ᠮᠣᠨᠠ ᠠᠭᠤᠯᠠ ᠪᠠᠯᠭᠠᠰᠣᠨ ᠤ ᠷᠦᠢ ᠲᠠᠢ ᠨᠡᠶᠢᠭᠡᠮ ᠲᠣᠭᠤᠷᠢᠭ '' 4050 '' ᠠᠮᠢᠳᠤᠯᠢᠭ ᠢᠶᠠᠷ ᠠᠵᠢᠯ ᠣᠯᠣᠭᠰᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠭᠦᠢᠴᠡᠳᠬᠡᠬᠦ ᠠᠵᠢᠯ ᠢ ᠢᠳᠡᠪᠬᠢᠲᠡᠢ ᠦᠷᠨᠢᠬᠦᠯᠪᠡ
ᠨᠡᠶᠢᠲᠡᠯᠡᠭᠰᠡᠨ ᠴᠠᠭ᠄
2024/2/29
   ''4050'' ᠠᠮᠢᠳᠤᠯᠢᠭ ᠢᠶᠠᠷ ᠠᠵᠢᠯ ᠣᠯᠣᠭᠰᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠷᠢᠶᠠᠲᠤ ᠣᠷᠣᠨ ᠤ ᠳᠣᠲᠣᠷᠠᠬᠢ ᠲᠥᠷᠥ ᠶᠢᠨ ᠪᠣᠳᠣᠯᠭ᠎ᠠ ᠳᠤ ᠨᠡᠶᠢᠴᠡᠬᠦ ᠰᠠᠭᠤᠭᠠᠯᠢ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ᠦᠨᠡᠨ ᠬᠦ ᠪᠠᠲᠤᠯᠠᠬᠤ ᠶᠢᠨ ᠲᠥᠯᠥᠭᠡ᠂  ᠣᠷᠠᠳ ᠤᠨ ᠡᠮᠦᠨᠡᠲᠤ ᠬᠤᠰᠢᠭᠤᠨ ᠤ  ᠮᠣᠨᠠ ᠠᠭᠤᠯᠠ ᠪᠠᠯᠭᠠᠰᠣᠨ ᠤ ᠷᠦᠢ ᠲᠠᠢ ᠨᠡᠶᠢᠭᠡᠮ ᠲᠣᠭᠤᠷᠢᠭ ᠤᠨ ᠬᠢᠨ ''4050'' ᠠᠮᠢᠳᠤᠯᠢᠭ ᠢᠶᠠᠷ ᠠᠵᠢᠯ ᠣᠯᠣᠭᠰᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠭᠦᠢᠴᠡᠳᠬᠡᠬᠦ ᠠᠵᠢᠯ ᠢ ᠢᠳᠡᠪᠬᠢᠲᠡᠢ ᠥᠷᠨᠢᠭᠦᠯᠪᠡ᠃

微信图片_20240229155243.jpg

   ᠨᠡᠶᠢᠭᠡᠮ ᠲᠣᠭᠤᠷᠢᠭ ᠤᠨ ᠠᠵᠢᠯᠲᠠᠳ ᠠᠴᠠ ᠸᠢᠴᠠᠲ ᠤᠨ ᠴᠣᠭᠯᠠᠷᠠᠯ᠂ ᠨᠠᠶᠢᠵᠠ ᠶᠢᠨ ᠲᠣᠭᠤᠷᠢᠭ ᠵᠡᠷᠭᠡ ᠪᠠᠷ ᠳᠠᠮᠵᠢᠭᠤᠯᠤᠨ ᠰᠠᠭᠤᠭᠠᠯᠢ ᠠᠷᠠᠳ

ᠨᠢᠭᠡᠪᠦᠷᠢ ᠳᠤ ᠮᠡᠳᠡᠭᠳᠡᠨ ᠂ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠭᠦᠢᠴᠡᠳᠬᠡᠬᠦ ᠪᠠᠷ ᠢᠷᠡᠭᠰᠡᠨ ᠰᠠᠭᠤᠭᠠᠯᠢ

ᠠᠷᠠᠳ ᠲᠤ  ︽ᠬᠦᠯᠢᠴᠡᠩᠭᠦᠢ᠂ ᠳᠣᠲᠣᠨᠣ᠂ ᠨᠠᠷᠢᠨ ᠨᠢᠮᠪᠠᠢ︾ ᠪᠠ ︽ᠨᠢᠭᠡ ᠯᠡ ᠤᠳᠠᠭ᠎ᠠ ᠭᠦᠶᠦᠯᠭᠡᠬᠦ︾ ᠵᠠᠷᠴᠢᠮ ᠢ ᠪᠠᠷᠢᠮᠲᠠᠯᠠᠵᠤ᠂ ᠢᠯᠠᠩᠭᠤᠶ᠎ᠠ

ᠨᠥᠬᠦᠪᠦᠷᠢ ᠶᠢ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠠᠩᠬ᠎ᠠ ᠤᠳᠠᠭ᠎ᠠ ᠭᠦᠢᠴᠡᠳᠬᠡᠵᠦ ᠪᠠᠶᠢᠭ᠎ᠠ ᠰᠠᠭᠤᠭᠠᠯᠢ ᠠᠷᠠᠳ ᠲᠤ ᠨᠠᠷᠢᠨ ᠲᠠᠶᠢᠯᠤᠮᠵᠢ ᠬᠢᠬᠦ

 ᠶᠢᠨ ᠬᠠᠮᠲᠣ ᠰᠠᠭᠤᠭᠠᠯᠢ ᠠᠷᠠᠳ ᠤᠨ ᠳᠡᠭᠡᠭᠰᠢ ᠲᠤᠰᠢᠶᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠴᠢᠩᠭ᠎ᠠ ᠬᠢᠨᠠᠨ ᠬᠠᠷᠭᠤᠭᠤᠯᠵᠤ᠂ ᠰᠠᠭᠤᠭᠠᠯᠢ ᠠᠷᠠᠳ ᠢ

ᠠᠵᠢᠯ ᠶᠠᠪᠤᠳᠠᠯ ᠰᠢᠢᠳᠪᠦᠷᠢᠯᠡᠬᠦ ᠳᠡᠭᠡᠨ ︽ᠳᠤᠲᠠᠭᠤ ᠭᠦᠶᠦᠯᠭᠡᠬᠦ︾  ᠶᠢ ᠬᠡᠷᠡᠭᠵᠢᠬᠦᠯᠪᠡ᠃

   ᠳᠠᠷᠠᠭᠠᠴᠢ ᠶᠢᠨ ᠠᠯᠬᠤᠮ ᠳᠤ᠂ ᠷᠦᠢ ᠲᠠᠢ ᠨᠡᠶᠢᠭᠡᠮ ᠲᠣᠭᠤᠷᠢᠭ ᠤᠨ ᠬᠢᠨ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠦᠷᠭᠦᠯᠵᠢᠯᠡᠨ

ᠰᠠᠶᠢᠲᠤᠷ ᠬᠢᠵᠦ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ  ᠪᠠᠨ ᠪᠠᠷᠢᠮᠲᠠᠯᠠᠵᠤ᠂ ᠦᠢᠯᠡᠴᠢᠯᠡᠭᠡᠨ ᠤ ᠵᠠᠭᠪᠤᠷ ᠢᠶᠠᠨ ᠰᠢᠯᠢᠳᠡᠭᠵᠢᠭᠦᠯᠵᠦ᠂ ᠤᠯᠠᠨ

ᠲᠦᠮᠡᠨ ᠳᠤ ᠳᠣᠲᠣᠨᠣ᠂ ᠪᠦᠷᠢᠨ ᠭᠦᠢᠴᠡᠳ᠂ ᠳᠥᠭᠦᠮ ᠳᠥᠲᠡ ᠦᠢᠯᠡᠴᠢᠯᠡᠭᠡ ᠬᠠᠩᠭᠠᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ