪᠦᠬᠦ ᠵᠢᠯ ᠤᠨ ᠲᠠᠷᠢᠶᠠᠯᠠᠩ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠰᠠᠭᠤᠷᠢ ᠪᠣᠯᠳᠠᠭ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠢ ᠰᠢᠶᠤᠤ ᠵᠤᠤ ᠪᠠᠯᠭᠠᠰᠤ ᠲᠤᠰ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠡᠷᠲᠡ ᠠᠴᠠ ᠪᠠᠶᠢᠷᠢᠯᠠᠭᠤᠯᠵᠤ᠂ ᠲᠠᠷᠢᠶᠠᠯᠠᠭ᠎ᠠ ᠶᠢᠨ ᠴᠠᠭ ᠢ ᠠᠮᠵᠢᠵᠤ ᠪᠠᠶᠢᠨ᠎ᠠ᠃

微信截图_20240229155229.png

    ᠰᠣᠷᠪᠣᠯᠵᠢᠯᠠᠭᠴᠢ ᠶᠢ ᠰᠢ ᠰᠢᠶᠤᠤ ᠵᠤᠤ ᠪᠠᠯᠭᠠᠰᠤᠨ ᠤ ᠡᠯ᠎ᠡ ᠲᠣᠰᠬᠤᠨ ᠳᠤ ᠬᠦᠷᠬᠦ ᠳᠤ᠂ ᠲᠠᠷᠢᠶᠠᠯᠠᠩ ᠤᠨ ᠮᠠᠰᠢᠨ  ᠰᠦᠯᠵᠢᠯᠳᠦᠵᠦ᠂ ᠭᠠᠵᠠᠷ

ᠤᠷᠪᠠᠭᠤᠯᠬᠤ᠂ ᠭᠠᠵᠠᠷ ᠲᠡᠭᠰᠢᠯᠡᠬᠦ ᠵᠡᠷᠭᠡ ᠠᠵᠢᠯᠯᠠᠭ᠎ᠠ  ᠶᠠᠪᠣᠭᠳᠠᠭᠤᠯᠣᠨ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠯ ᠬᠢᠨ᠎ᠡ᠃  ︽ᠲᠠᠷᠢᠶᠠᠯᠠᠬᠤ ᠴᠠᠭ︾

 ᠢ ᠵᠠᠪᠳᠤᠨ ᠠᠳᠬᠤᠵᠤ᠂ ︽ᠲᠠᠷᠢᠶᠠᠯᠠᠩ ᠤᠨ ᠶᠠᠪᠤᠳᠠᠯ︾ ᠢ ᠰᠠᠭᠠᠲᠠᠭᠠᠬᠤ ᠥᠬᠡᠶ ᠪᠠᠶᠢᠬᠤ ᠶᠢᠨ ᠲᠥᠯᠥᠭᠡ᠂  ᠲᠣᠰ ᠪᠠᠯᠭᠠᠰᠤ ᠲᠠᠷᠢᠶᠠᠯᠠᠩ ᠤᠨ ᠦᠷ᠎ᠡ

ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢᠨ ᠲᠣᠭᠤᠷᠢᠨ ᠳᠤ᠂ ᠤᠳᠤᠷᠢᠳᠬᠤ ᠺᠠᠳ᠋ᠷ᠂ ︽ᠨᠤᠲᠤᠭ ᠤᠨ

ᠮᠡᠷᠭᠡᠵᠢᠯᠲᠡᠨ︾ ᠵᠡᠷᠭᠡ ᠶᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠲᠠᠷᠢᠶᠠᠯᠠᠩ ᠢ ᠲᠡᠳᠬᠦᠨ ᠳᠡᠮᠵᠢᠬᠦ ᠡᠯ᠎ᠡ ᠲᠦᠷᠦᠯ ᠤᠨ

ᠲᠦᠷᠦ ᠶᠢᠨ ᠪᠣᠳᠣᠯᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠪᠠ ᠬᠠᠪᠤᠷ ᠤᠨ ᠤᠯᠠᠷᠢᠯ ᠤᠨ ᠲᠠᠷᠢᠮᠠᠯ ᠤᠨ ᠲᠠᠷᠢᠶᠠᠨ ᠭᠠᠵᠠᠷ ᠤᠨ

ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠤᠮᠳᠠ ᠣᠷᠣᠰᠢᠵᠤ

ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠬᠠᠪᠤᠷ ᠤᠨ ᠤᠰᠤᠯᠠᠯᠲᠠ ᠶᠢᠨ ᠪᠡᠯᠡᠳᠬᠡᠯ ᠠᠵᠢᠯ ᠢ

ᠵᠦᠢ ᠵᠣᠬᠢᠰᠲᠠᠢ ᠡᠮᠬᠢ ᠵᠢᠷᠤᠮ ᠲᠠᠢ ᠪᠠᠷ ᠰᠠᠶᠢᠲᠤᠷ ᠬᠢᠯᠭᠡᠵᠦ᠂ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠠᠷᠢᠶᠠᠯᠠᠬᠤ᠂ ᠬᠦᠴᠦ

ᠬᠤᠷᠠᠮᠳᠤᠭᠤᠯᠤᠨ ᠡᠯᠪᠡᠭ ᠬᠤᠷᠢᠶᠠᠯᠲᠠ ᠣᠯᠬᠤ ᠶᠢ ᠪᠠᠲᠤᠯᠠᠵᠦ ᠪᠠᠶᠢᠨ᠎ᠠ᠃

   ᠳᠠᠷᠠᠭᠠᠴᠢ ᠶᠢᠨ ᠠᠯᠬᠤᠮ ᠳᠤ᠂ ᠰᠢ ᠰᠢᠶᠣᠣ ᠵᠤᠤ ᠪᠠᠯᠭᠠᠰᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ

ᠦᠷᠭᠦᠯᠵᠢᠯᠡᠨ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ

ᠦᠨᠳᠦᠰᠦᠨ ᠪᠠᠶᠢᠳᠠᠯ ᠢ ᠰᠠᠶᠢᠲᠤᠷ ᠰᠠᠬᠢᠵᠤ᠂ ᠲᠤᠰ ᠪᠠᠯᠭᠠᠰᠤ ᠶᠢᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ

ᠰᠠᠭᠤᠷᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠢᠳᠡᠪᠬᠢᠲᠡᠢ ᠦᠢᠯᠡᠴᠢᠯᠡᠵᠦ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ

ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ