ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠤ ᠠᠵᠢᠯ  ᠤᠨ ᠢᠯᠡᠳᠬᠡᠯ
ᠨᠡᠶᠢᠲᠡᠯᠡᠭᠰᠡᠨ ᠴᠠᠭ᠄
2024/2/29
              ︵2024 ᠣᠨ ᠤ 1 ᠰᠠᠷ᠎ᠠ ᠶᠢᠨ 21 ᠤ ᠡᠳᠦᠷ ᠲᠤ  ᠪᠣᠯᠤᠭᠰᠠᠨ ᠤᠷᠠᠳ ᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ              ᠬᠤᠭᠤᠴᠠᠭᠠᠨ ᠤ  ᠠᠷᠠᠳ  ᠤᠨ ᠲᠥᠯᠥᠭᠡᠯᠡᠭᠴᠢᠳ ᠤᠨ  ᠶᠡᠭᠡ ᠬᠤᠷᠠᠯ ᠤᠨ  ᠭᠤᠷᠪᠠᠳᠤᠭᠠᠷ  ᠤᠳᠠᠭᠠᠨ ᠤ  ᠬᠤᠷᠠᠯᠳᠤᠭᠠᠨ ᠳᠡᠭᠡᠷ᠎ᠡ︶                                                                                    ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ                                                                                                                                                                       ᠸᠠᠩ ᠵᠢᠶᠦ᠋ᠨ ᠵᠢᠶᠧ    ᠲᠥᠯᠥᠭᠡᠯᠡᠭᠴᠢᠳ ᠡ᠄       ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠭᠦᠨᠴᠢᠯᠡᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ ᠃                     ᠨᠢᠭᠡ᠂ 2023 ᠣᠨ ᠤ ᠠᠵᠢᠯ ᠤᠨ ᠡᠷᠭᠢᠴᠡᠭᠦᠯᠦᠯ               2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂  ᠮᠦᠨ ᠴᠤ ᠮᠠᠨ ᠤ ᠬᠤᠰᠢᠭᠤᠨ ᠤ ᠬᠥᠭᠵᠢᠯᠲᠡ ᠶᠢᠨ ᠶᠠᠪᠤᠴᠠ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠃ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ᠪᠢᠳᠡᠨ ᠳᠤ ᠴᠢᠭᠯᠡᠯ ᠢ ᠲᠣᠭᠲᠠᠭᠠᠨ᠂ ᠵᠠᠮ ᠵᠢᠭᠠᠵᠤ ᠦᠭᠬᠦᠭᠰᠡᠨ ᠠᠴᠠ ᠦᠷᠬᠡᠨ ᠣᠯᠠᠨ ᠺᠠᠳ᠋ᠷ ᠣᠯᠠᠨ ᠲᠦᠮᠡᠨ ᠶᠡᠬᠡᠳᠡ ᠵᠣᠷᠢᠭᠵᠢᠵᠤ᠂ ᠢᠲᠡᠭᠡᠯ ᠵᠣᠷᠢᠭ ᠲᠡᠭᠦᠯᠳᠡᠷ ᠪᠠᠶᠢᠨ᠎ᠠ᠃ ᠪᠢᠳᠡ ᠬᠤᠰᠢᠭᠤᠨ ᠤ ᠨᠠᠮ  ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠥᠬᠦ  ᠬᠤᠰᠢᠭᠤᠨ ᠤ ᠡᠯ᠎ᠡ ᠦᠨᠳᠦᠰᠦᠳᠡᠨ ᠤ  ᠠᠷᠠᠳ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠡᠨ᠂ ᠡᠷᠡᠯᠬᠡᠭᠯᠡᠨ ᠤᠷᠤᠭᠰᠢᠯᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ  ᠶᠢᠨ ᠤᠬᠠᠮᠰᠠᠷ ᠢ ᠪᠠᠳᠤᠳᠬᠠᠬᠤ ᠡᠨᠡᠬᠦ ᠭᠤᠤᠯ ᠰᠢᠵᠢᠮ ᠢ ᠴᠢᠩᠭ᠎ᠠ ᠠᠳᠬᠤᠵᠤ᠂ ᠬᠦᠴᠦᠨ ᠢᠶᠠᠨ ᠲᠦᠪᠯᠡᠷᠡᠬᠦᠯᠦᠨ ᠬᠤᠶᠠᠷ ᠶᠡᠭᠡ ᠶᠠᠪᠤᠳᠠᠯ ᠢ ᠰᠠᠶᠢᠳᠤᠷ ᠬᠢᠵᠦ᠂ ᠠᠵᠤ ᠠᠬᠤᠶ ᠨᠡᠶᠢᠭᠡᠮ ᠤᠨ  ᠡᠯ᠎ᠡ ᠲᠦᠷᠦᠯ ᠤᠨ ᠦᠢᠯᠡᠰ ᠤᠨ ᠬᠦᠭᠵᠢᠯᠳᠡ ᠳᠤ ᠢᠯᠡᠳᠲᠡ ᠦᠷ᠎ᠡ ᠪᠦᠲᠦᠮᠵᠢ ᠤᠯᠪᠠ᠃      ᠨᠢᠭᠡ ᠳᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠰᠢᠯᠢᠳᠡᠭᠵᠢᠪᠡ᠃ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠪᠦᠲᠦᠴᠡ ᠶᠢ ᠳᠣᠭᠢᠷᠠᠭᠤᠯᠬᠤ᠂ ᠲᠠᠰ ᠳᠡᠪᠰᠢᠭᠦᠯᠬᠦ ᠶᠢ ᠠᠬᠢᠭᠤᠯᠬᠤ ᠠᠯᠢ ᠣᠯᠠᠨ ᠠᠵᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯᠯᠠᠭᠠᠨ ᠤ ᠲᠣᠬᠢᠷᠠᠭᠤᠯᠤᠯᠲᠠ ᠪᠠ  ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠮᠠᠭᠤ᠂ ᠠᠭᠤᠷᠬᠠᠶ ᠶᠢ ᠬᠠᠭᠠᠵᠤ ᠵᠣᠭᠰᠣᠭᠠᠨ ᠴᠡᠭᠴᠡᠯᠡᠨ ᠵᠠᠰᠠᠬᠤ ᠵᠡᠷᠭᠡ ᠠᠰᠢᠭ ᠥᠬᠡᠶ ᠬᠦᠴᠦᠨ ᠵᠦᠢᠯ ᠤᠨ ᠨᠥᠯᠥᠭᠡ ᠶᠢ ᠢᠯᠡᠨ ᠳᠠᠪᠠᠵᠤ᠂ ᠠᠵᠤ ᠠᠬᠤᠶ ᠶᠢᠨ ᠲᠣᠭᠲᠠᠭᠤᠨ ᠢᠶᠠᠷ ᠳᠠᠬᠢᠨ ᠳᠡᠭᠡᠭᠰᠢᠯᠡᠬᠦ᠂ ᠴᠢᠨᠠᠷ ᠰᠠᠶᠢᠲᠠᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠪᠠ᠃ ᠵᠢᠱᠢᠯᠲᠡ ᠪᠠᠷ ᠪᠦᠬᠦ ᠬᠤᠰᠢᠭᠤᠨ ᠤ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ 182 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 1.5 % ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 42 ᠳ᠋ᠦᠩᠰᠢᠭᠤᠷ ᠲᠥᠭᠦᠷᠢᠭ ᠪᠡᠶᠡᠯᠡᠭᠦᠯᠵᠦ᠂ 25% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 30.6 ᠳ᠋ᠦᠩᠰᠢᠭᠤᠷ ᠲᠥᠭᠦᠷᠢᠭ ᠲᠤ ᠬᠦᠷᠭᠡᠵᠦ᠂ 6 % ᠪᠠᠷ  ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 9.7 % ᠨᠡᠮᠡᠭᠳᠡᠪᠡ ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠰᠪᠣᠷᠢ 39280 ᠲᠥᠭᠦᠷᠢᠭ ᠪᠠ 26210 ᠲᠥᠭᠦᠷᠢᠭ ᠲᠤ ᠬᠦᠷᠭᠡᠵᠦ᠂ 6 % ᠪᠠ 8 % ᠪᠠᠷ  ᠨᠡᠮᠡᠭᠳᠡᠪᠡ᠃       ᠬᠤᠶᠠᠷ ᠲᠤ ︽ᠲᠠᠪᠤᠨ ᠶᠡᠭᠡ ᠡᠭᠦᠷᠭᠡ︾ ᠶᠢ ᠯᠠᠪᠳᠠᠭᠤᠨ ᠢᠶᠠᠷ ᠠᠬᠢᠭᠤᠯᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ 15 ᠲᠦᠮᠡᠨ ᠮᠦ ᠪᠤᠭᠤᠳᠠᠢ ᠲᠠᠷᠢᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 32 ᠳ᠋ᠦᠩᠰᠢᠭᠤᠷ ᠵᠢᠩ ᠢ ᠳᠠᠪᠠᠪᠠ᠃ 15 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ︿︿ᠪᠥᠬᠦ ᠣᠷᠣᠨ ᠤ ᠭᠠᠵᠠᠷ ᠰᠢᠷᠤᠢ ᠶᠢ ᠲᠡᠭᠰᠢᠯᠡᠬᠦ ᠬᠠᠮᠳᠤᠷᠠᠭᠰᠠᠨ ᠪᠠᠶᠢᠯᠳᠤᠭᠠᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ﹀﹀ ᠢ ᠲᠡᠭᠦᠰ ᠠᠮᠵᠢᠯᠲᠠ ᠲᠠᠢ ᠳᠠᠭᠠᠭᠠᠨ ᠡᠷᠭᠢᠯᠡᠵᠦ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠷᠣᠭᠤᠯᠤᠯᠲᠠ ᠪᠥᠲᠥᠭᠡᠨ ᠪᠠᠶᠢᠭᠤᠯᠤᠯᠲᠠ ᠠᠵᠢᠯᠯᠠᠬᠤ ᠶᠢ ᠨᠢᠭᠡ ᠴᠣᠭᠴᠠᠵᠢᠭᠤᠯᠬᠤ ᠪᠠ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠵᠠᠭᠪᠤᠷ ᠨᠢ ᠨᠡᠶᠢᠲᠡᠯᠢᠭ ᠲᠤᠷᠰᠢᠯᠭ᠎ᠠ ᠪᠣᠯᠵᠤ ᠪᠦᠬᠦ ᠣᠷᠣᠨ ᠳᠤ ᠳᠡᠯᠭᠡᠷᠡᠭᠦᠯᠦᠭᠳᠡᠪᠡ᠃ 11 ᠲᠦᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ 12 ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠲᠦᠬᠦᠭᠡᠷᠦᠮᠵᠢ ᠶᠢ ᠪᠦᠬᠦᠨ ᠢ ᠪᠠᠶᠢᠭᠤᠯᠵᠤ ᠳᠠᠭᠤᠰᠬᠠᠨ᠂ ᠭᠠᠵᠠᠷ ᠰᠢᠷᠣᠶ ᠶᠢ ᠰᠢᠯᠵᠢᠭᠦᠯᠦᠭᠰᠡᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠲᠣᠰ ᠲᠣᠰ 88 ᠲᠦᠮᠡᠨ ᠮᠥ᠂ 106 ᠲᠦᠮᠡᠨ ᠮᠥ ᠳᠤ ᠬᠦᠷᠴᠡᠶ᠃ ᠯᠠᠵᠤᠤ᠂ ᠢᠳᠡᠰᠢᠨ ᠮᠥᠭᠦ᠂ ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠪᠦᠲᠦᠭᠡᠭᠳᠡᠬᠦᠨ  ᠤ ᠲᠠᠷᠢᠬᠤ ᠲᠠᠯᠠᠪᠠᠢ ᠶᠢ 12 ᠲᠦᠮᠡᠨ ᠮᠤ᠋ ᠳᠤ ᠬᠦᠷᠭᠡᠵᠦ᠂ ᠤᠯᠤᠰ ᠤᠨ ᠯᠠᠵᠤᠤ ᠶᠢᠨ ᠴᠢᠬᠢ ᠪᠤᠶᠢᠵᠢᠭᠤᠯᠬᠤ ᠶᠢ ᠡᠷᠴᠢᠮᠵᠢᠭᠦᠯᠦᠭᠰᠡᠨ ᠪᠠ ᠮᠠᠰᠢᠨᠴᠢᠯᠠᠭᠰᠠᠨ ᠰᠢᠯᠵᠢᠭᠦᠯᠦᠨ ᠵᠠᠶᠢᠯᠠᠬᠤ ᠲᠤᠬᠠᠢ ᠶᠢᠨ ᠲᠠᠯᠠᠪᠠᠢ ᠶᠢᠨ ᠬᠤᠷᠠᠯ ᠢ ᠠᠮᠵᠢᠯᠲᠠ ᠲᠠᠢ ᠡᠷᠬᠢᠯᠡᠪᠡ᠃ ᠮᠠᠯ ᠤᠨ ᠲᠤᠭ᠎ᠠ ᠲᠣᠯᠣᠭᠠᠢ 493 ᠲᠦᠮᠡ ᠳᠤ ᠬᠦᠷᠴᠦ᠂ ᠠᠯᠠᠰᠢᠨ ᠬᠤᠨᠢ 460 ᠲᠦᠮᠡ᠂ ᠰᠠᠭᠠᠯᠢ ᠶᠢᠨ ᠦᠨᠢᠶ᠎ᠡ 4.2 ᠲᠦᠮᠡ ᠪᠠᠶᠢᠵᠦ᠂ ᠵᠢᠯ ᠤᠨ ᠰᠦ ᠶᠢᠨ ᠭᠠᠷᠤᠯᠲᠠ 6.2 ᠲᠦᠮᠡᠨ ᠲᠣᠨ ᠳᠤ ᠬᠦᠷᠴᠡᠶ᠃ ᠲᠩᠷᠢ ᠶᠢᠨ ᠬᠡᠰᠢᠭᠲᠦ ᠪᠣᠷᠣᠲᠣᠬᠤᠶ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾᠂ ᠨᠠᠷᠠᠲᠤ ᠣᠨᠴᠠ ᠰᠢᠯᠢᠳᠡᠭ ᠰᠢᠨ᠎ᠡ ᠦᠢᠯᠡᠳᠭᠦᠨ ᠢ 28 ᠰᠢᠨ᠎ᠡ ᠪᠠᠷ ᠨᠡᠮᠡᠭᠳᠡᠭᠦᠯᠵᠦ᠂ ᠲᠥᠷᠥᠯ ᠲᠡᠮᠳᠡᠭᠵᠢᠭᠦᠯᠬᠦ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ ᠰᠢᠨ᠎ᠡ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠲᠦᠷᠭᠡᠨ ᠬᠥᠭᠵᠢᠪᠡ᠃ ᠳ᠋ᠦᠩ ᠯᠢ ᠶᠢᠨ ᠬᠤᠶᠠᠳᠤᠭᠠᠷ ᠬᠤᠭᠤᠴᠠᠭᠠᠨ ᠤ 4.8 ᠲᠦᠮᠡᠨ ᠲᠣᠨ ᠤ ᠤᠯᠠᠨ ᠲᠠᠯᠠᠰᠲᠤ ᠴᠠᠬᠢᠭᠤᠷ ᠤᠨ ᠲᠦᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠭᠦᠸᠧ ᠱᠧᠩ ᠬᠤᠣᠰ ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ ᠬᠦᠷᠢᠶᠡᠯᠡᠩ ᠤᠨ 10GW ᠲᠠᠯᠠᠰᠵᠢᠭᠤᠯᠬᠤ ᠲᠦᠷᠦᠯ ᠵᠦᠢᠯ ᠰᠠᠭᠤᠷᠢᠰᠢᠨ ᠪᠠᠷᠢᠯᠭ᠎ᠠ ᠡᠬᠢᠯᠡᠵᠦ᠂ ᠥᠪᠥᠷ ᠮᠣᠩᠭᠤᠯ ᠤᠨ ᠡᠨᠧᠷᠭᠢ ᠶᠢᠨ 15 ᠲᠦᠮᠡᠨ ᠺᠢᠯᠦᠸᠠᠲ ᠤᠨ 《ᠬᠡᠷᠡᠯ ᠴᠡᠨᠡᠭ + ᠠᠮᠢ ᠠᠬᠤᠶ ᠶᠢᠨ ᠵᠠᠰᠠᠯᠲᠠ》᠂ 5 ᠲᠦᠮᠡᠨ ᠺᠢᠯᠦᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠵᠡᠷᠭᠡ ᠲᠥᠷᠥᠯ ᠵᠦᠢᠯ ᠨᠢ ᠲᠤᠤᠷ ᠨᠡᠶᠢᠯᠡᠭᠦᠯᠦᠨ ᠴᠠᠬᠢᠯᠭᠠᠨ ᠭᠠᠷᠭᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 46 ᠲᠦᠮᠡᠨ ᠺᠢᠯᠦᠸᠠᠲ ᠲᠤ ᠬᠦᠷᠬᠡᠪᠡ᠃ ᠲᠢᠶᠠᠨ ᠢᠦᠶ ᠶᠤᠸᠠᠨ ᠬᠤᠶᠠᠳᠤᠭᠠᠷ ᠬᠤᠭᠤᠴᠠᠭᠠᠨ ᠤ 60 ᠲᠦᠮᠡᠨ  ᠪᠤᠰᠤᠭ᠎ᠠ ᠳᠥᠷᠪᠡᠯᠵᠢᠨ ᠮᠧᠲᠷ ᠤᠨ ᠪᠠᠶᠢᠭᠠᠯᠢ ᠶᠢᠨ ᠰᠢᠲᠠᠮᠠᠬᠠᠶ ᠬᠡᠶ  ᠶᠢ ᠰᠢᠩᠭᠡᠨᠵᠢᠭᠦᠯᠬᠦ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠶᠠ ᠰᠢᠨ ᠣᠨᠴᠠ ᠪᠣᠯᠣᠳ ᠲᠡᠮᠦᠷ ᠤᠨ ᠺᠣᠮᠫᠠᠨᠢ ᠨᠢ ᠶᠤᠸᠠᠨ ᠮᠧᠩ ᠠᠭᠤᠷᠬᠠᠶ ᠶᠢᠨ ᠦᠢᠯᠡᠰ ᠪᠣᠯᠤᠨ ᠪᠢᠩ ᠰᠢᠨ ᠠᠭᠤᠷᠬᠠᠶ ᠶᠢᠨ ᠦᠢᠯᠡᠰ ᠢ ᠬᠤᠳᠠᠯᠳᠤᠨ ᠠᠪᠴᠤ ᠡᠮᠬᠢᠯᠡᠨ ᠨᠡᠶᠢᠯᠡᠭᠦᠯᠵᠦ᠂ ᠠᠭᠤᠷᠬᠠᠶ ᠶᠢᠨ ᠠᠵᠤ  ᠦᠢᠯᠡᠰ ᠤᠨ ᠬᠡᠪᠴᠢᠶᠡᠵᠢᠬᠦ᠂ ᠵᠢᠷᠤᠮᠵᠢᠬᠤ ᠬᠥᠭᠵᠢᠯᠲᠡ ᠨᠢ ᠢᠳᠡᠷᠡᠬᠦᠨ ᠨᠢᠬᠡ ᠠᠯᠬᠤᠮ ᠢᠶᠠᠨ ᠠᠯᠬᠤᠪᠠ᠃ ᠠᠮᠢ ᠠᠬᠤᠶ ᠶᠢᠨ ᠣᠷᠴᠢᠨ ᠲᠣᠭᠤᠷᠢᠨ ᠪᠦᠬᠦᠯᠢ ᠴᠣᠭᠴᠠ ᠪᠠᠷ ᠢᠶᠠᠨ ᠰᠠᠶᠢᠵᠢᠷᠠᠪᠠ᠃  ︿︿ᠤᠮᠠᠷᠠᠳᠤ ᠶᠢᠨ ᠭᠤᠷᠪᠠᠨ ᠣᠷᠤᠨ﹀﹀  ᠤ ᠢᠨᠵᠧᠨᠧᠷᠢᠩ  ᠤᠨ ᠬᠠᠳᠤᠨ ᠭᠤᠤᠯ ᠤᠨ ᠶᠡᠭᠡ ᠲᠤᠬᠤᠢ ᠶᠢᠨ ᠰᠢᠪᠳᠣᠯᠣᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠲᠡᠭᠡᠷ᠎ᠡ ᠬᠦᠴᠦᠨ ᠢᠶᠠᠨ ᠲᠦᠪᠯᠡᠷᠡᠬᠦᠯᠵᠦ᠂ 8300 ᠮᠥ ᠣᠶᠢᠵᠢᠭᠤᠯᠤᠨ ᠨᠣᠭᠤᠭᠠᠷᠠᠭᠤᠯᠵᠤ᠂ 2000 ᠮᠥ ᠡᠯᠡᠰᠦ ᠶᠢ ᠰᠡᠷᠭᠡᠶᠢᠯᠡᠨ ᠵᠠᠰᠠᠪᠠ᠃ ᠮᠠᠯᠵᠢᠬᠤ ᠲᠠᠷᠢᠶᠠᠯᠠᠬᠤ ᠣᠷᠣᠨ ᠤ 14762 ᠡᠷᠦᠬᠡ ᠶᠢᠨ ᠴᠡᠪᠡᠷ ᠲᠤᠯᠠᠭᠠᠯᠠᠭ᠎ᠠ ᠶᠢᠨ ᠦᠬᠡᠷᠡᠴᠢᠯᠡᠯᠳᠡ ᠶᠢ ᠬᠡᠷᠡᠭᠵᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠩ ᠬᠤᠸᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠦ ᠺᠤᠮᠫᠠᠨᠢ᠂ ᠳ᠋ᠠ ᠵᠥᠩ ᠠᠭᠤᠷᠬᠠᠢ ᠶᠢᠨ ᠦᠢᠯᠡᠰ ᠤᠨ ᠬᠢᠵᠠᠭᠠᠷᠲᠦ ᠬᠠᠷᠢᠭᠤᠴᠠᠯᠭᠠᠲᠤ ᠺᠤᠮᠫᠠᠨᠢ ᠵᠡᠷᠭᠡ ᠠᠵᠤ ᠠᠬᠤᠶᠢᠯᠠᠯ ᠤᠨ ᠬᠡᠲᠦ ᠳᠤᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠵᠦ᠂ ᠪᠥᠬᠦ ᠵᠢᠯ ᠤᠨ ᠠᠭᠠᠷ ᠤᠨ ᠴᠡᠪᠡᠷᠴᠡ ᠶᠢᠨ ᠨᠣᠷᠮ᠎ᠠ 89.8 % ᠳᠤ ᠬᠥᠷᠪᠡ᠃ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ 12 ᠲᠦᠮᠡᠨ ᠮᠦ ᠳᠡᠯᠭᠡᠷᠡᠭᠦᠯᠵᠦ᠂ 3987 ᠢᠵᠢ ᠮᠠᠰᠢᠨ ᠴᠠᠬᠢᠯᠭᠠᠨ ᠬᠤᠳᠳᠤᠭ ᠤᠨ ᠣᠶᠤᠨᠴᠢ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠵᠤ᠂ ᠤᠰᠤ ᠪᠠᠭ᠎ᠠ ᠬᠤᠷᠣᠭᠳᠠᠭᠤᠯᠬᠤ ᠲᠠᠷᠢᠮᠠᠯ ᠢ 13.4 ᠲᠦᠮᠡᠨ ᠮᠥ ᠳᠣᠭᠢᠷᠠᠭᠤᠯᠤᠨ ᠳᠠᠷᠢᠵᠤ᠂ ᠲᠠᠷᠢᠶᠠᠯᠠᠩ ᠤᠨ ᠤᠰᠤ ᠠᠷᠪᠢᠯᠠᠬᠤ ᠦᠷ᠎ᠡ ᠪᠦᠲᠦᠮᠵᠢ ᠢᠯᠡᠷᠬᠡᠶ ᠪᠣᠯᠪᠠ᠃  ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠴᠡᠭ 15 ᠶᠢ ᠪᠣᠶ ᠪᠣᠯᠭᠠᠵᠤ᠂ ᠬᠢᠮᠢ ᠶᠢᠨ ᠪᠣᠷᠲᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠶᠢ ᠲᠣᠰ ᠲᠣᠰ 43.4 % ᠪᠠ 42.4 % ᠳᠤ ᠬᠦᠷᠦᠭᠦᠯᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ 85.4 % ᠳᠤ ᠬᠦᠷᠦᠭᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ ᠲᠣᠭᠲᠠᠭᠤᠨ ᠪᠣᠯᠭᠠᠪᠠ᠃ ᠲᠦᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠨᠢ ᠤᠨ ᠤ ᠴᠡᠭᠴᠡᠯᠡᠨ ᠰᠠᠶᠢᠵᠢᠷᠠᠭᠤᠯᠬᠤ ᠡᠬᠦᠷᠬᠡ ᠪᠠᠨ ᠪᠡᠶᠡᠯᠡᠬᠦᠯᠪᠠ᠃ ᠨᠡᠭᠡᠭᠡᠯᠲᠡᠲᠦ ᠠᠵᠤ ᠠᠬᠤᠢ ᠲᠣᠭᠲᠠᠭᠤᠨ ᠢᠶᠠᠷ ᠪᠤᠵᠠᠭᠠᠶᠢᠷᠠᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 1.7 ᠳ᠋ᠦᠩᠰᠢᠭᠤᠷ ᠲᠥᠭᠦᠷᠢᠭ ᠲᠤ ᠬᠦᠷᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠭᠡᠷ᠎ᠡ ᠲᠣᠭᠲᠠᠭᠰᠠᠨ ᠲᠥᠷᠥᠯ ᠵᠦᠢᠯ 13 ᠪᠠᠶᠢᠵᠤ᠂ ᠪᠠᠯᠠ ᠮᠥᠩᠭᠦ ᠪᠤᠳᠠᠲᠠᠶᠢᠵᠢᠭᠤᠯᠤᠭᠰᠠᠨ ᠨᠢ 39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50 % ᠪᠠᠷ ᠨᠡᠮᠡᠭᠳᠡᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠠᠪᠴᠠᠩ ᠳᠤ ᠲᠦᠰᠢᠭᠯᠡᠨ᠂ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠬᠤ ᠰᠢᠨ᠎ᠡ ᠵᠠᠮ ᠢ ᠨᠡᠬᠡᠬᠡᠵᠦ᠂ ᠤᠯᠠᠨ  ᠵᠦᠢᠯ ᠤᠨ ᠴᠢᠨᠠᠷ ᠰᠠᠶᠢᠳᠠᠢ ᠲᠠᠷᠢᠶᠠᠯᠠᠩ ᠤᠨ ᠪᠦᠳᠦᠬᠡᠭᠳᠡᠬᠦᠨ ᠨᠡᠶᠢᠰᠯᠡᠯ ᠤᠨ ᠲᠠᠸᠠᠷ  ᠤᠨ ᠬᠡᠳᠦ ᠲᠡᠯᠬᠡᠬᠦᠷ ᠲᠤ ᠭᠠᠷᠴᠤ ᠪᠤᠷᠤᠯᠠᠭᠤᠯᠤᠭᠳᠠᠪᠠ᠃ ᠠᠮᠤᠷ ᠲᠦᠪᠰᠢᠨ ᠲᠣᠭᠲᠠᠭᠤᠨ ᠤ ᠰᠠᠭᠤᠷᠢ ᠨᠠᠩ ᠪᠠᠲᠤ ᠪᠠᠬᠢ ᠪᠣᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠦᠮᠦᠰ ᠤᠨ ᠰᠡᠳᠬᠢᠯ ᠳᠤ ᠪᠠᠲᠤ ᠬᠤᠨᠤᠭᠰᠢᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠦᠩᠬᠡᠷᠡᠭᠰᠡᠨ ᠳᠤ ᠦᠷᠢᠳᠦᠭᠰᠡᠨ ᠪᠡᠯᠡ ᠮᠦᠩᠭᠦ ᠳᠤ 12.5  ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠪᠦᠬᠦ ᠬᠤᠳᠠ ᠶᠢᠨ ᠵᠠᠰᠠᠭ ᠤᠨ ᠤᠷᠳᠤᠨ ᠤ ᠲᠠᠯᠳᠠ ᠦᠷᠢ ᠦᠭᠴᠡᠭᠡ ᠶᠢ ᠠᠷᠢᠯᠭᠠᠬᠤ ᠣᠨ ᠤ ᠡᠬᠦᠷᠬᠡ ᠶᠢ ᠡᠩ ᠲᠡᠷᠢᠬᠦᠨ ᠳᠤ ᠪᠠᠶᠠᠯᠠᠬᠦᠯᠪᠠ᠃ ᠶᠡᠭᠡ ᠰᠢᠭᠡᠲᠡᠢ ᠤᠰᠤᠨ ᠴᠥᠭᠦᠷᠥᠮ᠂ ᠰᠢ ᠶᠠᠩ ᠴᠠᠩ  ᠤᠨ ᠠᠭᠤᠯᠠᠨ ᠦᠶᠡᠷ ᠤᠨ ᠬᠤᠪᠢᠯ ᠵᠡᠷᠭᠡ ᠠᠶᠤᠯ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢ ᠳᠠᠭᠤᠰᠬᠠᠵᠤ᠂ ᠤᠰᠤᠨ ᠭᠠᠮᠰᠢᠭ ᠭᠠᠩ ᠬᠠᠭᠰᠠᠷᠭᠠᠨ ᠵᠡᠷᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠢᠯᠡᠳᠲᠡ ᠴᠢᠩᠭᠠᠷᠠᠪᠠ᠃ ︽1 + 3 + 5︾ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ ᠴᠥᠮ 60 % ᠪᠠᠷ ᠪᠠᠭᠤᠷᠠᠪᠠ᠃ ᠵᠠᠬᠢᠳᠠᠯ ᠰᠤᠷᠪᠤᠯᠵᠢᠯᠠᠯ ᠢ ᠣᠷᠣᠯᠠᠨ  ᠭᠦᠢᠴᠡᠳᠭᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠰᠢᠭᠡᠲᠡᠢ ᠪᠠᠯᠭᠠᠰᠤ ᠪᠥᠬᠦ ᠣᠷᠣᠨ ᠤ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠨ ᠵᠠᠰᠠᠬᠤ᠂ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃       ᠭᠤᠷᠪᠠ ᠳᠤ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠴᠤᠭᠯᠠᠷᠠᠭᠤᠯᠪᠠ᠃ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠳᠡᠭᠡᠭᠰᠢᠯᠡᠪᠡ᠃ ᠠᠯᠳᠧᠭᠢᠳ᠋ ᠥᠬᠡᠶ ᠬᠤᠯᠤᠰᠤᠨ ᠭᠤᠤᠯ ᠬᠠᠪᠲᠠᠰᠤ᠂  ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢᠨ ᠴᠢᠩ ᠬᠤᠸᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ 7.3 ᠲᠦᠮᠡᠨ ᠲᠣᠨ ᠤ ᠨᠡᠶᠢᠯᠡᠮᠡᠯ ᠰᠢᠪᠲᠦᠷ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠢᠨ ᠬᠤᠶ ᠶᠢᠨ ᠬᠤᠪᠣᠷ ᠰᠢᠷᠤᠢ ᠶᠢᠨ ᠠᠭᠤᠷᠬᠠᠶ ᠶᠢᠨ 150 ᠲᠦᠮᠡᠨ ᠲᠣᠨ ᠤ ᠬᠦᠬᠦᠷᠲᠦ ᠲᠡᠮᠦᠷ ᠤᠨ ᠠᠭᠤᠷᠬᠠᠶ᠂ ᠫᠠᠩ ᠨᠦᠩ ᠤᠨ 1 ᠲᠦᠮᠡᠨ ᠲᠣᠨ ᠤ ᠬᠠᠭᠤᠷᠤᠭᠰᠠᠨ ᠪᠠᠷᠠᠭ᠎ᠠ ᠵᠡᠷᠭᠡ ᠲᠥᠷᠥᠯ  ᠵᠦᠢᠯ ᠢ ᠤᠷᠤᠭᠰᠢᠲᠠᠶ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 7 ᠶᠢ ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 3᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ 1᠂  ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 5 ᠶᠢ ᠰᠢᠨ᠎ᠡ ᠪᠠᠷ ᠪᠠᠲᠤᠯᠠᠨ ᠭᠡᠷᠡᠴᠢᠯᠡᠭᠦᠯᠵᠦ᠂ 22 ᠠᠵᠤ ᠠᠬᠤᠶᠢᠯᠠᠯ  ᠨᠢ ᠪᠣᠬᠢᠷᠲᠤᠯ ᠥᠬᠡᠶ ᠪᠣᠯᠭᠠᠬᠤ ᠬᠠᠷᠠᠯᠲᠠ ᠪᠠᠨ ᠪᠡᠶᠡᠯᠡᠭᠦᠯᠵᠦ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠢᠯᠡᠳᠲᠡ ᠳᠠᠪᠰᠢᠯᠲᠠ ᠲᠠᠢ ᠪᠣᠯᠪᠠ᠃ ᠭᠤᠷᠪᠠᠳᠤᠭᠠᠷ ᠠᠵᠤ ᠦᠢᠯᠡᠰ ᠲᠦᠷᠭᠡᠨ ᠰᠡᠷᠭᠦᠪᠡ᠃  ᠪᠦᠬᠦ ᠵᠢᠯ ᠳᠤ ᠵᠤᠭᠠᠴᠠᠭᠰᠠᠳ ᠢ 142.5 ᠲᠦᠮᠡᠨ ᠬᠥᠮᠦᠨ ︵ᠤᠳᠠᠭ᠎ᠠ︶ ᠬᠦᠯᠢᠶᠡᠨ ᠠᠪᠴᠤ᠂ 77 %  ᠪᠠᠷ ᠨᠡᠮᠡᠭᠳᠡᠵᠦ᠂ ᠵᠤᠭᠠᠴᠠᠯ ᠤᠨ ᠣᠷᠣᠯᠭ᠎ᠠ ᠶᠢ 10.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 47.4 % ᠨᠡᠮᠡᠭᠳᠡᠵᠦ᠂ ︿︿ᠲᠤᠮᠳᠠᠳᠤ ᠤᠯᠤᠰ ᠤᠨ ᠰᠤᠶᠤᠯ ᠵᠢᠭᠤᠯᠴᠢᠯᠠᠯ ᠠᠭᠤᠰᠤᠯᠴᠠᠭᠰᠠᠨ ᠰᠢᠨ᠎ᠡ ᠶᠢ  ᠡᠬᠦᠳᠦᠭᠰᠡᠨ ᠨᠡᠶᠢᠳᠡᠯᠢᠭ ᠰᠢᠶᠡᠨ﹀﹀ ᠢᠶᠠᠷ ᠦᠨᠡᠯᠡᠭᠳᠡᠪᠡ᠃ ᠤᠯᠠᠭᠠᠨᠰᠤᠬᠠᠢ ᠶᠢᠨ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠳ᠋ᠠ ᠵᠥᠩ ᠠᠭᠤᠷᠬᠠᠶ ᠶᠢᠨ ᠦᠢᠯᠡᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠢ ᠲᠣᠰ ᠲᠣᠰ 4A ᠪᠠ 3A ᠲᠠᠰ ᠤᠨ ᠦᠵᠡᠮᠵᠢ ᠶᠢᠨ ᠣᠷᠣᠨ ᠪᠣᠯᠭᠠᠨ ᠲᠠᠰ ᠳᠡᠪᠰᠢᠭᠦᠯᠪᠡ᠃ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠬᠡᠮᠵᠢᠶ᠎ᠡ 3. 5 ᠳ᠋ᠦᠩᠰᠢᠭᠤᠷ ᠲᠥᠭᠦᠷᠢᠭ ᠲᠤ ᠬᠥᠷᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠣᠰᠪᠣᠷᠢ 12.4 % ᠪᠠ 10.6 % ᠨᠡᠮᠡᠭᠳᠡᠵᠦ᠂ ᠪᠣᠳᠠᠲᠤ ᠠᠵᠤ ᠠᠬᠤᠢ ᠳᠤ 70.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠷᠴᠢᠮᠲᠡᠶ ᠶᠠᠪᠤᠭᠳᠠᠪᠠ᠃ 32 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 50.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠲᠥᠪ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡᠯᠡᠬᠦ ᠪᠠᠷᠠᠭ᠎ᠠ ᠶᠢᠨ ᠭᠦᠢᠯᠭᠡᠭᠡ᠂ ᠳ᠋ᠠ ᠵᠥᠩ ᠠᠭᠤᠷᠬᠠᠢ ᠶᠢᠨ ᠦᠢᠯᠡᠰ ᠤᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠤᠭᠤᠯᠵᠤ᠂ ᠪᠤᠭᠤᠲᠤ ᠠᠴᠠ ᠢᠷᠭᠠᠢ  ᠬᠦᠷᠬᠦ  ᠳᠡᠭᠡᠳᠦ  ᠬᠤᠷᠳᠤᠴᠠᠲᠤ ᠲᠡᠮᠦᠷ ᠵᠠᠮ᠂ ᠪᠤᠭᠤᠲᠤ ᠠᠴᠠ  ᠯᠢᠨ ᠾᠧ ᠬᠦᠷᠬᠦ  ᠰᠢᠳᠠᠮᠠᠬᠠᠢ ᠬᠡᠢ ᠳᠠᠮᠵᠢᠭᠤᠯᠬᠤ ᠬᠤᠭᠤᠯᠠᠢ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠰᠦᠵᠢ ᠶᠢᠨ ᠡᠯᠡᠰᠦᠷᠬᠡᠭ ᠭᠠᠵᠠᠷ ᠤᠨ 2GW ᠭᠡᠷᠡᠯ ᠴᠡᠨᠡᠭ ᠤᠨ ᠰᠠᠭᠤᠷᠢᠨ ᠭᠠᠵᠠᠷ᠂ 315 ᠮᠤᠵᠢ ᠶᠢᠨ ᠲᠡᠰ ᠤᠨ ᠵᠠᠮ ᠢ ᠥᠭᠡᠷᠡᠴᠢᠯᠡᠵᠦ ᠳᠡᠰ ᠳᠡᠪᠰᠢᠭᠦᠯᠬᠦ ᠵᠡᠷᠭᠡ ᠨᠢᠭᠡ ᠪᠦᠯᠦᠭ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠣᠷᠣᠭᠤᠯᠵᠤ᠂ ᠴᠢᠬᠤᠯᠠ ᠶᠡᠭᠡ ᠲᠥᠷᠥᠯ ᠵᠦᠢᠯ ᠢ ᠦᠷᠭᠦᠯᠵᠢᠯᠡᠨ ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ ᠨᠢ ᠠᠵᠤ ᠠᠬᠤᠶᠢᠯᠠᠯ ᠳᠤ ᠠᠰᠢᠭᠲᠠᠶ ᠠᠷᠠᠳ ᠲᠤ ᠳᠥᠭᠦᠮ ᠦᠵᠡᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ 431 ᠵᠦᠢᠯ ᠳᠤ ᠬᠦᠷᠦᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠨᠢᠭᠡ ᠶᠠᠪᠤᠳᠠᠯ ᠢ ᠣᠯᠠᠨ ᠴᠣᠩᠬᠤᠪᠴᠢ ᠪᠠᠷ ᠭᠦᠢᠴᠡᠳᠭᠡᠬᠦ︾ ᠠᠴᠠ ︽ᠣᠯᠠᠨ ᠶᠠᠪᠤᠳᠠᠯ ᠢ ᠨᠢᠭᠡ ᠴᠣᠩᠬᠤᠪᠴᠢ ᠪᠠᠷ ᠭᠦᠢᠴᠡᠳᠭᠡᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠪᠡ᠃ ︽ᠬᠤᠶᠠᠷ ᠰᠢᠯᠢᠳᠡᠭ︾ ᠲᠤᠰᠬᠠᠢ ᠲᠥᠷᠥᠯ ᠤᠨ ᠠᠵᠢᠯᠯᠠᠭᠠᠨ ᠢ ᠯᠠᠪᠳᠠᠭᠤᠨ ᠪᠠᠲᠤᠲᠠᠢ ᠠᠬᠢᠭᠤᠯᠵᠤ᠂ 113 ᠬᠤᠪᠢ ᠬᠡᠷᠡᠭ ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ 117 ᠬᠡᠷᠡᠭ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠭᠦᠢᠴᠡᠳᠬᠡᠬᠦ ᠴᠠᠭ ᠬᠤᠭᠤᠴᠠᠭ᠎ᠠ ᠶᠢ 235 ᠵᠦᠢᠯ ᠪᠠᠭᠠᠰᠬᠠᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ   ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠢ 2.7 ᠳ᠋ᠦᠩᠰᠢᠭᠤᠷ ᠪᠠᠭᠠᠰᠬᠠᠪᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠴᠠᠭᠠᠬᠤ ᠨᠣᠷᠮ᠎ᠠ᠂ ᠣᠷᠣᠭᠤᠯᠬᠤ ᠨᠣᠷᠮ᠎ᠠ᠂ ᠨᠡᠶᠢᠲᠡ ᠳᠤ ᠵᠠᠷᠯᠠᠬᠤ ᠨᠣᠷᠮ᠎ᠠ ᠶᠢ ᠴᠥᠮ 100 % ᠳᠤ  ᠬᠦᠷᠦᠭᠦᠯᠪᠡ᠃      ᠳᠥᠷᠪᠡ ᠳᠤ ᠠᠷᠠᠳ ᠤᠨ ᠠᠮᠢᠳᠤᠷᠠᠯ ᠤᠨ ᠠᠵᠠ ᠵᠢᠷᠭᠠᠯᠲᠤ ᠪᠠᠶᠢᠳᠠᠯ ᠦᠷᠭᠦᠯᠵᠢᠯᠡᠨ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠪᠡ᠃ ︽ᠭᠤᠷᠪᠠ ᠶᠢ ᠨᠠᠶᠢᠳᠠᠪᠤᠷᠢᠵᠢᠭᠤᠯᠵᠤ᠂ ᠨᠢᠭᠡ ᠶᠢ ᠪᠠᠬᠢᠵᠢᠭᠦᠯᠬᠦ︾ ᠠᠵᠢᠯ ᠦᠷ᠎ᠡ ᠪᠦᠲᠦᠮᠵᠢ ᠣᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ  19170 ᠲᠥᠭᠦᠷᠢᠭ ᠲᠤ ᠬᠦᠷᠴᠦ᠂ 18.6 % ᠪᠠᠷ ᠨᠡᠮᠡᠭᠳᠡᠪᠡ᠃ ᠬᠤᠲᠠ ᠬᠥᠳᠡᠭᠡ ᠶᠢᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠪᠠ᠃ ᠬᠤᠲᠠ ᠶᠢᠨ ᠶᠠᠪᠤᠳᠠᠯ ᠤᠨ ᠰᠠᠭᠤᠷᠢ ᠲᠠᠰᠤᠷᠠᠯᠲᠠ ᠦᠭᠡᠢ ᠲᠡᠭᠦᠯᠳᠡᠷᠵᠢᠵᠦ᠂ ᠰᠡᠬᠡᠭᠡᠲᠡᠨ ᠵᠠᠯᠠᠭᠤᠴᠤᠳ ᠤᠨ ᠵᠠᠮ᠂ ᠴᠠᠩ ᠱᠧᠩ ᠵᠡᠭᠡᠯᠢ  ᠶᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠡᠮᠦᠨ᠎ᠡ ᠲᠣᠭᠤᠷᠢᠯ ᠵᠠᠮ᠂ ᠬᠠᠳᠤᠨ ᠭᠤᠣᠯ ᠤᠨ ᠵᠠᠮ᠂ ᠳ᠋ᠦᠩ ᠱᠧᠩ ᠶᠡᠭᠡ ᠵᠡᠭᠡᠯᠢ ᠶᠢᠨ ᠪᠠᠷᠠᠭᠤᠨ ᠳᠠᠬᠢ ᠤᠷᠲᠤᠳᠬᠠᠭᠰᠠᠨ ᠬᠡᠰᠡᠭ ᠤᠨ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠤᠷᠤᠭᠰᠢᠲᠠᠢ ᠠᠬᠢᠭᠤᠯᠵᠤ᠂ ᠢᠯᠴᠢ ᠬᠠᠩᠭᠠᠬᠤ᠂ ᠤᠰᠤ ᠬᠠᠩᠭᠠᠵᠤ ᠭᠠᠳᠠᠭᠰᠢᠯᠠᠭᠤᠯᠬᠤ ᠵᠡᠷᠭᠡ ᠬᠤᠭᠤᠯᠠᠢ ᠶᠢᠨ ᠲᠣᠣᠷ ᠢ 5.3 ᠺᠢᠯᠤᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠢᠯᠴᠢ ᠬᠠᠩᠭᠠᠬᠤ ᠲᠠᠯᠠᠪᠠᠢ ᠶᠢ 30 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠠ᠃ 11 ᠬᠠᠭᠤᠴᠢᠨ ᠰᠠᠭᠤᠭᠠᠯᠢ ᠲᠣᠭᠤᠷᠢᠭ ᠪᠠ 4 ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ 2834 ᠡᠷᠦᠬᠡ ᠳᠤ ᠠᠰᠢᠭ ᠬᠦᠷᠲᠡᠭᠡᠪᠡ᠃ 881 ᠢᠵᠢ ︽ᠪᠠᠲᠤᠯᠠᠨ ᠲᠤᠰᠢᠶᠠᠬᠤ ᠠᠰᠠᠷ︾ ᠢ ᠲᠤᠰᠢᠶᠠᠨ ᠥᠭᠴᠦ᠂ ᠡᠷᠦᠬᠡ ᠬᠤᠪᠢᠶᠠᠨ ᠳᠠᠩᠰᠠᠯᠠᠬᠤ ᠶᠢ 1.1 ᠲᠦᠮᠡᠨ ᠡᠷᠦᠬᠡ  ᠭᠦᠢᠴᠡᠳᠭᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠦᠯᠡᠳᠡᠭᠳᠡᠯ ᠠᠰᠠᠭᠤᠳᠠᠯ ᠢ ᠲᠦᠷᠭᠡᠨ  ᠰᠢᠢᠳᠪᠦᠷᠢᠯᠡᠪᠡ᠃ 215 ᠮᠤᠵᠢ ᠶᠢᠨ ᠵᠠᠰᠠᠮᠠᠯ ᠵᠠᠮ ᠤᠨ  ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 81.4 ᠺᠢᠯᠤᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ 61 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 456 ᠡᠷᠦᠬᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ  ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠰᠤᠷᠭᠠᠨ ᠬᠥᠮᠦᠵᠢᠯ ᠤᠨ ᠦᠢᠯᠡᠰ ᠲᠡᠩᠴᠡᠭᠦᠷᠢᠲᠡᠶ ᠬᠥᠭᠵᠢᠪᠡ᠃ ᠮᠤᠨᠠ ᠠᠭᠤᠯᠠ ᠶᠢᠨ ᠲᠤᠷᠰᠢᠯᠲᠠ ᠶᠢᠨ ᠰᠤᠷᠭᠠᠭᠤᠯᠢ ᠶᠢ ᠡᠬᠢᠯᠡᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠭᠡᠷ ᠵᠢᠴᠢ ᠪᠡᠶ᠎ᠡ ᠶᠢᠨ ᠲᠠᠮᠢᠷ ᠤᠨ ᠲᠠᠯᠠᠪᠠᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ᠂ 50 ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠪᠠᠭᠰᠢ ᠰᠤᠷᠭᠠᠭᠤᠯᠢ ᠶᠢᠨ ᠬᠤᠭᠤᠷᠣᠨᠳᠣᠬᠢ ᠨᠡᠭᠦᠳᠡᠯ ᠵᠠᠮ ᠮᠥᠷ ᠢ ᠰᠢᠯᠤᠭᠤᠳᠬᠠᠨ᠂ ᠪᠠᠭᠰᠢ ᠶᠢᠨ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠨ ᠬᠡᠷᠡᠭᠯᠡᠬᠦ᠂ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠵᠡᠷᠭᠡ ᠣᠯᠭᠤᠮᠵᠢ ᠶᠢ ᠭᠦᠢᠴᠡᠳ ᠪᠠᠲᠤᠯᠠᠪᠠ᠃ ᠥᠨᠳᠥᠷ ᠳᠤᠮᠳᠠᠳᠤ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠢᠯᠡ ᠪᠠᠷ ᠰᠣᠷᠣᠭᠴᠢ ᠡᠯᠰᠡᠬᠦ︾ ᠠᠵᠢᠯ ᠡᠷᠬᠡ ᠲᠡᠭᠰᠢ ᠲᠥᠪ ᠭᠤᠤᠯᠴᠢ ᠪᠣᠯᠵᠣ᠂ ᠬᠡᠷ ᠤᠨ ᠠᠬᠠᠮᠠᠳ ᠪᠠ ᠰᠤᠷᠤᠭᠴᠢᠳ  ᠲᠤ ᠬᠦᠷᠢᠶᠡᠯᠡᠭᠳᠡᠪᠡ᠃ ᠡᠷᠡᠭᠦᠯ ᠡᠩᠬᠡ ᠡᠮᠦᠨᠡᠲᠦ ᠬᠤᠰᠢᠭᠤ ᠶᠢ ᠲᠦᠷᠭᠡᠳᠬᠡᠨ  ᠪᠠᠶᠢᠭᠤᠯᠪᠠ ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠦᠨᠳᠦ ᠲᠦᠭᠰᠢᠭᠦᠷᠢᠲᠡᠶ ᠡᠪᠡᠳᠴᠢᠲᠡᠨ ᠢ ᠠᠪᠤᠷᠠᠨ ᠵᠠᠰᠠᠬᠤ ᠲᠥᠪ ᠪᠠ ᠶᠡᠭᠡ ᠰᠢᠭᠡᠲᠡᠢ᠂ ᠪᠠᠶᠠᠨᠬᠤᠸᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠦᠨᠳᠦᠰᠦᠨ ᠳᠡᠭᠡᠨ ᠪᠠᠶᠢᠭᠤᠯᠵᠤ ᠂ ᠬᠤᠰᠢᠭᠤᠨ ᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠬᠢᠭᠡᠳ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠯᠤᠰ ᠡᠵᠡᠮᠰᠢᠯ ᠢᠶᠠᠷ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠨᠠᠩ ᠳᠥᠭᠦᠮ ᠪᠣᠯᠭᠠᠪᠠ᠃ ᠡᠮᠴᠢᠯᠡᠭᠡᠨ ᠤ ᠪᠠᠶᠢᠭᠤᠯᠤᠮᠵᠢ ᠬᠢᠭᠡᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠡᠷ᠎ᠡ ᠲᠣᠭᠲᠠᠭᠰᠠᠨ ᠨᠣᠷᠮ᠎ᠠ 100 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠪᠡ᠃ ᠠᠷᠠᠳ ᠤᠨ ᠠᠮᠢᠳᠤᠷᠠᠯ ᠤᠨ ᠠᠰᠠᠷᠠᠮᠵᠢ ᠶᠢ ᠭᠦᠢᠴᠡᠳ ᠪᠠᠲᠤᠯᠠᠪᠠ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦ 25626 ᠬᠥᠮᠦᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ 1235 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 4.9 % ᠳᠤ ᠬᠦᠷᠪᠠ᠃ ᠨᠠᠰᠤᠵᠢᠯ ᠤᠨ ᠠᠰᠠᠷᠠᠮᠵᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ᠂ ᠬᠦᠴᠢᠷᠳᠡᠯᠲᠡᠢ ᠤᠯᠠᠨ ᠲᠦᠮᠡᠨ ᠤ ᠨᠠᠰᠤᠵᠢᠯ ᠤᠨ ᠠᠰᠠᠷᠠᠮᠵᠢ ᠪᠠ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠬᠤ ᠵᠡᠷᠭᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠵᠦᠢᠯ ᠢ ᠪᠠᠲᠤᠯᠠᠨ ᠡᠳ᠋ᠯᠡᠪᠡᠯ ᠵᠣᠬᠢᠬᠤ ᠪᠦᠬᠦᠨ ᠢ ᠡᠳ᠋ᠯᠡᠭᠦᠯᠪᠡ᠃ ᠰᠤᠶᠤᠯ ᠪᠡᠶ᠎ᠡ ᠶᠢᠨ ᠲᠠᠮᠢᠷ ᠤᠨ ᠦᠢᠯᠡᠰ ᠴᠡᠴᠡᠭᠯᠡᠨ ᠬᠥᠭᠵᠢᠪᠡ᠃  ᠪᠥᠬᠦ ᠤᠯᠤᠰ ᠤᠨ ᠳᠡᠭᠡᠰᠦ ᠲᠠᠲᠠᠬᠤ ᠬᠤᠲᠠ ᠶᠢᠨ ᠬᠤᠯᠪᠣᠭᠠᠲᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ ᠤ ᠡᠷᠡᠭᠲᠡᠶ ᠶᠢᠨ ᠰᠠᠭᠰᠤᠨ ᠪᠥᠮᠪᠦᠭᠡ ︵ᠮᠣᠩᠭᠤᠯ BA︶ ᠶᠢᠨ ᠬᠤᠯᠪᠣᠭᠠᠲᠤ ᠤᠷᠤᠯᠳᠤᠭᠠᠨ ᠢ ᠲᠡᠭᠦᠰ ᠠᠮᠵᠢᠯᠲᠠ ᠲᠠᠢ ᠳᠠᠭᠠᠭᠠᠨ ᠡᠷᠭᠢᠯᠡᠵᠦ᠂ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠨᠢ ︽ᠳᠤᠮᠳᠠᠳᠤ ᠤᠯᠤᠰ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠶᠢ ᠡᠭᠦᠳᠦᠭᠰᠡᠨ ᠨᠡᠶᠢᠲᠡᠯᠢᠭ ᠵᠢᠱᠢᠶ᠎ᠡ ᠰᠢᠶᠠᠨ︾ ᠢᠶᠠᠷ  ᠦᠨᠡᠯᠡᠭᠳᠡᠪᠡ᠃ 2 ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠠᠢ᠂ 3 ᠣᠯᠠᠨ ᠴᠢᠳᠠᠮᠵᠢᠲᠤ ᠲᠠᠮᠢᠷ ᠤᠨ ᠲᠠᠯᠠᠪᠠᠢ ᠶᠢ ᠪᠠᠶᠢᠭᠤᠯᠤᠨ ᠬᠡᠷᠡᠭᠯᠡᠪᠡ᠃ ᠤᠷᠠᠳ ᠠᠷᠠᠳ ᠤᠨ ᠳᠠᠭᠤᠤ᠂  ᠫᠠ ᠱᠠᠨ ᠠᠶᠠᠯᠭᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠷᠥᠯ ᠵᠦᠢᠯ  ᠳᠤ ᠠᠮᠵᠢᠯᠲᠠ ᠲᠠᠢ ᠮᠡᠳᠡᠭᠦᠯᠵᠦ᠂ ᠤᠯᠠᠭᠠᠨᠮᠥ᠋ᠴᠢᠷ ᠥᠪᠡᠷᠲᠡᠭᠡᠨ ᠵᠠᠰᠠᠬᠤ ᠣᠷᠣᠨ ᠤ ︽3.8︾ ᠤᠯᠠᠭᠠᠨ ᠲᠤᠭᠴᠢ ᠬᠠᠮᠲᠤ ᠨᠡᠶᠢᠲᠡ ᠪᠠᠷ ᠦᠨᠡᠯᠡᠭᠳᠡᠪᠡ᠃      ᠲᠠᠪᠤ ᠳᠤ ᠵᠠᠰᠠᠭ ᠤᠨ ᠣᠷᠳᠣᠨ ᠤ ᠬᠦᠴᠦᠨ ᠴᠢᠳᠠᠪᠤᠷᠢ ᠢᠯᠡᠳᠲᠡ ᠳᠡᠭᠡᠭᠰᠢᠯᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠨᠠᠮ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠬᠤᠶᠠᠷ ᠢ ᠲᠣᠭᠲᠠᠭᠠᠬᠤ︾ ᠶᠢ  ᠡᠷᠡᠰ  ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠶᠢ ᠡᠷᠡᠰ ᠬᠦᠢᠴᠡᠳᠬᠡᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢ  ᠤᠯᠠᠮ ᠨᠢᠬᠡ ᠠᠯᠬᠤᠮ ᠨᠡᠮᠡᠭᠳᠡᠭᠦᠯᠪᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 61 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ 48 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100 % ᠳᠤ ᠬᠦᠷᠪᠡ᠃ ︽ᠳᠥᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠂ ᠦᠨᠳᠦᠰᠦᠲᠡᠨ ᠱᠠᠰᠢᠨ ᠰᠤᠷᠲᠠᠬᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠬᠤᠶᠠᠷ ᠢ ᠬᠦᠷᠢᠶᠡᠯᠡᠬᠦ᠂ ᠨᠡᠶᠢᠭᠡᠮ ᠤᠨ ᠰᠢᠨᠵᠢᠯᠡᠬᠦ ᠤᠬᠠᠭᠠᠨ ᠵᠢᠴᠢ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠠᠵᠢᠯᠴᠢᠨ ᠤ ᠡᠪᠯᠡᠯ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠶᠢᠨ ᠠᠵᠢᠯ ᠰᠢᠨ᠎ᠡ ᠦᠷ᠎ᠡ ᠪᠦᠲᠦᠮᠵᠢ ᠣᠯᠪᠠ᠃ ᠬᠤᠰᠢᠭᠤᠨ ᠳᠤ ᠰᠠᠭᠤᠭ᠎ᠠ ᠴᠡᠷᠢᠭ ᠠᠩᠭᠢ᠂ ᠡᠯ᠎ᠡ ᠨᠢᠭᠡᠴᠢ᠂ ᠡᠯ᠎ᠡ ᠠᠵᠤ ᠠᠬᠤᠶᠢᠯᠠᠯ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃      ᠲᠥᠯᠥᠭᠡᠯᠡᠭᠴᠢᠳ ᠡ︕ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠢ ᠮᠡᠳᠡᠬᠦ ᠦᠭᠡᠢ᠃ ᠨᠢᠭᠡ ᠵᠢᠯ ᠤᠨ ᠲᠤᠷᠰᠢ᠂ ᠪᠢᠳᠡ ᠭᠤᠷᠪᠠᠨ ᠵᠢᠯ ᠤᠨ ᠬᠢᠵᠢᠭ ᠤᠨ ᠪᠠᠶᠢᠳᠠᠯ ᠤᠨ ᠡᠭᠦᠰᠦᠭᠰᠡᠨ ᠨᠥᠯᠥᠭᠡ ᠶᠢ ᠢᠯᠠᠨ ᠳᠠᠪᠠᠵᠤ᠂ ᠦᠨᠡᠨ ᠪᠣᠳᠠᠲᠠᠶ ᠠᠵᠢᠯᠯᠠᠨ ᠯᠠᠪᠳᠠᠭᠤᠨ ᠪᠠᠲᠤᠲᠠᠶ ᠤᠷᠤᠭᠰᠢᠯᠠᠵᠤ᠂ ᠬᠦᠴᠦ ᠬᠥᠯᠥᠰᠥ ᠪᠠᠷ ᠢᠶᠠᠨ ᠠᠮᠵᠢᠯᠲᠠ ᠪᠦᠲᠦᠮᠵᠢ ᠤᠯᠪᠠ᠂ ᠡᠶᠢᠮᠦ ᠠᠮᠵᠢᠯᠲᠠ ᠪᠦᠲᠦᠮᠵᠢ ᠣᠯᠤᠭᠰᠠᠨ ᠨᠢ ᠦᠨᠡᠬᠡᠷ ᠬᠢᠯᠪᠠᠷ ᠪᠤᠰᠤ ᠶᠤᠮ᠃ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠠᠴᠢ ᠲᠤᠰᠠ᠂ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠠᠵᠢᠯ ᠪᠠᠶᠢᠴᠠᠭᠠᠵᠤ ᠬᠦᠴᠦ ᠨᠡᠮᠡᠨ ᠵᠣᠷᠢᠭᠵᠢᠭᠤᠯᠤᠭᠰᠠᠨ   ᠤ ᠠᠴᠢ ᠲᠤᠰᠠ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠶᠢᠨ ᠠᠴᠢ ᠲᠤᠰᠠ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠠᠴᠢ ᠲᠤᠰᠠ ᠶᠤᠮ᠃ ᠠᠳᠡ ᠪᠢ  ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠡᠮᠦᠨᠡᠲᠦ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠨᠢ ᠨᠤᠲᠠᠯᠠᠭᠤᠰᠢᠲᠠᠶ᠂ ᠠᠰᠠᠭᠤᠳᠠᠯ ᠢ ᠨᠠᠩ ᠴᠢᠬᠤᠯᠠᠴᠢᠯᠠᠬᠤ  ᠶᠣᠰᠤᠲᠠᠢ᠃ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠄ ᠨᠢᠭᠡ ᠳᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠪᠣᠳᠠᠲᠤ ᠬᠦᠴᠦᠨ ᠴᠢᠩᠭ᠎ᠠ ᠪᠤᠰᠤ᠂ ᠠᠵᠤ ᠦᠢᠯᠡᠰ ᠤᠨ ᠳᠡᠰ ᠳᠠᠪᠬᠤᠷᠭ᠎ᠠ ᠠᠷᠠᠢ ᠳᠣᠣᠷ᠎ᠠ᠂ ᠪᠦᠲᠦᠴᠡ ᠶᠢᠨ ᠲᠣᠬᠢᠷᠠᠭᠤᠯᠤᠯᠲᠠ ᠶᠢᠨ ᠬᠤᠷᠳᠤᠴᠠ ᠲᠦᠷᠭᠡᠨ ᠪᠤᠰᠤ᠂ ᠬᠡᠰᠡᠭ ᠠᠵᠢᠯ ᠲᠥᠷᠥᠯ ᠤᠨ ᠠᠵᠤ ᠠᠬᠤᠶᠢᠯᠠᠯ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠶ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯᠲᠡᠶ  ᠵᠡᠷᠭᠡ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠨ᠎ᠠ᠃ ᠬᠤᠶᠠᠷ ᠲᠤ ᠠᠵᠤ ᠠᠬᠤᠶ ᠶᠢᠨ ᠨᠡᠮᠡᠭᠳᠡᠯ ᠤᠨ ᠬᠥᠳᠡᠯᠭᠡᠬᠦ ᠬᠦᠴᠦᠨ ᠴᠢᠩᠭ᠎ᠠ ᠪᠤᠰᠤ᠂ ᠲᠥᠷᠥᠯ ᠵᠦᠢᠯ ᠤᠨ ᠨᠥᠭᠡᠴᠡᠯᠡᠯᠲᠡ ᠶᠢᠨ ᠲᠤᠭ᠎ᠠ ᠬᠡᠮᠵᠢᠶ᠎ᠡ ᠴᠥᠭᠡᠨ᠂ ᠶᠠᠰᠤ ᠴᠢᠨᠠᠷ ᠳᠤᠤᠷ᠎ᠠ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠬᠦᠷᠦᠯᠴᠡᠬᠦ ᠥᠬᠡᠶ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠪᠠᠰᠠ ᠮᠠᠰᠢ ᠶᠡᠭᠡ ᠳᠡᠭᠡᠭᠰᠢᠯᠡᠬᠦ ᠣᠷᠣᠨ ᠵᠠᠶ ᠲᠠᠢ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠬᠤ ᠴᠢᠬᠤᠯᠠᠲᠠᠶ ᠪᠠᠶᠢᠵᠤ᠂ ᠳᠡᠭᠡᠳᠦ ᠱᠠᠲᠤᠨ ᠤ ᠠᠰᠢᠭᠲᠠᠶ ᠲᠥᠷᠥ ᠶᠢᠨ ᠪᠣᠳᠣᠯᠭ᠎ᠠ ᠶᠢ ᠭᠥᠯᠢᠶᠡᠨ ᠠᠪᠬᠤ ᠪᠡᠯᠡᠳᠬᠡᠯ ᠠᠵᠢᠯ ᠭᠦᠢᠴᠡᠳ ᠥᠬᠡᠶ ᠪᠠᠶᠢᠨ᠎ᠠ᠃      ᠭᠤᠷᠪᠠ ᠳᠤ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠨᠡᠯᠢᠶᠡᠳ ᠶᠡᠭᠡ ᠥᠷᠢᠲᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠭᠦᠷᠭᠡ ᠬᠦᠨᠳᠦ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠨᠢ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠨ᠎ᠠ᠃ ᠲᠦᠷᠪᠡ ᠳᠤ ᠬᠦᠨᠳᠦ ᠶᠡᠭᠡ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠢᠯᠭᠠᠬᠤ ᠡᠭᠦᠷᠭᠡ ᠨᠡᠯᠢᠶᠡᠳ ᠬᠦᠨᠳᠦ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠠᠭᠤᠷᠠᠢ᠂ ᠵᠠᠰᠠᠭ ᠤᠨ ᠣᠷᠳᠣᠨ ᠤ ᠵᠠᠰᠠᠯᠲᠠ ᠶᠢᠨ ᠲᠤᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠲᠠᠪᠤ ᠳᠤ ᠰᠤᠷᠲᠠᠯ ᠢᠶᠠᠨ ᠬᠤᠪᠢᠷᠠᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠵᠠᠷᠢᠮ ᠺᠠᠳ᠋ᠷ ᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠬᠦᠷᠦᠯᠴᠡᠬᠦ ᠦᠭᠡᠢ᠂  ᠪᠠᠭ᠎ᠠ ᠯᠠ ᠰᠤᠯᠠᠷᠠᠭᠤᠯᠪᠠᠯ ᠠᠯᠳᠠᠬᠤ ᠬᠥᠭᠵᠢᠯᠲᠡ ᠶᠢᠨ ᠠᠵᠠ ᠲᠣᠬᠢᠶᠠᠯ ᠳᠤ᠂ ᠮᠥᠨ ᠯᠡ ︽ᠤᠳᠠᠭᠠᠨ︾ ᠪᠠᠶᠢᠬᠤ ᠪᠠᠶᠢᠳᠠᠯ ᠣᠷᠣᠰᠢᠵᠤ ᠪᠠᠶᠢᠨ᠎ᠠ᠃ ᠠᠰᠠᠭᠤᠳᠠᠯ ᠣᠷᠣᠰᠢᠵᠤ ᠪᠠᠶᠢᠭ᠎ᠠ ᠨᠢ ᠳᠠᠷᠤᠢ ᠠᠵᠢᠯ ᠤᠨ ᠴᠢᠭᠯᠡᠯ᠂ ᠪᠣᠭᠤᠮᠲᠠ ᠰᠢᠪᠲᠤᠯᠬᠤ ᠴᠢᠭᠯᠡᠯ ᠪᠣᠯᠤᠨ᠎ᠠ᠃ ᠪᠢᠳᠡ ᠡᠷᠬᠡᠪᠰᠢ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠠᠵᠢᠯ ᠢᠶᠠᠨ ᠰᠠᠶᠢᠵᠢᠷᠠᠭᠤᠯᠵᠤ᠂ ᠠᠰᠠᠭᠤᠳᠠᠯ ᠢ ᠰᠢᠢᠳᠪᠦᠷᠢᠯᠡᠬᠦ ᠳᠤᠮᠳᠠ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ᠃                    ᠬᠤᠶᠠᠷ᠂ 2024 ᠣᠨ ᠤ ᠭᠤᠣᠯᠳᠠᠯᠭ᠎ᠠ ᠲᠠᠢ ᠠᠵᠢᠯ             2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠬᠤ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ᠪᠢᠳᠡᠨ ᠳᠤ ᠴᠢᠭᠯᠡᠯ ᠢ ᠵᠢᠭᠠᠵᠤ᠂ ᠡᠷᠴᠢ ᠵᠣᠷᠢᠭ ᠢ ᠬᠥᠪᠴᠢᠯᠡᠵᠦ᠂ ᠪᠢᠳᠡᠨ ᠤ ᠬᠥᠭᠵᠢᠯᠲᠡ ᠶᠢᠨ ᠵᠠᠮ ᠪᠣᠯᠤᠨ ᠲᠡᠮᠡᠴᠡᠬᠦ ᠬᠠᠷᠠᠯᠲᠠ ᠶᠢ ᠨᠡᠩ ᠲᠣᠳᠣᠷᠬᠠᠢ ᠪᠣᠯᠭᠠᠪᠠ᠃ ᠮᠠᠨ ᠤ ᠬᠤᠰᠢᠭᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢ ᠭᠥᠷᠳᠡᠬᠦ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠢᠵᠢ ᠪᠥᠷᠢᠳᠦᠭᠰᠡᠨ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠭᠰᠡᠨ ᠨᠢ ᠪᠢᠳᠡᠨ ᠤ ᠠᠵᠢᠯ ᠢᠶᠠᠨ ᠲᠥᠯᠥᠪᠵᠢᠭᠦᠯᠦᠨ ᠠᠬᠢᠭᠤᠯᠬᠤ᠂ ᠳᠡᠭᠡᠳᠦ ᠱᠠᠲᠤᠨ ᠤ ᠳᠡᠮᠵᠢᠯᠭᠡ ᠶᠢ ᠲᠡᠮᠡᠴᠡᠨ ᠤᠯᠬᠤ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠭᠰᠠᠨ ᠪᠠᠶᠢᠨ᠎ᠠ᠃ ᠪᠢᠳᠡ ᠰᠢᠨ᠎ᠡ ᠬᠠᠭᠤᠳᠠᠰᠤ ᠶᠢ ᠰᠡᠬᠦᠵᠦ᠂ ᠰᠢᠨ᠎ᠡ ᠳᠡᠭᠲᠡᠷ ᠲᠤ ᠭᠠᠷᠤᠶ᠎ᠠ ᠭᠡᠪᠡᠯ ᠡᠷᠬᠡᠪᠰᠢ ᠤᠳᠤ ᠶᠢᠨ ᠰᠠᠭᠤᠷᠢᠨ ᠳᠡᠭᠡᠷ᠎ᠡ ᠪᠠᠨ ᠨᠢᠭᠲᠠᠷᠠᠨ ᠪᠦᠯᠬᠦᠮᠳᠡᠵᠦ᠂ ᠡᠷᠡᠯᠬᠡᠭᠯᠡᠨ ᠲᠡᠮᠡᠴᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠰᠠᠨᠠᠭ᠎ᠠ ᠪᠠᠷ ᠭᠠᠪᠰᠢᠭᠠᠶᠢᠯᠠᠨ ᠤᠷᠤᠭᠰᠢᠯᠠᠬᠤ ᠡᠷᠴᠢ ᠵᠣᠷᠢᠭ ᠢᠶᠠᠷ ᠠᠵᠢᠯ ᠦᠢᠯᠡᠰ ᠪᠦᠲᠦᠭᠡᠵᠦ ᠠᠳᠠᠯ ᠦᠢᠯᠡᠰ ᠴᠣᠭᠴᠠᠯᠠᠨ᠂ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠵᠤ᠂ ᠭᠦᠢᠴᠡᠨ ᠳᠠᠪᠠᠵᠤ᠂ ᠰᠢᠨ᠎ᠡ ᠦᠢᠯᠡᠰ ᠢ ᠴᠢᠷᠮᠠᠶᠢᠨ ᠪᠦᠲᠦᠭᠡᠵᠦ᠂ ᠰᠢᠨ᠎ᠡ ᠣᠷᠣᠨ ᠵᠠᠢ ᠭᠠᠷᠭᠠᠵᠤ᠂ ᠨᠢᠭᠡᠨ ᠤᠳᠠᠭᠠᠨ ᠤ ︽ᠲᠡᠷᠢᠭᠦᠨ ᠤ ᠬᠢ ᠶᠢ ᠲᠡᠮᠡᠴᠡᠨ ᠤᠯᠬᠤ ᠳᠠᠶᠢᠨ︾  ᠤ ᠢᠯᠠᠯᠲᠠ ᠶᠢ ᠪᠠᠲᠤᠯᠠᠨ᠎ᠠ᠃       ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠣᠷᠣᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ  ᠰᠢᠪᠲᠣᠯᠬᠤ︾ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂  ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠵᠠᠮ ᠢ ᠨᠡᠭᠡᠭᠡᠵᠦ᠂ ᠳᠤᠮᠳᠠ ᠶᠢᠨ  ᠪᠠᠶᠢᠷᠢᠨ ᠳᠤ ᠣᠷᠣᠬᠤ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠦᠨᠳᠦᠷ ᠲᠠᠪᠤᠨ  ᠣᠷᠣᠨ︾  ᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠮᠠᠨ ᠤ ᠬᠤᠰᠢᠭᠤᠨ ᠤ ︽ᠵᠢᠷᠭᠤᠭᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠳᠤ ᠰᠠᠭᠤᠷᠢᠯᠠᠨ᠂ ︽ᠰᠢᠯᠢᠳᠡᠭ ᠢ ᠬᠥᠮᠦᠵᠢᠭᠦᠯᠵᠦ ᠡᠨᠧᠷᠭᠢ ᠶᠢ ᠬᠤᠷᠠᠮᠳᠤᠭᠤᠯᠬᠤ ᠠᠷᠪᠠᠨ ᠲᠠᠪᠤᠨ ᠵᠦᠢᠯ ᠤᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠲᠣᠭᠲᠠᠭᠠᠭᠰᠠᠨ ︽ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ᠂ ᠰᠢᠯᠢᠳᠡᠭ ᠪᠣᠯᠬᠤ ᠪᠠᠷ ᠴᠢᠷᠮᠠᠶᠢᠬᠤ᠂ ᠳᠤᠮᠳᠠ ᠳᠡᠭᠡᠳᠦ ᠤᠷᠤᠰᠬᠠᠯ ᠳᠤ ᠳᠡᠪᠰᠢᠬᠦ᠂ ᠵᠠᠭᠤᠨ ᠬᠦᠴᠦᠷᠬᠡᠭ ᠰᠢᠶᠠᠨ ᠳᠤ ᠣᠷᠣᠬᠤ︾ ᠬᠠᠷᠠᠯᠲᠠ ᠵᠦᠭ ᠲᠡᠮᠡᠴᠡᠨ᠂ ᠤᠷᠠᠳ ᠤᠨ ᠡᠮᠦᠨᠡᠲᠦ ᠬᠤᠰᠢᠭᠤᠨ ᠤ ᠣᠳᠣᠬᠢᠴᠢᠯᠠᠭᠰᠠᠨ ᠪᠦᠲᠦᠭᠡᠨ ᠪᠠᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠢᠨ  ᠪᠢᠴᠢᠭᠯᠡᠨ᠎ᠡ᠃     ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6%  ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 5.5% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15%  ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 10% ᠠᠴᠠ ᠲᠡᠭᠡᠭᠰᠢ ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 6% ᠠᠴᠠ ᠲᠡᠭᠡᠭᠰᠢ ᠪᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6 % ᠪᠠ 8 % ᠤᠷᠴᠢᠮ ᠢᠶᠠᠷ ᠨᠡᠮᠡᠭᠳᠡᠭᠦᠯᠦᠨ᠎ᠡ᠃ ᠳᠡᠭᠡᠳᠦ ᠱᠠᠲᠤᠨ ᠠᠴᠠ ᠪᠠᠭᠤᠯᠭᠠᠭᠰᠠᠨ ᠣᠷᠴᠢᠨ ᠠᠬᠤᠢ ᠶᠢᠨ ᠬᠠᠮᠠᠭᠠᠯᠠᠯᠲᠠ ᠶᠢᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠪᠠ ᠡᠨᠧᠷᠭᠢ ᠠᠷᠪᠢᠯᠠᠵᠤ ᠪᠣᠬᠢᠷᠲᠤᠯ  ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃  ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠡ᠃      ︵ᠨᠢᠭᠡ︶ ᠠᠵᠤ ᠦᠢᠯᠡᠰ ᠤᠨ ᠲᠠᠰ ᠳᠡᠪᠰᠢᠬᠦ ᠳᠤ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠤᠷᠠᠮᠳᠤᠭᠤᠯᠤᠨ᠎ᠠ᠃ ᠤᠳᠤ ᠦᠶ᠎ᠡ ᠶᠢᠨ ᠠᠵᠤ ᠦᠢᠯᠡᠰ ᠤᠨ  ᠲᠤᠭᠳᠠᠯᠴᠠᠭ᠎ᠠ ᠶᠢ ᠪᠠᠶᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠪᠤᠳᠤᠯᠭ᠎ᠠ ᠮᠥᠨ᠃ ︽ᠭᠤᠷᠪᠠ ᠶᠢ ᠠᠬᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠲᠤᠭᠳᠠᠯᠴᠠᠭ᠎ᠠ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠨᠥᠭᠡᠴᠡᠯᠡᠵᠦ ᠡᠨᠧᠷᠭᠢ ᠬᠠᠳᠠᠭᠠᠯᠠᠨ᠎ᠠ᠃       ᠨᠢᠭᠡ ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠥᠬᠦᠭᠡᠷᠦᠮᠵᠢ ᠶᠢᠨ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠨ ᠵᠣᠭᠰᠣᠭᠠᠵᠤ᠂ ᠠᠮᠤ ᠪᠤᠳᠠᠭ᠎ᠠ ᠲᠠᠷᠢᠬᠤ ᠲᠠᠯᠠᠪᠠᠶ ᠶᠢ 160 ᠲᠦᠮᠡᠨ ᠮᠦ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ︽ᠲᠠᠷᠢᠬᠤ  ᠶᠢ ᠭᠠᠵᠠᠷ ᠲᠤ ᠲᠣᠬᠢᠷᠠᠭᠤᠯᠬᠤ︾ ᠪᠠ ︽ᠭᠠᠵᠠᠷ  ᠢ ᠦᠨᠳᠣᠰᠣᠯᠡᠨ ᠲᠠᠷᠢᠬᠤ︾  ᠶᠢ ᠣᠶᠠᠯᠳᠣᠭᠤᠯᠵᠣ᠂ 21.3 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ 14.5 ᠲᠦᠮᠡᠨ ᠮᠥ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ 8.8 ᠲᠦᠮᠡᠨ ᠮᠥ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ ᠲᠥᠷᠥᠯ ᠵᠦᠢᠯ ᠢ ᠳᠦᠷᠭᠡᠳᠭᠡᠨ ᠠᠬᠢᠭᠤᠯᠵᠤ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃  ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠦᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠬᠦᠯᠬᠦ  ᠬᠦᠷᠢᠶᠡᠯᠡᠩ ᠢ ᠡᠬᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ︽ᠨᠢᠭᠡ ᠴᠠᠭᠠᠷᠢᠭ ᠬᠤᠶᠠᠷ ᠪᠦᠰᠡ︾ ᠶᠢᠨ ᠲᠥᠯᠥᠪᠵᠢᠭᠦᠯᠭᠡ ᠶᠢᠨ ᠲᠣᠭᠤᠷᠢᠨ ᠳᠤ᠂ ᠳᠠᠭᠠᠭᠤᠯᠤᠭᠴᠢ ᠶᠢ ᠠᠳᠬᠤᠬᠤ᠂ ᠬᠡᠯᠬᠢᠶ᠎ᠡ ᠶᠢ ᠴᠢᠩᠭᠠᠳᠬᠠᠬᠤ᠂ ᠴᠤᠭᠯᠠᠷᠠᠯ ᠢ ᠲᠦᠪᠯᠡᠷᠡᠬᠦᠯᠵᠦ᠂ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢᠶᠠᠷ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠥᠲᠥᠯᠥᠨ ᠳᠠᠭᠠᠭᠤᠯᠤᠨ᠎ᠠ᠃  ᠶᠡᠭᠡ ᠰᠢᠭᠡᠲᠡᠢ  ᠪᠠᠯᠭᠠᠰᠤ ᠶᠢᠨ 10 ᠲᠦᠮᠡᠨ ᠮᠤ᠋ ᠶᠢᠨ ᠯᠠᠵᠤᠤ᠂  ᠰᠢᠨ ᠠᠨ ᠪᠠᠯᠭᠠᠰᠤᠨ ᠤ ᠣᠳᠣ ᠦᠶ᠎ᠡ ᠶᠢᠨ ᠥᠨᠳᠥᠷ ᠦᠷ᠎ᠡ ᠠᠰᠢᠭᠲᠤ ᠪᠣᠬᠢᠷᠲᠤᠯ ᠦᠭᠡᠢ ᠠᠵᠤ ᠦᠢᠯᠡᠰ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ 15 ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ 5000 ᠮᠦ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠦᠨ᠎ᠡ᠃ ᠬᠦᠴᠦᠨ ᠢᠶᠠᠨ ᠲᠥᠪᠯᠡᠷᠡᠭᠦᠯᠦᠨ  ᠰᠢᠶᠠᠨ ᠹᠧᠩ ᠪᠠᠯᠭᠠᠰᠤ ᠶᠢᠨ ᠢᠳᠡᠰᠢᠨ ᠤ ᠮᠥᠭᠦ ᠳᠠᠷᠢᠬᠤ ᠵᠢᠱᠢᠶ᠎ᠡ ᠦᠵᠡᠭᠦᠯᠬᠦ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠠᠮᠤᠭ ᠤᠨ ᠲᠣᠮᠣ ᠬᠤᠯᠤᠰᠤᠨ ᠳᠤ ᠤᠷᠭᠤᠭᠰᠠᠨ ᠲᠡᠯᠳᠡᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂  ᠮᠧᠩ ᠨᠢᠦ ᠣᠲᠣ ᠦᠶ᠎ᠡ ᠶᠢᠨ ᠳᠡᠭᠡᠳᠦ ᠲᠠᠰ ᠤᠨ ᠣᠷᠭᠠᠨᠢᠭ ᠰᠦ ᠶᠢᠨ ᠠᠵᠤ  ᠦᠢᠯᠡᠰ ᠤᠨ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ ᠰᠠᠭᠠᠯᠢ ᠶᠢᠨ ᠦᠨᠢᠶ᠎ᠡ ᠲᠡᠵᠢᠭᠡᠬᠦ ᠬᠡᠮᠵᠢᠶ᠎ᠡ ᠶᠢ 5 ᠲᠦᠮᠡ ᠠᠴᠠ ᠲᠡᠭᠡᠭᠰᠢ ᠬᠦᠷᠭᠡᠵᠦ᠂ ᠵᠢᠯ ᠤᠨ ᠰᠢᠨ᠎ᠡ ᠰᠦ ᠶᠢᠨ ᠭᠠᠷᠤᠯᠲᠠ ᠶᠢ 10 ᠲᠦᠮᠡᠨ ᠲᠣᠨ ᠳᠤ ᠬᠦᠷᠭᠡᠨ᠎ᠡ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠦᠷ᠎ᠡ ᠠᠰᠢᠭ ᠢ ᠨᠡᠮᠡᠭᠳᠡᠭᠦᠯᠦᠨ᠎ᠡ᠃ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ ᠶᠢ ᠪᠠᠷᠢᠮᠲᠠᠯᠠᠵᠤ᠂ ︽ᠨᠤᠲᠤᠭ ᠤᠨ ᠣᠨᠴᠠ ᠭᠠᠷᠤᠯᠲᠠ︾ ᠶᠢ ᠨᠠᠷᠢᠯᠢᠭᠵᠢᠭᠤᠯᠵᠤ᠂ ᠤᠷᠢᠳᠴᠢᠯᠠᠨ ᠦᠢᠯᠡᠳᠦᠭᠰᠡᠨ ᠨᠤᠭᠤᠭ᠎ᠠ ᠶᠢᠨ ᠠᠵᠤ ᠦᠢᠯᠡᠰ ᠢ ᠪᠤᠶᠢᠵᠢᠭᠤᠯᠤᠨ ᠬᠦᠭᠵᠢᠬᠦᠯᠵᠦ᠂ ︽ᠠᠮᠤ ᠪᠤᠳᠠᠭ᠎ᠠ ᠶᠢ ᠬᠤᠭᠤᠯᠠ ᠪᠣᠯᠭᠠᠬᠤ︾᠂ ︽ᠵᠢᠮᠢᠰ ᠢ ᠰᠢᠭᠦᠰᠦ ᠪᠣᠯᠭᠠᠬᠤ︾᠂ ︽ᠡᠮ ᠤᠨ ᠮᠠᠲ᠋ᠧᠷᠢᠶᠠᠯ ᠢ ᠡᠮ ᠪᠣᠯᠭᠠᠬᠤ︾ ᠶᠢ ᠠᠬᠢᠭᠤᠯᠵᠤ᠂ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠤᠯᠠᠷᠢᠭᠤᠯᠤᠨ ᠥᠷᠲᠡᠭ ᠨᠡᠮᠡᠭᠳᠡᠭᠦᠯᠬᠦ ᠶᠢ ᠠᠬᠢᠭᠤᠯᠤᠨ᠎ᠠ᠃ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ ᠥᠷᠭᠡᠳᠬᠡᠵᠦ᠂ ᠣᠷᠭᠠᠨᠢᠭ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠭᠡᠷᠡᠴᠢᠯᠡᠭᠰᠡᠨ ᠲᠠᠯᠠᠪᠠᠶ ᠶᠢ 10 ᠲᠦᠮᠡᠨ ᠮᠥ ᠠᠴᠠ ᠳᠡᠭᠡᠭᠰᠢ ᠳᠤ ᠬᠦᠷᠦᠭᠦᠯᠵᠦ ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠦᠢᠯᠡᠰ ᠲᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠣᠷᠣᠨ ᠨᠤᠲᠤᠭ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂  ᠰᠢᠭᠡᠲᠡᠢ ᠶᠢᠨ ᠠᠷᠢᠬᠢ ᠂ ᠲᠢᠶᠠᠨ ᠾᠧᠩ ᠤᠨ ︽  ᠢᠦᠢ ᠾᠧᠩ︾ ᠵᠡᠷᠭᠡ ᠨᠢᠭᠡ ᠪᠦᠯᠦᠭ ᠴᠢᠨᠠᠷ ᠰᠠᠶᠢᠲᠠᠶ᠂ ᠥᠷᠢᠰᠦᠯᠳᠦᠬᠦ ᠬᠦᠴᠦᠨ ᠢᠶᠠᠷ ᠴᠢᠩᠭ᠎ᠠ᠂ ᠳᠠᠶᠢᠴᠢᠯᠠᠬᠤ  ᠦᠢᠯᠡᠳᠦᠯ ᠢᠶᠠᠷ ᠢᠯᠡᠷᠬᠡᠶ ᠤᠷᠤᠨ ᠨᠤᠳᠤᠭ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠪᠡᠶᠡᠴᠢ ᠴᠣᠭᠴᠠ ᠶᠢ ᠪᠤᠶᠢᠵᠢᠭᠤᠯᠤᠨ ᠬᠦᠴᠦᠷᠬᠡᠭᠵᠢᠭᠦᠯᠵᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ 2᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 5 ᠠᠴᠠ ᠳᠡᠭᠡᠭᠰᠢ ᠰᠢᠨ᠎ᠡ ᠪᠠᠷ ᠪᠣᠶᠢᠵᠢᠭᠤᠯᠣᠨ᠎ᠠ᠃ ᠲᠠᠷᠢᠶᠠᠨ ᠭᠠᠵᠠᠷ ᠤᠨ ᠤᠷᠭᠤᠮᠠᠯ ᠢ ᠬᠠᠮᠠᠭᠠᠯᠠᠬᠤ᠂ ᠦᠷ᠎ᠡ ᠶᠢ ᠪᠣᠳᠠᠲᠠᠶ ᠰᠢᠭᠤᠳ ᠬᠤᠷᠢᠶᠠᠬᠤ᠂ ᠠᠮᠤ ᠪᠤᠳᠠᠭᠠᠨ ᠤ ᠪᠠᠩᠬᠢ᠂ ᠳᠠᠭᠠᠳᠬᠠᠯ ᠢᠶᠠᠷ ᠣᠷᠣᠯᠠᠨ ᠨᠥᠭᠡᠴᠡᠯᠡᠬᠦ ᠵᠡᠷᠭᠡ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠳᠡᠯᠭᠡᠷᠡᠭᠦᠯᠵᠦ᠂ ︽ᠲᠠᠷᠢᠶᠠᠯᠠᠬᠤ ᠬᠠᠮᠢᠶᠠᠷᠬᠤ ᠬᠤᠷᠢᠶᠠᠬᠤ︾ ᠪᠥᠬᠦ ᠶᠠᠪᠤᠴᠠ ᠳᠤ ᠮᠠᠰᠢᠨᠴᠢᠯᠠᠬᠤ᠂ ᠦᠢᠯᠡᠴᠢᠯᠡᠬᠦ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠦᠨ᠎ᠡ᠃ ᠲᠡᠵᠢᠭᠡᠪᠦᠷᠢ ᠶᠢᠨ ᠦᠢᠯᠡᠰ ᠤᠨ  ᠴᠠᠷᠠᠭᠠᠨ ᠳᠤ᠂ ︽ᠬᠢᠵᠢᠭ ᠢ ᠰᠡᠷᠭᠡᠶᠢᠯᠡᠬᠦ + ᠣᠨᠣᠰᠢᠯᠠᠨ ᠡᠮᠨᠡᠬᠦ︾ ᠰᠢᠨ᠎ᠡ ᠬᠡᠯᠪᠡᠷᠢ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃ ᠬᠤᠤ ᠳ᠋ᠢ ᠲᠠᠷᠢᠶᠠᠯᠠᠩ᠂ ᠠᠬ᠎ᠠ ᠲᠡᠬᠦᠦ ᠶᠢᠨ ᠬᠤᠯᠪᠤᠭ᠎ᠠ ᠵᠡᠷᠭᠡ ᠦᠷ᠎ᠡ ᠪᠤᠶᠢᠵᠢᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠪᠤᠶᠢᠵᠢᠭᠤᠯᠬᠤ ᠲᠣᠭᠲᠠᠴᠠ ᠪᠠᠨ ᠪᠦᠷᠢᠨᠰᠢᠬᠦᠯᠬᠦ ᠶᠢ ᠳᠡᠮᠵᠢᠵᠦ᠂ ᠴᠢᠨᠠᠷ ᠰᠠᠶᠢᠲᠠᠶ ᠦᠷ᠎ᠡ ᠶᠢᠨ ᠢᠷᠡᠯᠲᠡ ᠶᠢ ᠦᠷᠡᠵᠢᠭᠦᠯᠦᠨ ᠪᠤᠶᠢᠵᠢᠭᠤᠯᠬᠤ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ  ᠢᠶᠠᠷ ᠰᠢᠪᠳᠦᠯᠬᠤ ᠢᠨᠵᠧᠨᠧᠷᠢᠩ ᠶᠢ ᠰᠠᠶᠢᠳᠤᠷ ᠠᠳᠬᠤᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 20᠂ ᠬᠤᠲᠠ ᠶᠢᠨ ᠲᠠᠰ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 10 ᠶᠢ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ 1᠂ ᠳ᠋ᠣᠺᠲ᠋ᠣᠷ ᠤᠨ ᠠᠵᠢᠯ ᠤᠨ ᠥᠷᠲᠡᠭᠡ 1 ᠶᠢ ᠰᠢᠨ᠎ᠡ ᠪᠠᠷ ᠨᠡᠮᠡᠭᠳᠡᠭᠦᠯᠵᠦ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠠᠮᠲᠤ ᠪᠠᠷ ᠡᠳ᠋ᠯᠡᠨ᠎ᠡ᠃        ᠬᠤᠶᠠᠷ ᠲᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠡᠰ ᠳᠡᠪᠰᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠷᠬᠢᠯᠳᠡ ᠶᠢᠨ ᠪᠠᠳᠤᠯᠠᠭ᠎ᠠ ᠶᠢ ᠰᠠᠶᠢᠳᠤᠷ ᠠᠳᠬᠤᠨ᠎ᠠ᠃ ︽ᠲᠥᠷᠥᠯ ᠵᠦᠢᠯ ᠢ ᠠᠳᠬᠤᠬᠤ᠂ ᠠᠵᠤ ᠠᠬᠤᠶᠢᠯᠠᠯ ᠢ ᠲᠣᠭᠲᠠᠭᠤᠨ ᠪᠠᠶᠢᠯᠭᠠᠬᠤ᠂ ᠠᠵᠤ ᠦᠢᠯᠡᠰ ᠢ ᠬᠦᠴᠦᠷᠬᠡᠭᠵᠢᠭᠦᠯᠬᠦ︾ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ︿︿ᠠᠵᠤ ᠠᠬᠤᠶᠢᠯᠠᠯ ᠢ ᠬᠠᠪᠰᠤᠷᠤᠨ ᠬᠦᠴᠦᠨ ᠨᠡᠮᠡᠷᠢᠯᠡᠬᠦ﹀﹀ ᠲᠤᠰᠬᠠᠢ ᠠᠵᠢᠯᠯᠠᠭ᠎ᠠ ᠶᠢ ᠰᠦᠪᠡᠭᠴᠢᠯᠡᠨ ᠦᠷᠨᠢᠬᠦᠯᠵᠦ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠢᠲᠡᠭᠡᠯ ᠵᠣᠷᠢᠭ ᠢ ᠨᠢ ᠬᠥᠪᠴᠢᠯᠡᠨ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠰᠢᠭᠯᠠᠯᠲᠠ ᠳᠤ ᠣᠷᠣᠵᠤ ᠠᠵᠢᠯᠯᠠᠬᠤ ᠶᠢ ᠠᠬᠢᠭᠤᠯᠵᠤ᠂ ᠦᠢᠯᠡᠳᠪᠦᠷᠢᠯᠡᠯ ᠢᠶᠠᠨ ᠪᠠᠭᠠᠰᠬᠠᠭᠰᠠᠨ ᠠᠵᠤ ᠠᠬᠤᠶᠢᠯᠠᠯ ᠤᠨ ᠳᠠᠭᠠᠭᠠᠴᠠ ᠶᠢ ᠨᠡᠮᠡᠭᠳᠡᠭᠦᠯᠦᠨ᠂ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠢ ᠳᠠᠷᠦ᠋ᠢᠬᠠᠨ ᠠᠵᠢᠯ ᠢ  ᠨᠢ ᠰᠡᠷᠭᠦᠭᠡᠵᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠤᠷᠤᠭᠰᠢᠲᠠᠶ ᠪᠠᠷ ᠠᠰᠢᠭᠯᠠᠯᠲᠠ ᠳᠤ ᠣᠷᠣᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠲᠤᠰᠬᠠᠶ ᠨᠠᠷᠢᠯᠢᠭ ᠣᠨᠴᠠ ᠰᠢᠨ᠎ᠡ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 3 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 1 ᠶᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠶ ᠥᠷᠲᠡᠭ ᠢ 180  ᠳ᠋ᠦᠩᠰᠢᠭᠤᠷ ᠲᠤ ᠬᠦᠷᠭᠡᠨ᠎ᠠ᠃ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ᠎ᠡ᠃ ᠤᠯᠠᠮᠵᠢᠯᠠᠯᠳᠤ ᠠᠵᠤ ᠦᠢᠯᠡᠰ ᠢ ᠲᠠᠬᠢᠨ ᠴᠤᠭᠴᠠᠯᠠᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ᠤᠷᠠᠳ ᠴᠠᠬᠢᠯᠭᠠᠨ ᠤ ᠦᠢᠯᠡᠳᠪᠦᠷᠢ ᠶᠢᠨ ᠠᠮᠢᠳᠤᠯᠢᠭ ᠥᠭᠡᠷᠡᠴᠢᠯᠡᠯᠲᠡ᠂  ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢᠨ ᠴᠢᠩ ᠬᠤᠸᠠ ᠶᠢᠨ ᠬᠦᠬᠦᠷ ᠥᠬᠡᠶᠢᠳᠡᠭᠦᠯᠦᠭᠰᠡᠨ ᠬᠠᠶᠠᠭᠳᠠᠮᠠᠯ ᠰᠢᠩᠭᠡᠨ ᠠᠴᠠ ᠳᠠᠪᠤᠰᠤ ᠭᠠᠷᠭᠠᠬᠤ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠬᠦᠯᠵᠦ᠂ ᠰᠠᠭᠠᠳᠠᠭ ᠤᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠣᠨᠴᠠ ᠲᠥᠷᠥᠯ ᠤᠨ ᠬᠠᠶᠢᠯᠤᠰᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ ᠲᠤ  ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ᠂ ᠲᠣᠭᠠᠴᠢᠯᠠᠭᠰᠠᠨ ᠡᠨᠧᠷᠭᠢ ᠣᠯᠭᠤᠬᠤ᠂ ᠲᠥᠬᠦᠭᠡᠷᠦᠮᠵᠢ ᠶᠢ ᠰᠢᠨᠡᠳᠬᠡᠬᠦ᠂ ᠭᠠᠷ ᠤᠷᠠᠯᠠᠯ ᠢ ᠲᠠᠰ ᠳᠡᠪᠰᠢᠭᠦᠯᠬᠦ ᠵᠡᠷᠭᠡ ᠠᠷᠭ᠎ᠠ ᠬᠡᠮᠵᠢᠶ᠎ᠡ ᠶᠢ ᠶᠡᠬᠡᠪᠡᠷ ᠠᠬᠢᠭᠤᠯᠵᠤ᠂ ᠰᠢᠨᠡᠳᠬᠦ ᠶᠢ ᠠᠬᠢᠭᠤᠯᠤᠨ᠎ᠠ᠃ ᠲᠣᠮᠣ ᠬᠡᠯᠪᠡᠷᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠢᠴᠢ ᠲᠣᠣᠷᠠᠲᠣ ᠣᠷᠣᠰᠬᠠᠯ ᠤᠨ ᠪᠣᠯᠣᠳ‌‍ᠲ᠋ᠡᠮᠦᠷ ᠤᠨ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠳᠤᠮᠳᠠ ᠵᠢᠵᠢᠭ ᠬᠡᠯᠪᠡᠷᠢ ᠶᠢᠨ ᠠᠭᠤᠷᠬᠠᠶ ᠶᠢ ᠡᠮᠬᠢᠯᠡᠨ ᠨᠡᠶᠢᠯᠡᠭᠦᠯᠵᠦ ᠳᠠᠬᠢᠨ ᠪᠠᠶᠢᠭᠤᠯᠬᠤ ᠪᠠᠷ ᠳᠠᠮᠵᠢᠭᠤᠯᠤᠨ᠂ ᠠᠭᠤᠷᠬᠠᠶ ᠶᠢᠨ ᠲᠤᠭ᠎ᠠ ᠬᠡᠮᠵᠢᠶ᠎ᠡ ᠪᠣᠯᠤᠨ ᠦᠢᠯᠡᠳᠪᠦᠷᠢᠯᠡᠯ ᠤᠨ ᠬᠡᠪᠴᠢᠶ᠎ᠡ ᠶᠢᠨ ︽ᠬᠤᠣᠰ ᠡᠵᠡᠮᠳᠡᠯ︾ ᠢ ᠪᠡᠶᠡᠯᠡᠭᠦᠯᠵᠦ᠂ ᠠᠭᠤᠷᠬᠠᠶ ᠶᠢᠨ ᠠᠵᠤ ᠠᠬᠤᠶᠢᠯᠠᠯ ᠤᠨ ︽ᠣᠯᠠᠨ ᠵᠢᠵᠢᠭ ᠲᠠᠷᠠᠬᠠᠶ︾ ᠪᠠᠶᠢᠬᠤ ᠪᠠ ᠨᠡᠭᠡᠭᠡᠯᠲᠡ ᠬᠢᠵᠦ ᠬᠠᠮᠢᠶᠠᠷᠬᠤ ᠬᠢᠷᠢ ᠬᠡᠮᠵᠢᠶ᠎ᠡ ᠪᠠᠷ ᠳᠣᠣᠷ᠎ᠠ ᠪᠠᠶᠢᠭ᠎ᠠ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠪᠦᠬᠦ ᠤᠯᠤᠰ ᠤᠨ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠭᠤᠣᠯᠳᠠᠯᠭ᠎ᠠ ᠲᠠᠢ ᠰᠢᠶᠠᠨ ᠠᠴᠠ ᠭᠠᠷᠭᠠᠬᠤ ᠪᠠᠷ ᠴᠢᠷᠮᠠᠶᠢᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠡᠨᠧᠷᠭᠢ ᠪᠠᠨ ᠥᠷᠭᠡᠳᠬᠡᠨ ᠬᠡᠮᠵᠢᠶ᠎ᠡ ᠪᠠᠨ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃  ᠰᠢᠨ᠎ᠡ ᠡᠨᠧᠷᠬᠢ  ᠶᠢᠨ ᠠᠵᠤ ᠦᠢᠯᠡᠰ  ᠤᠨ ᠬᠤᠷᠳᠤᠴᠠ ᠪᠠᠨ ᠲᠦᠷᠭᠡᠳᠬᠡᠨ ᠬᠡᠮᠵᠢᠶ᠎ᠡ ᠪᠠᠨ ᠨᠡᠮᠡᠭᠳᠡᠬᠦᠯᠬᠦ ᠢᠨᠵᠧᠨᠧᠷᠢᠩ ᠶᠢ ᠬᠡᠷᠡᠭᠵᠢᠬᠦᠯᠵᠦ᠂ ᠭᠦᠸᠧ ᠱᠧᠩ ᠬᠤᠣᠰ ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ ᠬᠦᠷᠢᠶᠡᠯᠡᠩ ᠤᠨ 10GW  ᠲᠠᠯᠠᠰᠵᠢᠭᠤᠯᠬᠤ᠂ ᠮᠧᠢ ᠶᠢᠨ ᠤ 37.4 ᠲᠦᠮᠡᠨ ᠲᠣᠨ ᠤ ᠲᠡᠮᠦᠷ ᠤᠨ ᠬᠠᠶᠢᠯᠤᠰᠢ ᠪᠣᠯᠤᠨ 300 ᠲᠦᠮᠡᠨ ᠲᠣᠨ ᠤ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠴᠢᠬᠤᠯᠠ ᠶᠡᠭᠡ ᠲᠦᠷᠦᠯ ᠵᠦᠢᠯ  ᠢ ᠠᠩᠬᠠᠷᠴᠤ᠂ ᠡᠯᠧᠮᠧᠨ᠋ᠲ ᠤᠨ ᠬᠠᠩᠭᠠᠯᠭ᠎ᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠡᠪᠴᠢᠶᠡᠵᠢᠯ ᠤᠨ ᠦᠷ᠎ᠡ ᠠᠰᠢᠭ ᠪᠦᠬᠦᠢ ᠠᠵᠤ ᠦᠢᠯᠡᠰ ᠤᠨ ᠪᠦᠯᠦᠭᠵᠢᠯ ᠢ ᠲᠦᠷᠭᠡᠨ  ᠪᠦᠷᠢᠯᠳᠦᠭᠦᠯᠦᠨ᠎ᠡ᠃ ᠲᠣᠣᠷᠠᠲᠣ ᠣᠷᠣᠰᠬᠠᠯ ᠤᠨ ᠴᠠᠬᠢᠯᠭᠠᠨ ᠴᠡᠨᠡᠭ ᠤᠨ ᠲᠣᠨᠣᠭᠯᠠᠯ᠂ ᠬᠡᠷᠡᠯ ᠴᠡᠨᠡᠭ ᠤᠨ ᠲᠤᠯᠭᠠᠭᠤᠷᠢ ᠵᠢᠶᠠᠰᠠ᠂ ᠡᠨᠧᠷᠬᠢ ᠬᠠᠳᠠᠭᠠᠯᠠᠬᠤ ᠲᠦᠬᠦᠬᠡᠷᠦᠮᠵᠢ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠢᠵᠢ ᠪᠥᠷᠢᠳᠦᠭᠦᠯᠬᠦ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠬᠡᠷᠡᠯ ᠴᠡᠨᠡᠭ ᠤᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠤᠨ ᠬᠥᠷᠰᠢ ᠵᠡᠷᠭᠡᠯᠡᠳᠡᠭᠡ  ᠪᠣᠯᠬᠤ ᠳᠠᠪᠠᠭᠤᠯᠢᠭ ᠲᠠᠭᠠᠨ ᠲᠦᠰᠢᠭᠯᠡᠨ᠂ ᠣᠲᠣ ᠶᠢᠨ ᠪᠠᠶᠢᠭ᠎ᠠ ᠬᠤᠪᠣᠷ ᠰᠢᠷᠣᠶ ᠶᠢᠨ ᠰᠣᠷᠢᠨᠵᠢᠨ ᠮᠠᠲ᠋ᠧᠷᠢᠶᠠᠯ᠂ ᠭᠢᠯᠠᠶᠢᠯᠭᠠᠬᠤ ᠮᠠᠲ᠋ᠧᠷᠢᠶᠠᠯ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠤᠨ  ᠦᠢᠯᠡᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠬᠤ ᠪᠠ ᠬᠡᠯᠬᠢᠶ᠎ᠡ ᠪᠠᠨ ᠤᠷᠲᠤᠳᠬᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠠᠵᠤ ᠦᠢᠯᠡᠳᠪᠦᠷᠢ ᠶᠢᠨ ᠲᠣᠭᠤᠷᠢᠭ ᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠠ ᠶᠢᠨ ᠭᠤᠤᠯ ᠵᠢᠭᠰᠠᠭᠠᠯ ᠤᠨ ᠭᠠᠵᠠᠷ ᠪᠣᠯᠭᠠᠵᠤ᠂ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠨ᠂ ᠲᠣᠭᠤᠷᠢᠭ ᠤᠨ ᠴᠢᠳᠠᠮᠵᠢ ᠶᠢ ᠰᠢᠯᠢᠳᠡᠭᠵᠢᠭᠦᠯᠵᠦ᠂ ᠡᠯ᠎ᠡ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠦᠨ᠂ ᠰᠠᠭᠤᠷᠢ ᠪᠡᠯᠡᠳᠬᠡᠮᠵᠢ ᠪᠠ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠡᠨᠧᠷᠭᠢ ᠶᠢᠨ ᠬᠤᠷᠣᠭᠳᠠᠯ ᠤᠰᠤᠨ ᠤ ᠬᠤᠷᠣᠭᠳᠠᠯ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ᠂ ᠪᠠᠯᠠ ᠣᠷᠣᠭᠤᠯᠤᠯᠲᠠ ᠶᠢᠨ ᠬᠦᠴᠦᠯᠡᠴᠡ ᠵᠡᠷᠭᠡ ᠡᠵᠡᠮᠳᠡᠬᠦ ᠴᠢᠨᠠᠷᠲᠠᠶ ᠭᠦᠢᠴᠡᠳᠭᠡᠯ ᠲᠤᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠂ ᠰᠢᠨ᠎ᠡ ᠡᠨᠧᠷᠭᠢ ᠶᠢ ᠰᠢᠩᠭᠡᠭᠡᠨ ᠠᠪᠬᠤ ᠴᠢᠳᠠᠪᠤᠷᠢ ᠶᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠲᠣᠭᠤᠷᠢᠭ ᠤᠨ ᠳᠠᠭᠠᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠭᠤᠷᠪᠠ ᠳᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠠᠮᠢ ᠠᠬᠤᠢ ᠶᠢᠨ ᠵᠤᠭᠠᠴᠠᠯ᠂ ᠮᠥᠰᠥ ᠴᠠᠰᠤᠨ ᠤ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ ᠵᠡᠷᠭᠡ ᠭᠤᠣᠯ ᠰᠡᠳᠦᠪ ᠲᠤ ᠲᠦᠰᠢᠭᠯᠡᠨ᠂ ᠣᠬᠢ ᠰᠢᠯᠢᠳᠡᠭ ᠵᠠᠮ ᠱᠤᠭᠤᠮ ᠢ ᠢᠳᠡᠪᠬᠢᠲᠡᠢ ᠲᠥᠰᠦᠪᠯᠡᠨ᠂ ᠵᠤᠭᠠᠴᠠᠯ ᠤᠨ ᠪᠦᠲᠦᠭᠡᠭᠳᠡᠬᠦᠨ ᠳᠤ ᠰᠢᠨ᠎ᠡ ᠶᠢ ᠡᠭᠦᠳᠴᠦ᠂ ᠣᠨᠴᠠᠯᠢᠭᠲᠤ ᠠᠵᠢᠯᠯᠠᠭ᠎ᠠ ᠶᠢ ᠡᠷᠬᠢᠯᠡᠨ᠂ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠭᠢᠯᠠᠰ ᠴᠢᠭ ᠢ ᠡᠭᠦᠳᠴᠦ᠂  ᠪᠠᠭ᠋ᠠᠷᠣᠯᠲᠣ ᠤᠷᠠᠳ ᠤᠨ ᠡᠮᠦᠨᠡᠲᠦ ᠬᠤᠰᠢᠭᠤᠨ ᠤ ᠳᠦᠷᠢ ᠲᠥᠷᠬᠦ ᠶᠢ ᠦᠨᠡᠨ ᠬᠦ ᠪᠤᠢ ᠪᠤᠯᠭᠠᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠨᠡᠷ᠎ᠡ ᠠᠯᠳᠠᠷ ᠢ ᠮᠠᠨᠳᠤᠭᠤᠯᠵᠤ᠂ ᠣᠯᠠᠨ ᠤ ᠬᠦᠷᠢᠶᠡᠯᠡᠯ ᠢ ᠣᠯᠤᠨ᠎ᠠ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠥᠷᠥᠯ  ᠵᠦᠢᠯ ᠢ ᠲᠡᠮᠡᠴᠡᠨ ᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠤᠯᠠᠭᠠᠨᠰᠤᠬᠠᠢ ᠨᠠᠭᠤᠷ᠂ ᠣᠷᠪᠤᠭ ᠤᠨ ᠲᠠᠯ᠎ᠠ ᠨᠤᠲᠤᠭ᠂ ᠴᠢᠨ᠋ᠸ᠎ᠠ ᠶᠢᠨ ᠬᠦᠨᠳᠡᠢ ︽ᠬᠡᠭᠡᠷ᠎ᠡ ᠶᠢᠨ ᠠᠮᠢᠲᠠᠨ ᠤ ᠬᠦᠷᠢᠶᠡᠯᠡᠩ︾ ᠵᠡᠷᠭᠡ ᠰᠦᠯᠵᠢᠶᠡᠨ ᠴᠣᠣᠲᠤ ᠴᠡᠭ ᠢ ᠬᠦᠴᠦᠯᠡᠨ ᠪᠠᠶᠢᠭᠤᠯᠵᠤ᠂ ︽ᠤᠷᠤᠰᠴᠠ︾ ᠶᠢ ᠦᠨᠡᠨ ᠬᠦ ︽ᠨᠥᠭᠡᠴᠡ︾ ᠪᠣᠯᠭᠠᠵᠤ᠂ ︽ᠵᠠᠮ ᠤᠨ ᠠᠶᠠᠨᠴᠢᠨ︾ ᠢ ︽ᠬᠤᠨᠤᠭᠯᠠᠬᠤ ᠵᠣᠴᠢᠨ︾ ᠪᠣᠯᠭᠠᠨ᠎ᠠ᠃ ᠤᠯᠠᠭᠠᠨᠰᠤᠬᠠᠢ ᠰᠣᠶᠣᠯ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠺᠢᠨᠣ᠋ ᠲᠧᠯᠸᠢᠰ ᠤᠨ ᠠᠵᠤ ᠦᠢᠯᠡᠰ ᠤᠨ ᠬᠦᠷᠢᠶᠡᠯᠡᠩ᠂ ᠮᠥᠰᠥ ᠴᠠᠰᠤᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠬᠢ ᠶᠢ ᠤᠯᠠᠮ ᠪᠠᠶᠠᠯᠢᠭᠵᠢᠭᠤᠯᠤᠨ᠎ᠠ᠃  ᠰᠠᠨ ᠬᠤ᠋ ᠨᠠᠭᠤᠷ ᠤᠨ ᠡᠷᠲᠡᠨ ᠤ ᠣᠯᠣᠮ᠂ ᠲᠤᠤᠷᠠᠶ ᠤᠯᠢᠶᠠᠰᠤ ᠶᠢᠨ ᠠᠮᠢ ᠠᠬᠤᠶ ᠶᠢᠨ ᠣᠶ ᠵᠡᠷᠭᠡ ︽ᠭᠠᠷᠠᠭ ᠤᠨ ᠰᠡᠭᠦᠯᠴᠢ ᠶᠢᠨ ᠵᠢᠭᠤᠯᠴᠢᠯᠠᠯ︾ ︽ᠨᠢᠭᠡ ᠡᠳᠦᠷ ᠤᠨ ᠵᠢᠭᠤᠯᠴᠢᠯᠠᠯ︾ ᠤᠨ ᠦᠵᠡᠮᠵᠢ ᠶᠢᠨ ᠴᠡᠭ ᠦᠵᠡᠮᠵᠢ ᠶᠢᠨ ᠣᠷᠣᠨ ᠢ ᠪᠣᠢ ᠪᠣᠯᠭᠠᠵᠤ᠂ ︽ᠲᠠᠷᠢᠶᠠᠯᠠᠩ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠲᠠᠷᠢᠶᠠᠯᠠᠩ ᠢ ᠬᠥᠭᠵᠢᠭᠦᠯᠬᠦ︾ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃  ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ ᠨᠡᠮᠡᠭᠳᠡᠯ ᠤᠨ ᠬᠤᠷᠳᠤᠴᠠ ᠶᠢ ᠠᠬᠢᠭᠤᠯᠤᠨ᠎ᠠ᠃ ᠬᠢᠵᠠᠭᠠᠷ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠬᠤᠭᠤᠯᠠ ᠢᠳᠡᠬᠦ ᠨᠢᠭᠡᠴᠡ ᠶᠢ 5 ᠡᠷᠦᠬᠡ ᠠᠴᠠ ᠳᠡᠭᠡᠭᠰᠢ  ᠪᠣᠶᠢᠵᠢᠭᠤᠯᠤᠨ ᠬᠦᠭᠵᠢᠭᠦᠯᠦᠨ᠎ᠡ᠃ ᠰᠢᠤᠳᠠᠨ᠂ ᠲᠦᠷᠭᠡᠨ ᠬᠦᠷᠭᠡᠯᠲᠡ ᠵᠡᠷᠭᠡ ᠦᠢᠯᠡᠴᠢᠯᠡᠭᠡᠨ ᠤ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠳᠣᠭᠢᠷᠠᠭᠤᠯᠤᠨ ᠬᠦᠷᠭᠡᠬᠦ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠨᠢᠭᠡ ᠪᠦᠯᠦᠭ ᠪᠠᠯᠭᠠᠰᠤ ᠲᠣᠰᠬᠤᠨ ᠤ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠴᠡᠭ ᠢ ᠥᠭᠡᠷᠡᠴᠢᠯᠡᠨ ᠲᠠᠰ ᠳᠡᠪᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠦᠯᠵᠢᠶᠡᠨ ᠳᠡᠭᠡᠷ᠎ᠡ ᠪᠠᠷᠠᠭ᠎ᠠ ᠪᠣᠷᠤᠯᠠᠭᠤᠯᠬᠤ᠂ ᠲᠠᠷᠢᠶᠠᠨ ᠭᠠᠵᠠᠷ ᠲᠤ ᠰᠢᠭᠤᠳ ᠨᠡᠪᠲᠡᠷᠡᠭᠦᠯᠬᠦ᠂ ᠣᠬᠤᠷ ᠸᠢᠳᠢᠣ᠋ ᠪᠠᠷ ᠪᠣᠷᠣᠯᠠᠭᠤᠯᠬᠤ ᠵᠡᠷᠭᠡ ᠡᠵᠡᠩᠨᠡᠨ ᠪᠣᠷᠤᠯᠠᠭᠤᠯᠬᠤ ᠬᠡᠪ ᠮᠠᠶ᠋ᠢᠭ ᠢ ᠳᠡᠯᠭᠡᠷᠡᠭᠦᠯᠬᠦ ᠶᠢ ᠵᠣᠷᠢᠭᠵᠢᠭᠤᠯᠵᠤ᠂ ᠴᠢᠨᠠᠷ ᠰᠠᠶᠢᠲᠠᠢ ᠤᠨᠴᠠᠯᠢᠬᠳᠤ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠎ᠠ᠃ ︽ᠰᠥᠨᠢ ᠶᠢᠨ ᠠᠵᠤ ᠠᠬᠤᠢ︾᠂ ︽ᠳᠡᠯᠭᠡᠭᠡ ᠮᠠᠶᠢᠮᠠᠶ ᠶᠢᠨ ᠠᠵᠤ ᠠᠬᠤᠢ︾ ᠶᠢ ᠬᠥᠭᠵᠢᠭᠦᠯᠬᠦ ᠶᠢ ᠵᠣᠷᠢᠭᠵᠢᠭᠤᠯᠵᠤ᠂ ᠬᠤᠲᠠ ᠶᠢ ᠨᠡᠩ ᠢᠯᠡᠭᠦᠦ ︽ᠬᠥᠭᠵᠢᠶᠡᠨ ᠨᠠᠷᠭᠢᠶᠠᠨ ᠲᠠᠢ︾ ᠪᠣᠯᠭᠠᠵᠤ᠂ ᠬᠡᠷᠡᠭᠯᠡᠭᠡ ᠶᠢ ︽ᠰᠢᠨ᠎ᠡ ᠠᠮᠢᠵᠢᠷᠠᠯ ᠤᠨ ᠬᠦᠴᠦᠨ︾ ᠲᠠᠢ ᠪᠣᠯᠭᠠᠨ᠎ᠠ᠃  ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠎ᠡ᠃ ᠵᠠᠰᠠᠭ ᠪᠠᠩᠬᠢ ᠠᠵᠤ ᠠᠬᠤᠶᠢᠯᠠᠯ ᠤᠨ ᠬᠠᠮᠵᠢᠯᠴᠠᠨ ︽ᠲᠥᠷᠥᠯ ᠵᠦᠢᠯ ᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠪᠠᠭᠤᠯᠭᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶ᠎ᠡ ᠴᠠᠷᠠᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠠᠯᠠ ᠲᠣᠬᠢᠷᠠᠭᠤᠯᠭ᠎ᠠ ᠶᠢᠨ ᠲᠦᠭᠵᠢᠶᠡᠰᠦ ᠪᠠ ᠲᠦᠪᠡᠭᠲᠡᠶ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠤᠯᠤᠭᠠᠶᠢᠯᠠᠭᠴᠢ ᠠᠵᠤ ᠠᠬᠤᠶᠢᠯᠠᠯ ᠢ ᠬᠦᠮᠦᠵᠢᠬᠦᠯᠦᠨ‌‍ᠰᠲ᠋ᠣᠺ ᠤᠨ ᠵᠠᠬ᠎ᠠ ᠲᠡᠯᠬᠡᠬᠦᠷ ᠲᠤ ᠭᠠᠷᠭᠠᠬᠤ ᠶᠢ ᠬᠡᠷᠡᠭᠵᠢᠭᠦᠯᠵᠦ᠂  ᠳ᠋ᠦᠩ ᠯᠢ᠂ ᠲᠢᠶᠠᠨ ᠾᠧᠩ᠂ ᠲᠢᠶᠠᠨ ᠢᠦᠢ ᠶᠤᠸᠠᠨ ᠵᠡᠷᠭᠡ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠠᠬᠢᠴᠠ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ︵ᠬᠤᠶᠠᠷ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠣᠶ ᠪᠣᠯᠭᠠᠨ᠎ᠠ᠃  ᠲᠦᠷᠦᠯ ᠵᠦᠢᠯ ᠤᠨ  ᠰᠠᠭᠤᠷᠢᠰᠢᠬᠤ ᠰᠢᠪᠳᠦᠯᠦᠯᠳᠡ ᠶᠢᠨ ᠢᠨᠵᠧᠨᠧᠷᠢᠩ ᠶᠢ ᠬᠡᠷᠡᠭᠵᠢᠬᠦᠯᠵᠦ᠂ ︽ᠭᠤᠷᠪᠠ ᠶᠢ ᠪᠠᠷᠢᠮᠲᠠᠯᠠᠬᠤ︾ ᠶᠢ ᠳᠣᠪᠤᠶᠢᠯᠭᠠᠵᠤ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ  ᠨᠡᠮᠡᠷᠢᠯᠡᠨ᠎ᠡ᠃       ᠨᠢᠭᠡ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠶᠢᠪᠢᠰᠢ ᠥᠬᠡᠶ ᠪᠠᠷᠢᠮᠲᠠᠯᠠᠨ᠎ᠠ᠃  ᠲᠠᠷᠢᠶᠠᠯᠠᠩ ᠣᠶ ᠰᠢᠭᠤᠶ ᠮᠠᠯ ᠠᠵᠤ ᠠᠬᠤᠶ ᠤᠰᠤᠨ ᠠᠰᠢᠭᠯᠠᠯᠲᠠ᠂ ᠴᠡᠪᠡᠷ ᠡᠨᠧᠷᠭᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠎ᠠ ᠶᠢᠨ 28 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠤᠨ ᠭᠠᠷᠳᠠᠮ  ᠭᠦᠢᠴᠡᠳᠭᠡᠵᠦ ᠳᠠᠭᠤᠰᠬᠠᠬᠤ ᠨᠣᠷᠮ᠎ᠠ᠂ ᠪᠠᠯᠠ ᠣᠷᠣᠭᠤᠯᠤᠯᠲᠠ ᠶᠢ ᠪᠡᠶᠡᠯᠡᠭᠦᠯᠬᠦ ᠨᠣᠷᠮ᠎ᠠ᠂ ᠪᠠᠷᠢᠯᠭ᠎ᠠ ᠳᠠᠭᠤᠰᠴᠤ ᠦᠢᠯᠡᠳᠪᠦᠷᠢᠯᠡᠬᠦ ᠨᠣᠷᠮ᠎ᠠ ᠶᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠦᠵᠢ ᠶᠢᠨ ᠡᠯᠡᠰᠦᠷᠬᠡᠭ ᠭᠠᠵᠠᠷ ᠤᠨ 2GW ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠢᠯ ᠡᠬᠢᠯᠡᠭᠦᠯᠦᠨ ᠠᠬᠢᠭᠤᠯᠤᠨ᠎ᠠ᠃ ᠪᠤᠭᠤᠲᠤ ᠠᠴᠠ ᠢᠷᠭᠠᠶ ᠬᠦᠷᠬᠦ ᠳᠡᠭᠡᠳᠦ ᠬᠤᠷᠳᠣᠴᠠᠲᠣ ᠲᠡᠮᠦᠷ ᠵᠠᠮ᠂ G0616 ᠮᠣᠨᠠ ᠠᠭᠤᠯᠠ ᠠᠴᠠ ᠬᠠᠯᠢᠭᠤᠳᠤ ᠬᠦᠷᠬᠦ ᠳᠡᠭᠡᠳᠦ ᠬᠤᠷᠳᠣᠴᠠᠲᠣ  ᠵᠠᠰᠠᠮᠠᠯ ᠵᠠᠮ᠂ G628 ᠤᠯᠤᠰ ᠤᠨ ᠵᠠᠮ᠂ G6 ᠳᠡᠭᠡᠳᠦ ᠬᠤᠷᠳᠣᠴᠠᠲᠣ ᠶᠢᠨ ᠮᠣᠨᠠ ᠠᠭᠤᠯᠠ ᠶᠢᠨ ᠭᠠᠷᠬᠤ ᠵᠠᠮ ᠪᠣᠯᠤᠨ ᠦᠢᠯᠡᠴᠢᠯᠡᠭᠡᠨ ᠤ ᠲᠣᠭᠤᠷᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠬᠤ ᠵᠡᠷᠭᠡ ᠵᠠᠮ ᠬᠠᠷᠢᠯᠴᠠᠭᠠᠨ ᠤ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ︽ᠬᠤᠶᠠᠷ ᠰᠢᠨ᠎ᠡ ᠨᠢᠭᠡ ᠴᠢᠬᠤᠯᠠ︾ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠠᠬᠢᠯᠭᠠᠨ ᠴᠡᠨᠡᠭᠯᠡᠬᠦ ᠪᠠᠭᠠᠨ᠎ᠠ 80 ᠶᠢ ᠪᠠᠶᠢᠭᠤᠯᠵᠤ᠂ ᠮᠢᠩᠭᠠᠨ ᠰᠠᠶ᠎ᠠ ᠶᠢᠨ ᠬᠡᠷᠡᠯᠯᠢᠭ‌‍ᠰᠢᠷᠬᠡᠭ ᠤᠨ ᠰᠦᠯᠵᠢᠶ᠎ᠡ ᠪᠠ 5G ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 5G ᠶᠢᠨ ᠰᠠᠭᠤᠷᠢ ᠥᠷᠲᠡᠭᠡ 450 ᠶᠢ ᠰᠢᠨ᠎ᠡ ᠪᠠᠷ ᠪᠠᠶᠢᠭᠤᠯᠤᠨ᠎ᠠ᠃      ᠬᠤᠶᠠᠷ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠤᠯᠠᠷᠠᠭᠤᠯᠤᠯ ᠦᠭᠡᠢ ᠪᠠᠷᠢᠮᠲᠠᠯᠠᠨ᠎ᠠ᠃ ︽ᠬᠡᠯᠬᠢᠶᠡᠵᠢᠭᠦᠯᠬᠦ ᠮᠠᠶ᠋ᠢᠭ︾ ᠤᠨ ᠰᠡᠳᠬᠢᠬᠦᠶ ᠶᠢ ᠪᠣᠶ ᠪᠣᠯᠭᠠᠵᠤ᠂ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ᠂ ᠬᠤᠳᠠᠯᠳᠤᠭᠠᠴᠢᠨ ᠤ ᠡᠪᠯᠡᠯ᠂ ᠠᠵᠤ ᠠᠬᠤᠶᠢᠯᠠᠯᠲᠠᠳ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠪᠦᠷᠢᠨ ᠬᠡᠯᠬᠢᠶᠡᠰᠦ︾ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠶ ᠥᠷᠨᠢᠭᠦᠯᠵᠦ᠂ ᠦᠰᠢ ᠶᠢᠨ ᠲᠣᠭᠲᠠᠮᠠᠯ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠪᠡᠭᠡᠵᠢᠩ ᠤᠨ ᠾᠧ ᠱᠧᠩ ᠴᠤᠸᠠᠩ ᠺᠢᠨᠣ᠋ ᠶᠢᠨ ︽ᠰᠢᠨ᠎ᠡ ᠡᠨᠧᠷᠭᠢ + ᠤᠶᠤᠨᠲᠤ ᠲᠠᠷᠢᠶᠠᠯᠠᠩ + ᠠᠮᠢ ᠠᠬᠤᠶ ᠶᠢᠨ ᠵᠠᠰᠠᠯᠲᠠ︾ ᠵᠡᠷᠭᠡ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠦᠨᠳᠦᠷ᠂ ᠢᠷᠡᠭᠡᠳᠦᠢ ᠦᠷ᠎ᠡ ᠠᠰᠢᠭ ᠢᠶᠠᠷ ᠰᠠᠶᠢᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠰᠢᠯᠢᠳᠡᠭ ᠭᠡᠷ᠎ᠡ ᠲᠣᠭᠲᠠᠭᠰᠠᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ︽ᠭᠠᠵᠠᠷ ᠠᠪᠤᠮᠠᠭᠴᠠ ᠠᠵᠢᠯ ᠡᠬᠢᠯᠡᠭᠦᠯᠬᠦ︾᠂ ᠬᠢᠨᠠᠨ ᠵᠥᠪᠰᠢᠶᠡᠷᠡᠬᠦ ᠪᠥᠬᠦ ᠶᠠᠪᠤᠴᠠ ᠶᠢ ᠣᠷᠣᠯᠠᠨ ᠭᠦᠢᠴᠡᠳᠭᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠡᠷ᠎ᠡ ᠲᠣᠭᠲᠠᠭᠰᠠᠨ ᠲᠥᠷᠥᠯ ᠵᠦᠢᠯ ᠤᠨ ᠭᠡᠷ᠎ᠡ  ᠭᠦᠢᠴᠡᠳᠭᠡᠬᠦ ᠨᠣᠷᠮ᠎ᠠ᠂ ᠠᠵᠢᠯ ᠡᠬᠢᠯᠡᠭᠦᠯᠬᠦ ᠨᠣᠷᠮ᠎ᠠ ᠪᠠ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠬᠤ ᠪᠡᠯᠡ ᠮᠥᠩᠭᠦ ᠶᠢ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃      ᠭᠤᠷᠪᠠ ᠳᠤ ᠲᠥᠷᠥᠯ ᠵᠦᠢᠯ ᠲᠣᠭᠲᠠᠭᠠᠨ ᠪᠡᠯᠡ ᠮᠥᠩᠭᠦ  ᠲᠡᠮᠡᠴᠡᠨ ᠤᠯᠬᠤ ᠶᠢ ᠰᠤᠯᠠᠷᠠᠭᠤᠯᠤᠯ ᠦᠭᠡᠢ ᠪᠠᠷᠢᠮᠲᠠᠯᠠᠨ᠎ᠠ᠃ ᠠᠷᠭ᠎ᠠ ᠪᠦᠬᠦᠨ ᠢ ᠰᠦᠪᠡᠭᠴᠢᠯᠡᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾  ᠢᠶᠠᠷ ᠤᠯᠤᠰ ᠤᠨ 1 ᠲᠦᠮᠡᠨ ᠳ᠋ᠦᠩᠰᠢᠭᠤᠷ ᠤᠯᠤᠰ ᠤᠨ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠬᠦ᠂ 2.7 ᠲᠦᠮᠡᠨ ᠳ᠋ᠦᠩᠰᠢᠭᠤᠷ ᠲᠤᠰᠬᠠᠢ ᠵᠢᠭᠡᠯᠡᠯᠭᠡ᠂ ᠰᠠᠭᠤᠷᠢ ᠲᠥᠬᠦᠭᠡᠷᠦᠮᠵᠢ ᠶᠢ ᠤᠷᠢᠳᠴᠢᠯᠠᠨ ᠪᠠᠶᠢᠷᠢᠯᠠᠭᠤᠯᠬᠤ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠦᠨᠡᠨ ᠬᠦ ᠭᠦᠢᠴᠡᠳ ᠰᠠᠶᠢᠲᠤᠷ ᠬᠡᠷᠡᠭᠯᠡᠵᠦ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ 14 ᠵᠤᠷᠪᠤᠰ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠂ ᠪᠠᠶᠠᠨᠨᠠᠭᠤᠷ ᠬᠤᠲᠠ ᠶᠢᠨ ︽ᠬᠤᠶᠠᠷ ᠰᠠᠭᠤᠷᠢᠨ ᠭᠠᠵᠠᠷ᠂ ᠳᠥᠷᠪᠡᠨ ᠲᠦᠪᠯᠡᠷᠡᠯ︾ ᠤᠨ ᠲᠣᠭᠤᠷᠢᠨ ᠳᠤ᠂ ᠠᠮᠢ ᠠᠬᠤᠶ ᠶᠢᠨ ᠵᠠᠰᠠᠯᠲᠠ᠂ ᠣᠲᠣ ᠦᠶ᠎ᠡ ᠶᠢᠨ ᠲᠠᠷᠢᠶᠠᠯᠠᠩ᠂ ᠰᠠᠭᠤᠷᠢ ᠪᠡᠯᠡᠳᠬᠡᠮᠵᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠨᠢᠭᠡ ᠪᠦᠯᠦᠭ ᠢ ᠰᠦᠪᠡᠭᠴᠢᠯᠡᠬᠦ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠪᠥᠲᠥᠭᠡᠨ ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾ ᠲᠥᠷᠥᠯ ᠵᠦᠢᠯ ᠤᠨ ᠵᠠᠯᠭᠠᠮᠵᠢ ᠲᠣᠭᠲᠠᠴᠠ ᠶᠢ ᠴᠢᠷᠮᠠᠶᠢᠨ ᠪᠣᠶ ᠪᠣᠯᠭᠠᠨ᠎ᠠ᠃         ︵ᠭᠤᠷᠪᠠ︶ ᠬᠤᠲᠠ ᠬᠥᠳᠡᠭᠡ ᠶᠢᠨ ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ  ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ ᠂ ︽ᠭᠤᠷᠪᠠᠨ ᠲᠠᠯ᠎ᠠ ᠪᠠᠷ ᠬᠦᠴᠦᠯᠡᠬᠦ︾ ᠶᠢ ᠴᠢᠩᠭᠠᠳᠬᠠᠵᠤ᠂ ᠨᠠᠩ ᠥᠨᠳᠥᠷ ᠲᠦᠪᠰᠢᠨ ᠢᠶᠠᠷ ᠵᠣᠯ ᠵᠢᠷᠭᠠᠯᠲᠤ ᠣᠷᠣᠰᠢᠨ ᠰᠠᠭᠤᠬᠤ ᠳᠤ ᠲᠠᠭᠠᠯᠠᠮᠵᠢᠲᠠᠢ ᠬᠤᠲᠠ ᠶᠢ  ᠪᠦᠲᠦᠭᠡᠨ ᠪᠠᠶᠢᠭᠤᠯᠵᠤ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃       ᠨᠢᠭᠡ ᠳᠤ᠂ ᠬᠤᠲᠠ ᠪᠠᠯᠭᠠᠰᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠠᠳᠬᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠲᠦᠰᠢᠭᠯᠡᠨ᠂ ︽ᠭᠤᠷᠪᠠᠨ ᠣᠷᠣᠨ ᠭᠤᠷᠪᠠᠨ ᠱᠤᠭᠤᠮ︾ ᠢ ᠵᠦᠶ ᠵᠣᠬᠢᠰᠲᠠᠶ ᠠᠰᠢᠭᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠬᠢᠭᠡᠳ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ᠂ ᠦᠵᠡᠰᠬᠦᠯᠡᠩᠲᠦ ᠰᠠᠶᠢᠬᠠᠨ ᠲᠠᠷᠢᠶ᠎ᠠ᠂ ᠦᠵᠡᠰᠬᠦᠯᠡᠩᠲᠦ ᠰᠠᠶᠢᠬᠠᠨ ᠵᠠᠰᠠᠮᠠᠯ ᠵᠠᠮ ᠢ ᠨᠢᠭᠡᠳᠦᠯᠲᠡᠶ ᠲᠦᠯᠦᠪᠵᠢᠬᠦᠯᠬᠦ ᠶᠢ ᠴᠢᠩᠭᠠᠳᠬᠠᠨ᠂ ᠠᠮᠢ ᠠᠬᠤᠢ ᠶᠢᠨ᠂ ᠪᠣᠬᠢᠷᠲᠤᠯ ᠦᠭᠡᠢ᠂ ᠦᠷᠭᠦᠯᠵᠢᠯᠡᠬᠦ ᠬᠥᠭᠵᠢᠯᠲᠡ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠵᠦ᠂ ︽ᠤᠯᠠᠨ ᠲᠥᠯᠥᠪᠵᠢᠭᠦᠯᠭᠡ ᠶᠢ ᠨᠢᠭᠡᠳᠭᠡᠭᠦ︾ ᠬᠡᠷᠡᠭᠯᠡᠭᠡᠨ ᠤ ᠴᠢᠨᠠᠷᠲᠠᠢ ᠬᠤᠳᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠭᠤᠶᠤ ᠰᠠᠶᠢᠬᠠᠨ᠂ ᠠᠵᠤ ᠠᠬᠤᠢ ᠶᠢᠨ ᠬᠥᠭᠵᠢᠯᠲᠡ ᠴᠢᠨᠠᠷ ᠰᠠᠶᠢᠲᠠᠢ᠂ ᠨᠡᠶᠢᠭᠡᠮ ᠤᠨ ᠵᠠᠰᠠᠯᠲᠠ ᠥᠨᠳᠥᠷ ᠬᠢᠷᠢ ᠲᠦᠪᠰᠢᠨ ᠲᠠᠢ᠂ ᠠᠷᠠᠳ ᠤᠨ ᠠᠮᠢᠳᠤᠷᠠᠯ ᠤᠨ ᠲᠦᠪᠰᠢᠨ ᠦᠨᠳᠦᠷ ᠬᠤᠳᠠ ᠬᠥᠳᠡᠭᠡ ᠶᠢᠨ ᠬᠡᠪ ᠵᠠᠭᠪᠤᠷ ᠤᠨ ᠣᠷᠣᠨ ᠢ ᠪᠠᠶᠢᠭᠤᠯᠤᠨ᠎ᠠ᠃       ᠬᠤᠶᠠᠷ ᠲᠤ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢ ᠬᠦᠴᠦᠯᠡᠨ ᠠᠬᠢᠭᠤᠯᠤᠨ᠎ᠠ᠃ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠦᠨ᠎ᠡ᠃ ᠡᠮᠦᠨ᠎ᠡ ᠲᠣᠭᠤᠷᠢᠯ ᠵᠠᠮ᠂ ᠳ᠋ᠦᠩ ᠱᠧᠩ ᠶᠡᠭᠡ ᠵᠡᠭᠡᠯᠢ᠂ ᠬᠠᠳᠤᠨ ᠭᠤᠣᠯ ᠵᠠᠮ ᠵᠡᠷᠭᠡ ᠬᠤᠲᠠ ᠶᠢᠨ ᠶᠠᠪᠤᠳᠠᠯ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠯᠠᠭᠠᠯᠠᠭ᠎ᠠ᠂ ᠤᠰᠤ ᠬᠠᠩᠭᠠᠬᠤ ᠣᠰᠣ ᠭᠠᠳᠠᠭᠰᠢᠯᠠᠭᠤᠯᠬᠤ᠂ ᠰᠢᠲᠠᠮᠠᠬᠠᠢ ᠬᠡᠢ ᠬᠠᠩᠭᠠᠬᠤ ᠵᠡᠷᠭᠡ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 13 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠤᠨ᠎ᠠ᠃ ᠳ᠋ᠦᠩ ᠹᠧᠩ ᠶᠡᠭᠡ ᠵᠡᠭᠡᠯᠢ ᠶᠢᠨ ᠨᠢᠭᠡᠳᠦᠭᠡᠷ ᠬᠤᠭᠤᠴᠠᠭᠠᠨ ᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠬᠦᠯᠬᠦ ᠶᠢ ᠠᠬᠢᠭᠤᠯᠵᠤ᠂ ᠪᠣᠭᠤᠲᠣ ᠠᠴᠠ ᠢᠷᠭᠠᠢ ᠬᠦᠷᠬᠦ ᠳᠡᠭᠡᠲᠤ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠡᠮᠦᠨᠡᠲᠦ ᠬᠤᠰᠢᠭᠤᠨ ᠤ ᠰᠢᠨ᠎ᠡ ᠭᠠᠵᠠᠷ ᠵᠦᠢ ᠶᠢᠨ ᠪᠡᠯᠭᠡ ᠲᠡᠮᠳᠡᠭ ᠢ ᠪᠣᠶ ᠪᠣᠯᠭᠠᠨ᠎ᠠ᠃ ᠯᠢᠨ ᠬᠠᠢ ᠴᠡᠴᠡᠷᠯᠢᠭ ᠤᠨ ᠦᠯᠡᠳᠡᠭᠳᠡᠯ ᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠴᠡᠴᠡᠷᠯᠢᠭ  ᠤᠨ ᠰᠡᠯᠡᠭᠦᠴᠡᠯ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠠᠮᠣᠷ ᠲᠦᠪᠰᠢᠨ ᠲᠠᠭᠠᠯᠠᠮᠵᠢᠲᠠᠢ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃  ᠪᠦᠬᠦ ᠬᠦᠴᠦᠨ ᠢᠶᠠᠷ ︽ᠪᠠᠲᠤᠯᠠᠭᠠᠲᠤ ᠠᠰᠠᠷ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠸᠠ ᠲᠠᠢ C ᠲᠣᠭᠤᠷᠢᠭ᠂ ᠵᠢᠶᠠ ᠾᠧ ᠰᠢᠨ ᠹᠦ᠋ ᠯᠢ ᠵᠡᠷᠭᠡ ᠲᠠᠸᠠᠷ ᠤᠨ ᠭᠡᠷ ᠪᠠᠶᠢᠰᠢᠩ ᠢ ᠢᠵᠢ ᠪᠠᠶᠢᠭᠤᠯᠵᠤ᠂ ᠽᠢ ᠴᠧᠨ ᠰᠠᠭᠤᠭᠠᠯᠢ ᠠᠷᠠᠳ ᠤᠨ ᠲᠣᠭᠤᠷᠢᠭ᠂ ᠱᠦᠢ ᠶᠤᠸᠠᠨ ᠵᠡᠭᠦᠨ ᠲᠣᠭᠤᠷᠢᠭ ᠵᠡᠷᠭᠡ 10 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠨᠡᠶᠢᠲᠡ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠯᠢ ᠵᠢᠩ ᠰᠢᠨ᠎ᠡ ᠬᠤᠲᠠ ᠶᠢᠨ ᠡᠷᠭᠢᠨ ᠲᠣᠭᠤᠷᠢᠨ᠂ ᠰᠢᠩ ᠶᠧ ᠬᠤᠸᠠ ᠲᠢᠩ  ᠤᠨ ᠡᠮᠦᠨ᠎ᠡ ᠬᠡᠰᠡᠭ ᠵᠡᠷᠭᠡ 4 ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃ ᠳᠤᠯᠠᠭᠠᠯᠭ᠎ᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠳᠤᠯᠠᠭᠠᠯᠭ᠎ᠠ ᠶᠢᠨ ᠬᠤᠭᠤᠯᠠᠢ ᠲᠣᠣᠷ᠂ ᠲᠣᠨᠤᠭ ᠲᠥᠬᠦᠭᠡᠷᠦᠮᠵᠢ ᠵᠡᠷᠭᠡ ᠡᠯ᠎ᠡ ᠲᠥᠷᠥᠯ ᠤᠨ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠴᠡᠭᠴᠡᠯᠡᠵᠦ᠂ ᠣᠯᠠᠨ ᠲᠦᠮᠡᠨ ᠤ ᠬᠠᠯᠠᠭᠤᠨ ᠳᠣᠯᠠᠭᠠᠨ ᠡᠪᠦᠯᠵᠢᠬᠦ ᠶᠢ ᠪᠠᠲᠤᠯᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ᠂ ᠨᠡᠶᠢᠭᠡᠮ ᠲᠣᠭᠤᠷᠢᠭ᠂ ᠠᠳᠠᠯ ᠠᠬᠤᠶ ᠶᠢᠨ ᠣᠯᠠᠨ ᠡᠰᠢᠲᠦ ᠬᠠᠮᠲᠤ ᠪᠠᠷ ᠵᠠᠰᠠᠬᠤ ᠲᠣᠭᠲᠠᠴᠠ ᠶᠢ ᠰᠢᠯᠤᠭᠤᠳᠬᠠᠵᠤ᠂ ᠶᠢᠨ ᠰᠢᠤ ᠶᠤᠸᠠᠨ ᠰᠠᠭᠤᠭᠠᠯᠢ ᠲᠣᠭᠤᠷᠢᠭ ᠤᠨ ︽ᠳᠥᠷᠪᠡᠨ ᠲᠠᠯ᠎ᠠ ᠪᠠᠷ ᠬᠠᠮᠲᠤ ᠪᠠᠷ ᠵᠠᠰᠠᠬᠤ︾ ︽ᠲᠠᠪᠤᠨ ᠬᠤᠷᠠᠯ ᠢᠶᠠᠷ ᠬᠠᠮᠲᠤᠷᠠᠨ ᠲᠣᠬᠢᠷᠠᠭᠤᠯᠬᠤ︾ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠮᠤᠷ ᠲᠦᠪᠰᠢᠨ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠤᠲᠠ ᠶᠢᠨ ᠳᠦᠷᠢ ᠲᠥᠷᠬᠦ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠥᠷᠨᠢᠭᠦᠯᠵᠦ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠡᠷᠭᠡ ᠵᠣᠭᠰᠣᠭᠠᠬᠤ ᠡᠮᠬᠢ ᠳᠢᠭᠯᠢᠮ ᠢ ᠵᠢᠷᠤᠮᠵᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ  ᠪᠠᠬᠢᠵᠢᠬᠦᠯᠦᠨ᠎ᠡ᠃      ᠭᠤᠷᠪᠠ ᠳᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠳᠠᠭᠠᠭᠠᠴᠢᠯᠠᠨ ᠬᠤᠯᠪᠤᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠨ ᠤ ᠪᠣᠳᠠᠳᠣ ᠠᠮᠵᠢᠯᠲᠠ ᠶᠢᠨ ᠬᠢᠨᠠᠨ ᠰᠢᠯᠭᠠᠯᠲᠠ ᠶᠢ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠪᠦᠯᠦᠭ ᠠᠵᠤ ᠠᠬᠤᠶ ᠶᠢᠨ ᠦᠷ᠎ᠡ ᠠᠰᠢᠭ ᠢᠶᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠠᠵᠤ  ᠦᠢᠯᠡᠰ ᠤᠨ ᠲᠥᠷᠥᠯ ᠵᠦᠢᠯ ᠢ ᠪᠠᠶᠢᠭᠤᠯᠵᠤ᠂ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠬᠤ ᠲᠣᠭᠲᠠᠴᠠ ᠶᠢ ᠨᠡᠶᠢᠳᠠᠮ ᠬᠡᠷᠡᠭᠵᠢᠬᠦᠯᠬᠦ ᠶᠢ ᠪᠡᠶᠡᠯᠡᠬᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠᠷ ᠭᠠᠷᠳᠠᠴᠠ ᠪᠣᠯᠭᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠤ ᠦᠢᠯᠡᠰ ᠤᠨ ᠬᠠᠮᠲᠤᠷᠠᠯᠴᠠᠭ᠎ᠠ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠲᠠᠯ᠎ᠠ ᠪᠠᠷ ᠨᠡᠩ ᠣᠯᠠᠨ ᠦᠷ᠎ᠡ ᠪᠦᠲᠦᠭᠡᠯ ᠣᠯᠣᠨ᠎ᠠ᠃ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠰᠠᠨ ᠤᠯᠠᠨ ᠲᠦᠮᠡᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠡᠮᠴᠢᠯᠡᠭᠡᠨ ᠤ  ᠦᠢᠯᠡᠴᠢᠯᠡᠭᠡ ᠶᠢᠨ ᠪᠠᠲᠤᠯᠠᠭ᠎ᠠ ᠶᠢ ᠴᠢᠩᠭᠠᠳᠬᠠᠵᠤ᠂ ︽ᠬᠤᠶᠠᠷ ᠡᠪᠡᠳᠴᠢᠨ︾ ᠢ ᠪᠡᠶᠡᠯᠡᠭᠦᠯᠵᠦ᠂ ᠤᠳᠠᠭᠠᠨ ᠴᠢᠨᠠᠷᠲᠠᠶ ᠡᠪᠡᠳᠴᠢᠨ ᠢ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠭᠡᠷ᠎ᠡ ᠲᠣᠭᠲᠠᠭᠰᠠᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ᠂ ᠭᠡᠷ᠎ᠡ ᠬᠦᠢᠴᠡᠳᠭᠡᠭᠰᠡᠨ ᠨᠣᠷᠮ᠎ᠠ ᠶᠢ ᠴᠥᠮ 100 % ᠳᠤ ᠬᠦᠷᠭᠡᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ︽ᠨᠢᠭᠡ ᠲᠣᠰᠬᠤᠨ ᠨᠢᠭᠡ ᠦᠢᠯᠡᠳᠬᠦᠨ︾ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠬᠥᠳᠡᠭᠡ ᠲᠣᠰᠬᠤᠨ ᠢ ᠶᠡᠭᠡ ᠬᠦᠴᠦᠨ ᠢᠶᠠᠷ ᠪᠦᠲᠦᠭᠡᠨ ᠪᠠᠶᠢᠭᠤᠯᠤᠨ᠎ᠠ᠃ ᠲᠠᠷᠢᠶᠠᠯᠠᠬᠤ ᠣᠷᠣᠨ ᠤ ᠵᠠᠰᠠᠮᠠᠯ ᠵᠠᠮ ᠢ 50 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ᠠᠷᠠᠴᠢᠯᠠᠨ ᠬᠠᠮᠠᠭᠠᠯᠠᠬᠤ ᠢᠨᠵᠧᠨᠧᠷᠢᠩ ᠢ 100 ᠺᠢᠯᠣᠮᠧᠲᠷ᠂ ᠠᠮᠤᠷ ᠲᠦᠪᠰᠢᠨ ᠠᠮᠢ ᠨᠠᠰᠣ ᠶᠢ ᠬᠠᠮᠠᠭᠠᠯᠠᠬᠤ ᠢᠨᠵᠧᠨᠧᠷᠢᠩ ᠢ 22 ᠺᠢᠯᠣᠮᠧᠲᠷ ᠬᠡᠷᠡᠭᠵᠢᠭᠦᠯᠵᠦ᠂  ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ ᠠᠮᠤᠷ ᠲᠦᠪᠰᠢᠨ ᠤᠤᠭᠤᠬᠤ ᠤᠰᠤ ᠶᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠬᠤᠭᠤᠯᠠᠶ ᠶᠢᠨ ᠲᠤᠤᠷ ᠢ 120 ᠺᠢᠯᠣᠮᠧᠲᠷ ᠰᠢᠨᠡᠳᠬᠡᠨ ᠥᠭᠡᠷᠡᠴᠢᠯᠡᠵᠦ᠂ ᠬᠥᠳᠡᠭᠡ ᠲᠣᠰᠬᠤᠨ ᠤ 131 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ᠂ 438 ᠡᠷᠦᠬᠡ ᠶᠢᠨ ᠵᠣᠷᠯᠣᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠲᠦᠯᠬᠢᠨ ᠠᠬᠢᠭᠤᠯᠤᠨ᠎ᠠ᠃ ︽ᠭᠤᠷᠪᠠ ᠶᠢ ᠴᠡᠪᠡᠷᠯᠡᠵᠦ ᠨᠢᠭᠡ ᠶᠢ ᠬᠤᠪᠢᠷᠠᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠲᠣᠰᠬᠤᠨ ᠳᠠᠭᠠᠤ᠂ ᠨᠠᠭᠤᠷ ᠳᠠᠭᠠᠤ ᠰᠤᠪᠠᠭ ᠳᠠᠭᠠᠤ᠂ ᠬᠦᠷᠢᠶᠡᠨ ᠤ ᠳᠣᠲᠣᠨ᠎ᠠ ᠭᠠᠳᠠᠨ᠎ᠠ᠂ ᠲᠠᠷᠢᠶᠠᠨ ᠭᠠᠵᠠᠷ ᠤᠨ ᠵᠠᠬ᠎ᠠ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠶᠢᠩᠭᠤᠵᠢᠭᠤᠯᠤᠨ ᠢᠯᠭᠠᠷᠠᠭᠤᠯᠤᠨ ᠴᠡᠭᠴᠡᠯᠡᠵᠦ  ᠵᠠᠰᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠦᠵᠡᠰᠬᠦᠯᠡᠩᠲᠦ ᠰᠠᠶᠢᠬᠠᠨ ᠬᠦᠷᠢᠶ᠎ᠡ ︾ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ 22  ᠬᠦᠷᠢᠶᠡᠨ  ᠤ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠰᠬᠤᠨ ᠳᠤᠭᠤᠶᠢᠯᠠᠩ ᠢ ᠪᠠᠶᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠤᠢ ᠪᠣᠯᠭᠠᠨ᠎ᠠ᠃ ᠬᠥᠳᠡᠭᠡ ᠲᠣᠰᠬᠤᠨ ᠤ ᠵᠠᠰᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠰᠢᠶᠠᠨ ᠤ ᠬᠡᠪᠴᠢᠶᠡᠨ ᠤ ᠦᠨᠳᠦᠰᠦᠨ ᠱᠠᠲᠤ ᠶᠢ ᠵᠠᠰᠠᠵᠤ ᠰᠢᠯᠢᠳᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠠᠷᠪᠠᠨ ᠬᠦᠴᠦᠷᠬᠡᠭ ᠪᠠᠯᠭᠠᠰᠤ᠂ ᠵᠠᠭᠤᠨ ᠬᠦᠴᠦᠷᠬᠡᠭ ᠲᠣᠰᠬᠤᠨ ᠂ ᠮᠢᠩᠭᠠᠨ ᠬᠦᠴᠦᠷᠬᠡᠭ ᠡᠷᠦᠬᠡ︾ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠭᠦᠨᠵᠡᠭᠡᠶ ᠥᠷᠨᠢᠭᠦᠯᠵᠦ᠂ ᠭᠠᠴᠠᠭ᠎ᠠ ᠲᠣᠰᠬᠤᠨ ᠳᠤ ᠬᠤᠪᠢ ᠬᠤᠷᠠᠮᠳᠤᠭᠤᠯᠬᠤ ᠲᠦᠷᠢᠮ ᠢ ᠳᠡᠯᠭᠡᠷᠡᠭᠦᠯᠦᠨ᠎ᠡ᠃ ᠲᠣᠰᠬᠤᠨ ᠤ ᠱᠠᠲᠤᠨ ᠤ ᠶᠠᠪᠤᠳᠠᠯ ᠤᠨ ︽ᠨᠡᠷᠡᠨ ᠭᠡᠷᠡᠯᠲᠦ ᠢᠨᠵᠧᠨᠧᠷᠢᠩ︾ ᠢ ᠬᠡᠷᠡᠭᠵᠢᠭᠦᠯᠵᠦ᠂ ᠲᠣᠰᠬᠤᠨ ᠤ ᠱᠠᠲᠤᠨ ᠤ ︽ᠵᠢᠵᠢᠭ ᠪᠢᠴᠢᠯ ᠡᠷᠬᠡ︾ ᠶᠢᠨ  ᠬᠡᠷᠡᠭ ᠶᠠᠪᠣᠳᠠᠯ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂  ᠣᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ  ᠬᠦᠢᠴᠡᠳ ᠳᠠᠶᠢᠴᠢᠯᠠᠵᠤ᠂ ᠰᠠᠶᠢᠨ ᠡᠵᠡᠨ ᠪᠣᠯᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠤᠨ᠎ᠠ᠃ ︽  ᠴᠠᠪᠡᠷᠴᠢ ᠠᠶᠢᠯ ︾ ᠂ ︽ᠪᠣᠯᠪᠠᠰᠤᠨ ᠭᠡᠷ ᠪᠦᠯᠢ︾ ᠵᠡᠷᠭᠡ ᠶᠢ ᠦᠨᠡᠯᠡᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠬᠥᠳᠡᠭᠡ ᠶᠢᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠤᠨ᠎ᠠ᠃ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠬᠦᠨᠳᠦ ᠪᠠᠷ ᠣᠷᠣᠰᠢᠭᠤᠯᠬᠤ ᠶᠢ ᠴᠢᠬᠤᠴᠢᠯᠠᠵᠤ ᠠᠴᠢᠯᠠᠯ ᠡᠨᠡᠷᠢᠯ ᠢ ᠬᠦᠩᠭᠡᠪᠴᠢᠯᠠᠬᠦ᠂ ᠶᠡᠭᠡ ᠪᠠᠷ ᠪᠠᠵᠠᠭᠠᠵᠤ ᠶᠡᠭᠡ ᠪᠠᠷ ᠬᠢᠬᠦ ᠵᠡᠷᠭᠡ ᠮᠠᠭᠤ ᠳᠠᠳᠬᠠᠯ ᠢ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ  ᠬᠡᠪ ᠰᠣᠷᠲᠠᠯ ᠢ ᠦᠭᠡᠷᠡᠴᠢᠯᠡᠨ ᠰᠢᠨᠡᠴᠢᠯᠡᠨ᠎ᠡ᠃      ︵ᠳᠥᠷᠪᠡ︶ ᠥᠭᠡᠷᠡᠴᠢᠯᠡᠯᠲᠡ ᠨᠡᠭᠡᠭᠡᠯᠲᠡ ᠳᠤ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠣᠯᠬᠤ᠂ ᠨᠡᠭᠡᠭᠡᠯᠲᠡ ᠠᠴᠠ ᠠᠰᠢᠭ ᠣᠯᠬᠤ᠂ ᠣᠷᠴᠢᠨ ᠲᠣᠭᠤᠷᠢᠨ ᠠᠴᠠ ᠦᠷ᠎ᠡ ᠠᠰᠢᠭ ᠣᠯᠬᠤ ᠶᠢ ᠪᠠᠷᠢᠮᠲᠠᠯᠠᠵᠤ᠂ ︽ᠭᠤᠷᠪᠠ ᠶᠢ ᠭᠦᠨᠵᠡᠭᠡᠢ ᠠᠬᠢᠭᠤᠯᠬᠤ︾ ᠶᠢ ᠪᠠᠲᠤ ᠡᠵᠡᠮᠰᠢᠵᠦ᠂ ᠨᠡᠭᠡᠭᠡᠯᠲᠡ ᠬᠢᠵᠦ ᠬᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠦᠨ ᠬᠥᠭᠵᠢᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃      ᠨᠢᠭᠡ ᠳᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠭᠦᠨᠵᠡᠭᠡᠶ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠪᠠ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠳᠤ ᠢᠳᠡᠪᠬᠢᠲᠡᠢ ᠣᠷᠣᠯᠴᠠᠨ᠂  ᠤᠮᠠᠷᠠᠰᠢ ᠨᠡᠭᠡᠭᠡᠯᠲᠡ ᠶᠢ ᠡᠭᠦᠳᠦᠨ᠎ᠡ᠃ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠣ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠢ ᠪᠠᠷ ᠲᠡᠳᠡᠨ ᠣᠷᠣᠭᠤᠯᠬᠤ ᠶᠢ ᠵᠣᠷᠢᠭᠵᠢᠭᠤᠯᠤᠨ ᠳᠡᠮᠵᠢᠵᠦ᠂ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠵᠠᠰᠠᠭ ᠵᠠᠬᠢᠷᠭᠠᠨ ᠤ ᠠᠵᠢᠯ ᠦᠢᠯᠡᠰ ᠤᠨ ᠠᠵᠢᠯᠲᠠᠨ ᠢ 379 ᠢᠯᠡ ᠪᠠᠷ ᠤᠷᠢᠨ ᠬᠡᠷᠡᠭᠯᠡᠵᠦ᠂ ᠤᠷᠠᠳ ᠤᠨ ᠡᠮᠦᠨᠡᠲᠦ ᠬᠤᠰᠢᠭᠤ ᠶᠢ ᠴᠢᠳᠠᠪᠤᠷᠢᠲᠠᠨ ᠪᠣᠯᠭᠠᠵᠤ᠂ ᠴᠢᠳᠠᠪᠤᠷᠢᠲᠠᠨ ᠢᠶᠠᠷ ᠤᠷᠠᠳ ᠤᠨ ᠡᠮᠦᠨᠡᠲᠦ ᠬᠤᠰᠢᠭᠤ ᠶᠢ ᠪᠦᠲᠦᠭᠡᠨ ᠪᠠᠶᠢᠭᠤᠯᠤᠨ᠎ᠠ᠃      ᠬᠤᠶᠠᠷ ᠲᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠭᠦᠨᠵᠡᠭᠡᠢ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂  ᠬᠠᠷᠠᠭᠠᠯᠵᠠᠯ ᠪᠠ ᠦᠷ᠎ᠡ ᠠᠰᠢᠭ ᠢ ᠬᠤᠯᠪᠣᠭᠳᠠᠭᠤᠯᠬᠤ᠂ ᠬᠥᠮᠦᠨ ᠬᠡᠷᠡᠭᠯᠡᠬᠦ ᠬᠢᠭᠡᠳ ᠪᠣᠳᠠᠲᠤ ᠠᠮᠵᠢᠯᠲᠠ ᠪᠦᠲᠦᠮᠵᠢ ᠶᠢ ᠤᠶᠠᠯᠳᠤᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ ᠬᠠᠮᠢᠶᠠᠷᠤᠯᠲᠠ ᠪᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠪᠡᠷ ᠤᠨ ᠥᠷᠲᠡᠭ ᠢ ᠡᠵᠡᠮᠳᠡᠬᠦ᠂ ᠡᠵᠡᠩᠨᠡᠯᠲᠡ ᠶᠢᠨ ᠣᠷᠣᠯᠭ᠎ᠠ ᠪᠠᠨ ᠥᠷᠭᠡᠳᠬᠡᠬᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠮᠣ ᠬᠡᠯᠪᠡᠷᠢ ᠶᠢᠨ ᠲᠥᠪ ᠤᠨ ᠠᠵᠤ ᠠᠬᠤᠶᠢᠯᠠᠯ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠬᠠᠮᠲᠤᠷᠠᠯᠴᠠᠬᠤ  ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠠᠵᠤ ᠠᠬᠤᠶ ᠨᠡᠶᠢᠭᠡᠮ ᠤᠨ ᠪᠠᠶᠢᠭᠤᠯᠤᠯᠲᠠ ᠳᠤ ᠣᠯᠠᠨ ᠬᠦᠷᠢᠶ᠎ᠡ᠂ ᠭᠦᠨ ᠲᠠᠰ ᠳᠠᠪᠬᠤᠷᠭ᠎ᠠ ᠪᠠᠷ ᠣᠷᠣᠯᠴᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠰᠢᠭ ᠣᠯᠵᠠᠪᠤᠷᠢ ᠣᠯᠬᠤ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠤᠰᠤᠨ ᠤ ᠦᠨ᠎ᠡ ᠬᠠᠩᠰᠢ ᠶᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠱᠠᠲᠤᠯᠢᠭ ᠳᠦᠷᠢᠮ ᠢ ᠪᠠᠶᠢᠭᠤᠯᠤᠨ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ  ᠦᠨᠡᠨ ᠬᠦ  ᠳᠡᠭᠡᠭᠰᠢᠯᠡᠭᠦᠯᠦᠨ᠎ᠡ᠃ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠡᠷᠭᠢᠯᠲᠡ ᠳᠤ ᠣᠷᠣᠭᠤᠯᠬᠤ᠂ ᠪᠠᠷᠢᠴᠠᠭᠠᠯᠠᠬᠤ᠂ ᠲᠥᠯᠥᠪᠦᠷᠢ ᠲᠠᠢ ᠪᠠᠷ ᠬᠡᠷᠡᠭᠯᠡᠬᠦ ᠵᠡᠷᠭᠡ ᠡᠯ᠎ᠡ ᠵᠦᠢᠯ ᠤᠨ ᠥᠭᠡᠷᠡᠴᠢᠯᠡᠯᠲᠡ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠲᠤᠰᠠ ᠶᠢ ᠥᠷᠭᠡᠨ ᠤᠯᠠᠨ ᠲᠦᠮᠡᠨ ᠳᠤ ᠦᠨᠡᠨ ᠬᠦ ᠬᠦᠷᠲᠡᠭᠡᠨ᠎ᠡ᠃      ᠭᠤᠷᠪᠠ ᠳᠤ᠂ ᠰᠢᠯᠢᠳᠡᠭ ᠢ ᠡᠭᠦᠳᠬᠦ ᠣᠷᠴᠢᠨ ᠨᠥᠬᠦᠴᠡᠯ ᠢ ᠭᠦᠨᠵᠡᠭᠡᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾᠂ ︽ᠨᠢᠭᠡ ᠥᠷᠲᠡᠭᠡ ᠮᠠᠶ᠋ᠢᠭ ᠢᠶᠠᠷ ᠬᠦᠢᠴᠡᠳᠭᠡᠭᠦ︾᠂ ︽ᠵᠡᠷᠭᠡᠴᠡᠭᠡ ᠬᠤᠯᠪᠣᠯᠲᠠ ᠶᠢᠨ ᠬᠡᠯᠪᠡᠷᠢ ᠪᠠᠷ ᠬᠢᠨᠠᠨ ᠵᠥᠪᠰᠢᠶᠡᠷᠡᠬᠦ︾ ᠬᠤᠷᠠᠮᠠᠯ ᠦᠢᠯᠡᠴᠢᠯᠡᠬᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠡᠯᠬᠡᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽  ᠣᠶᠢᠯᠠᠭᠠᠬᠤᠢ ᠰᠡᠳᠬᠢᠬᠦᠶ︾ ᠶᠢ ᠪᠠᠲᠤ ᠪᠠᠬᠢ ᠪᠣᠶ ᠪᠣᠯᠭᠠᠵᠤ᠂ ︽ᠲᠠᠪᠤᠨ ᠦᠬᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠤ᠂ ᠬᠦᠢᠴᠡᠳᠭᠡᠭᠦ ᠶᠣᠰᠣᠲᠠᠶ ᠶᠢ ᠨᠢ ᠲᠦᠷᠭᠡᠨ ᠬᠦᠢᠴᠡᠳᠭᠡᠵᠦ᠂ ᠪᠤᠴᠠᠭᠠᠬᠤ ᠶᠣᠰᠣᠲᠠᠶ ᠶᠢ ᠨᠢ ᠲᠦᠷᠭᠡᠨ ᠪᠤᠴᠠᠭᠠᠵᠤ᠂ ᠠᠮᠠᠯᠠᠭᠰᠠᠨ ᠢᠶᠠᠨ ᠵᠠᠪᠠᠯ ᠪᠡᠶᠡᠯᠡᠬᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠳᠦᠷᠢᠮᠵᠢᠭᠦᠯᠵᠦ᠂ ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰ ᠪᠡᠶ᠎ᠡ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠵᠢᠯᠣᠭᠤᠳᠤᠨ ᠳᠣᠭᠢᠷᠠᠭᠤᠯᠬᠤ᠂ ᠲᠤᠭ᠎ᠠ ᠪᠠᠷᠢᠮᠲᠠ ᠶᠢ ᠵᠠᠳᠠᠯᠬᠤ᠂ ᠰᠢᠯᠭᠠᠨ ᠦᠨᠡᠯᠡᠵᠦ ᠰᠢᠮᠳᠠᠭᠤᠯᠤᠨ  ᠬᠦᠢᠴᠡᠳᠭᠡᠭᠦ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠰᠡᠳᠬᠢᠯᠭᠡ ᠪᠠᠷ ᠥᠨᠳᠥᠷ ᠦᠷ᠎ᠡ ᠪᠦᠲᠦᠮᠵᠢᠲᠡᠶ ᠪᠠᠷ ᠬᠠᠯᠠᠮᠰᠢᠯ ᠤᠲᠠᠰᠤᠨ ᠤ ᠠᠵᠢᠯ ᠢ ᠬᠦᠢᠴᠡᠳᠭᠡᠵᠦ᠂ ᠰᠢᠢᠳᠪᠦᠷᠢᠯᠡᠭᠰᠡᠨ ᠨᠣᠷᠮ᠎ᠠ᠂ ᠬᠠᠨᠤᠮᠵᠢᠲᠠᠢ ᠨᠣᠷᠮ᠎ᠠ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠬᠤ ᠶᠢ ᠪᠠᠲᠤᠯᠠᠨ᠎ᠠ᠃      ︵ᠲᠠᠪᠤ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ᠃ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠮᠦᠨ ᠬᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠡᠭᠦᠳᠦᠨ ᠪᠠᠶᠢᠭᠤᠯᠬᠤ ᠢᠨᠵᠧᠨᠧᠷᠢᠩ ᠢ  ᠬᠡᠷᠡᠭᠵᠢᠬᠦᠯᠵᠦ᠂ ︽ᠭᠤᠷᠪᠠᠨ ᠡᠷᠡᠰ ᠰᠢᠭᠤᠷᠬᠠᠶ︾ ᠶᠢ ᠪᠡᠶᠡᠯᠡᠭᠦᠯᠦᠨ᠂ ᠲᠡᠭᠷᠢ ᠢ ᠨᠠᠩ ᠴᠡᠯᠮᠡᠭ᠂ ᠤᠰᠤ  ᠶᠢ ᠨᠠᠩ ᠲᠤᠩᠭᠠᠯᠠᠭ᠂ ᠠᠭᠠᠷ ᠢ ᠨᠠᠩ ᠴᠡᠪᠡᠷ ᠪᠣᠯᠭᠠᠨ᠎ᠠ᠃      ᠨᠢᠭᠡ ᠳᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠶᠡᠬᠡᠪᠡᠷ ᠬᠠᠮᠠᠭᠠᠯᠠᠵᠤ ᠶᠡᠬᠡᠪᠡᠷ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠴᠥᠯᠡᠷᠬᠡᠭᠵᠢᠯ ᠢ ᠵᠠᠰᠠᠬᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 1.3 ᠲᠦᠮᠡᠨ ᠮᠥ ᠭᠠᠵᠠᠷ ᠢ ᠣᠶᠢᠵᠢᠭᠤᠯᠤᠨ ᠨᠣᠭᠤᠭᠠᠷᠠᠭᠤᠯᠵᠤ᠂ 2000 ᠮᠥ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ 8 .5 ᠲᠦᠮᠡᠨ ᠮᠥ ᠣᠶ ᠰᠢᠭᠤᠶ ᠶᠢ ᠪᠣᠶᠢᠵᠢᠭᠤᠯᠣᠨ᠎ᠠ᠃ ︽ᠵᠢᠮᠢᠰ ᠢᠶᠠᠷ ᠣᠶ ᠰᠢᠭᠤᠶ ᠶᠢ ᠣᠶᠢᠵᠢᠭᠤᠯᠵᠣ᠂ ᠵᠢᠮᠢᠰ ᠡᠪᠡᠰᠦ ᠶᠢ ᠬᠠᠮᠲᠤ ᠪᠠᠷ ᠤᠷᠭᠤᠭᠤᠯᠬᠤ︾ ᠪᠣᠬᠢᠷᠲᠤᠯ ᠥᠬᠡᠶ ᠠᠮᠢ ᠠᠬᠤᠶ ᠶᠢᠨ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠤᠯᠠᠭᠠᠨᠰᠤᠬᠠᠢ ᠨᠠᠭᠤᠷ ᠤᠨ  ᠰᠠᠪᠠ ᠭᠠᠵᠠᠷ ᠤᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦᠨ ᠤ ᠲᠥᠷᠥᠯ ᠵᠦᠢᠯ ᠢ ᠪᠤᠶᠢᠵᠢᠭᠤᠯᠤᠨ ᠬᠠᠮᠢᠶᠠᠷᠬᠤ ᠶᠢ ᠰᠠᠶᠢᠲᠤᠷ ᠠᠳᠬᠤᠨ᠎ᠠ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠰᠣᠨ ᠰᠤᠷᠪᠤᠯᠵᠢ ᠶᠢ ᠬᠠᠳᠠᠭᠠᠯᠠᠬᠤ᠂ ᠤᠰᠤᠨ ᠰᠤᠷᠪᠤᠯᠵᠢ ᠶᠢ ᠰᠣᠯᠢᠬᠤ ᠵᠡᠷᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠮᠠᠰᠢᠨ ᠴᠠᠬᠢᠯᠭᠠᠨ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢ ᠡᠪᠳᠡᠬᠦ ᠪᠠ ᠲᠣᠭᠲᠠᠭᠠᠯ ᠠᠴᠠ ᠵᠥᠷᠢᠴᠡᠨ ᠭᠠᠵᠠᠷ ᠳᠤᠤᠷᠠᠬᠢ ᠤᠰᠤ ᠶᠢ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠳᠤᠤᠷᠠᠬᠢ ᠤᠰᠤᠨ ᠤ ᠲᠦᠪᠰᠢᠨ ᠳᠣᠷᠣᠭᠰᠢᠯᠠᠬᠤ ᠬᠠᠨᠳᠤᠰᠢ ᠶᠢ ᠴᠢᠩᠭ᠎ᠠ ᠪᠠᠷ ᠬᠤᠷᠢᠭᠯᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠲᠡᠦᠬᠡᠨ ᠦᠯᠡᠳᠡᠭᠳᠡᠯ ᠪᠠ ᠡᠵᠡᠭᠦᠢ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠴᠢᠩᠭᠠᠳᠬᠠᠵᠤ᠂ ᠠᠭᠤᠷᠬᠠᠢ ᠶᠢᠨ ᠦᠢᠯᠡᠳᠪᠦᠷᠢᠯᠡᠯ ᠢ ᠥᠭᠡᠷᠡᠴᠢᠯᠡᠨ ᠳᠡᠰ ᠳᠡᠪᠰᠢᠭᠦᠯᠬᠦ᠂ ᠪᠣᠬᠢᠷᠲᠤᠯ ᠦᠭᠡᠢ ᠬᠡᠯᠪᠡᠷᠢ  ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠠᠯᠬᠤᠮ ᠠᠯᠬᠤᠮ ᠢᠶᠠᠷ ᠬᠦᠷᠭᠡᠨ᠎ᠡ᠃      ᠬᠤᠶᠠᠷ ᠲᠤ᠂ ᠪᠣᠬᠢᠷᠲᠤᠯ ᠢ ᠰᠡᠷᠭᠡᠶᠢᠯᠡᠬᠦ ᠪᠣᠬᠢᠷᠲᠤᠯ ᠢ ᠬᠢᠵᠠᠭᠠᠷᠯᠠᠬᠤ ᠪᠣᠬᠢᠷᠲᠤᠯ ᠢ ᠵᠠᠰᠠᠬᠤ ᠠᠵᠢᠯ ᠢ ᠰᠠᠶᠢᠲᠤᠷ ᠬᠢᠨ᠎ᠠ᠃8077 ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠵᠥᠩ ᠯᠢᠶᠠᠨ ᠱᠦᠢᠨᠢ ᠶᠢᠨ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠬᠦᠯᠦᠨ᠎ᠡ᠃ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠠᠯᠭᠠᠰᠤ ᠲᠣᠰᠬᠤᠨ ᠤ ᠪᠣᠬᠢᠷ ᠤᠰᠤ ᠰᠢᠢᠳᠪᠦᠷᠢᠯᠡᠬᠦ  ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠠᠵᠢᠯᠯᠠᠭᠠᠨ ᠢ ᠠᠬᠢᠭᠤᠯᠤᠨ᠎ᠠ᠃ ᠭᠤᠣᠯᠳᠠᠯᠭ᠎ᠠ ᠲᠠᠢ ᠰᠠᠪᠠ ᠭᠠᠵᠠᠷ ᠤᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠭᠦᠨᠵᠡᠭᠡᠶᠢᠷᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠥᠷᠥᠰᠥ ᠰᠢᠷᠣᠶ ᠶᠢ ᠰᠢᠨᠵᠢᠨ ᠪᠣᠷᠳᠣᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠵᠦ᠂ ᠲᠤᠰᠬᠠᠶᠢᠵᠢᠭᠰᠠᠨ ᠨᠢᠭᠡᠳᠦᠯᠲᠡᠶ ᠰᠡᠷᠭᠡᠶᠢᠯᠡᠨ ᠵᠠᠰᠠᠬᠤ ᠨᠣᠷᠮ᠎ᠠ ᠶᠢ 50% ᠠᠴᠠ ᠳᠡᠭᠡᠭᠰᠢ ᠳᠤ ᠬᠦᠷᠭᠡᠨ᠎ᠡ᠃ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ  ᠪᠠ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠬᠤ ᠲᠠᠢ ᠬᠤᠯᠪᠣᠭᠳᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠬᠤ ᠨᠣᠷᠮ᠎ᠠ ᠶᠢ 85 % ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠬᠦᠯᠦᠨ᠎ᠡ᠃     ᠭᠤᠷᠪᠠ ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠤ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠢ ᠭᠦᠨᠵᠡᠭᠡᠶᠢᠷᠡᠭᠦᠯᠦᠨ᠂ ᠤᠯᠠᠮᠵᠢᠯᠠᠯᠲᠤ ᠠᠵᠤ ᠦᠢᠯᠡᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠦᠭᠡᠢ ᠵᠢᠱᠢᠶ᠎ᠡ ᠦᠵᠡᠭᠦᠯᠬᠦ ᠲᠣᠭᠤᠷᠢᠭ ᠢ ᠢᠳᠡᠪᠬᠢᠲᠡᠢ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠣᠷᠴᠢᠯ ᠮᠠᠶ᠋ᠢᠭ ᠤᠨ ᠦᠢᠯᠡᠳᠪᠦᠷᠢᠯᠡᠯ᠂ ᠠᠵᠤ  ᠦᠢᠯᠡᠰ ᠤᠨ ᠣᠷᠴᠢᠯ ᠮᠠᠶ᠋ᠢᠭ ᠤᠨ ᠨᠡᠶᠢᠯᠡᠯ᠂ ᠲᠣᠭᠤᠷᠢᠭ ᠤᠨ ᠣᠷᠴᠢᠯ ᠮᠠᠶ᠋ᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠡᠯ᠎ᠡ ᠲᠥᠷᠥᠯ ᠤᠨ ᠡᠬᠢ ᠪᠠᠶᠠᠯᠢᠭ ᠢ ᠦᠨᠡᠨ ᠬᠦ  ᠪᠦᠬᠦᠨ ᠢ ᠬᠡᠷᠡᠭᠯᠡᠨ᠎ᠡ᠃ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠪᠠᠶᠢᠴᠠᠭᠠᠯᠲᠠ᠂ ᠬᠠᠳᠠᠭᠠᠯᠠᠭᠳᠠᠴᠠ ᠶᠢ ᠦᠨᠡᠯᠡᠨ ᠵᠢᠱᠢᠬᠦ᠂ ᠳᠠᠯᠳᠠ ᠬᠦᠴᠦᠨ ᠢ ᠵᠠᠳᠠᠯᠬᠤ ᠠᠵᠢᠯ ᠢ ᠥᠷᠨᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠶᠢ ᠰᠦᠪᠡᠭᠴᠢᠯᠡᠨ ᠠᠬᠢᠭᠤᠯᠤᠨ᠎ᠠ᠃ ᠠᠷᠪᠢᠲᠠᠢ ᠪᠥᠭᠡᠳ ᠲᠣᠬᠢᠷᠠᠮᠵᠢᠲᠠᠢ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠪᠣᠬᠢᠷᠲᠤᠯ ᠦᠭᠡᠢ ᠬᠡᠷᠡᠭᠯᠡᠭᠡ᠂ ᠨᠡᠭᠦᠷᠡᠰᠦᠲᠥ᠋ᠷᠥᠭᠴᠢ ᠪᠠᠭ᠎ᠠ  ᠭᠠᠳᠠᠭᠰᠢᠯᠠᠭᠤᠯᠵᠤ ᠭᠠᠳᠠᠭᠰᠢ ᠭᠠᠷᠬᠤ ᠶᠢ ᠬᠦᠲᠦᠯᠦᠨ ᠵᠢᠯᠣᠭᠤᠳᠤᠨ᠎ᠠ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃ ᠠᠷᠠᠳ ᠤᠨ ᠦᠨᠳᠦᠰᠦᠨ ᠠᠮᠢᠳᠤᠷᠠᠯ ᠢ ᠪᠠᠲᠣᠯᠠᠬᠤ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠬᠦᠯᠵᠦ᠂  ︽ᠲᠠᠪᠤ ᠶᠢ ᠪᠠᠲᠤᠯᠠᠬᠤ︾ ᠶᠢ ᠪᠣᠳᠠᠲᠠᠢ ᠠᠳᠬᠤᠵᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠬᠦ ᠣᠷᠣᠨ ᠤ ᠳᠤᠮᠳᠠᠴᠢ ᠲᠦᠪᠰᠢᠨ ᠳᠤ ᠬᠦᠷᠭᠡᠬᠦ ᠶᠢ ᠠᠬᠢᠭᠤᠯᠵᠤ᠂ ᠤᠯᠠᠨ ᠲᠦᠮᠡᠨ ᠳᠤ ᠨᠡᠩ ᠤᠯᠠᠨ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠨ᠎ᠠ᠃     ᠨᠢᠭᠡ ᠳᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠨᠡᠩ ᠤᠷᠤᠭᠰᠢᠲᠠᠢ ᠪᠠᠶᠢᠯᠭᠠᠬᠤ ᠶᠢ ᠪᠠᠲᠤᠯᠠᠨ᠎ᠠ᠃ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠢᠳᠠᠪᠤᠷᠢᠵᠢᠭᠤᠯᠬᠤ᠂ ᠣᠯᠠᠨ ᠶᠠᠩᠵᠤ ᠶᠢᠨ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂  ᠬᠦᠯᠦᠰᠦᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠬᠥᠮᠦᠰ ᠤᠨ ᠣᠯᠠᠨ ᠠᠷᠭ᠎ᠠ ᠪᠠᠷ ᠠᠮᠢᠳᠤᠯᠢᠭ ᠢᠶᠠᠷ ᠠᠵᠢᠯ ᠣᠯᠬᠤ ᠶᠢ ᠳᠠᠮᠵᠢᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠷᠦᠬᠡ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠣᠯᠭᠠᠲᠣ ᠡᠷᠦᠬᠡ᠂ ᠠᠵᠢᠯ ᠦᠭᠡᠢ ᠭᠡᠷ ᠪᠦᠯᠢ᠂ ᠵᠡᠮᠳᠡᠭᠴᠦᠳ ᠵᠡᠷᠭᠡ ᠣᠨᠴᠠᠭᠠᠢ ᠬᠥᠮᠦᠰ ᠲᠤ ᠨᠠᠷᠢᠯᠢᠭ ᠣᠨᠣᠪᠴᠢᠲᠠᠢ ᠪᠠᠷ ᠠᠵᠢᠯ ᠣᠯᠭᠤᠵᠤ ᠬᠠᠪᠰᠤᠷᠤᠨ ᠲᠡᠳᠬᠦᠬᠦ ᠶᠢ ᠥᠷᠨᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠥᠷᠥᠯ ᠵᠦᠢᠯ ᠳᠤ ᠣᠷᠣᠯᠴᠠᠬᠤ ᠶᠢ ᠵᠣᠷᠢᠭᠵᠢᠭᠤᠯᠵᠤ᠂ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠠᠵᠢᠯ ᠣᠯᠭᠤᠬᠤ ᠶᠢ ᠪᠡᠶᠡᠯᠡᠭᠦᠯᠦᠨ᠎ᠡ᠃ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ᠂ ᠲᠠᠯᠠᠪᠤᠷ ᠭᠠᠵᠠᠷ ᠢ ᠲᠦᠷᠢᠶᠡᠰᠦ ᠠᠴᠠ ᠬᠡᠯᠲᠦᠷᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠬᠦᠰᠡᠯ ᠮᠦᠷᠦᠭᠡᠳᠦᠯ ᠲᠠᠢ ᠠᠳᠠᠯ ᠦᠢᠯᠡᠰ ᠴᠣᠭᠴᠠᠯᠠᠭᠴᠢ ᠨᠢᠭᠡᠪᠦᠷᠢ ᠶᠢ ᠠᠮᠵᠢᠯᠲᠠ ᠪᠦᠲᠦᠮᠵᠢ ᠲᠠᠢ ᠪᠣᠯᠭᠠᠬᠤ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ 2.5 ᠲᠦᠮᠡᠨ ᠬᠥᠮᠦᠨ ᠠᠴᠠ ᠳᠡᠭᠡᠭᠰᠢ ᠪᠣᠯᠭᠠᠵᠤ᠂  1200 ᠬᠥᠮᠦᠨ ᠠᠴᠠ ᠳᠡᠭᠡᠭᠰᠢ ᠬᠤᠲᠠ ᠪᠠᠯᠭᠠᠰᠤ ᠶᠢᠨ ᠠᠵᠢᠯ ᠣᠯᠭᠤᠬᠤ ᠳᠤ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃     ᠬᠤᠶᠠᠷ ᠲᠤ᠂ ᠠᠷᠠᠳ ᠤᠨ ᠰᠤᠷᠭᠠᠨ ᠬᠥᠮᠦᠵᠢᠯ ᠢ ᠨᠠᠩ ᠰᠠᠨᠠᠭ᠎ᠠ ᠠᠮᠤᠷ ᠪᠠᠶᠢᠯᠭᠠᠬᠤ ᠶᠢ ᠪᠠᠲᠤᠯᠠᠨ᠎ᠠ᠃ ᠮᠣᠨᠠ ᠠᠭᠤᠯᠠ ᠶᠢᠨ ᠲᠤᠷᠰᠢᠯᠲᠠ ᠶᠢᠨ ᠰᠤᠷᠭᠠᠭᠤᠯᠢ ᠶᠢ ᠲᠦᠷᠭᠡᠳᠬᠡᠨ ᠪᠠᠶᠢᠭᠤᠯᠵᠤ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠭᠤᠯᠠᠨ ᠭᠡᠷ ᠢ ᠥᠷᠭᠡᠳᠬᠡᠨ ᠪᠠᠶᠢᠭᠤᠯᠵᠤ᠂ ᠲᠠᠪᠤᠳᠤᠭᠠᠷ ᠬᠡᠦᠬᠡᠳ ᠤᠨ ᠴᠡᠴᠡᠷᠯᠢᠭ᠂ ᠾᠧᠢ ᠯᠢᠦ ᠽᠢ ᠬᠡᠦᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠵᠢᠴᠢ ᠵᠢᠷᠭᠤᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠪᠦᠷᠢᠨ ᠪᠠᠭ᠎ᠠ ᠰᠤᠷᠭᠠᠭᠤᠯᠢ᠂ ᠳᠣᠯᠣᠳᠤᠭᠠᠷ ᠪᠦᠷᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠰᠢᠨ᠎ᠡ ᠪᠠᠷ ᠥᠭᠡᠷᠡᠴᠢᠯᠡᠨ ᠪᠠᠶᠢᠭᠤᠯᠬᠤ ᠵᠡᠷᠭᠡ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠯᠠᠨ ᠲᠢᠶᠠᠨ ᠬᠡᠦᠬᠡᠳ ᠤᠨ ᠴᠡᠴᠡᠷᠯᠢᠭ ᠤᠨ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠯᠭᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠤᠯᠠᠨ ᠡᠰᠢᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠨᠠᠷᠠᠲᠤ ᠰᠤᠷᠭᠠᠭᠤᠯᠢ ᠶᠢᠨ ᠵᠠᠬᠢᠷᠤᠯ︾᠂ ︽ᠨᠠᠷᠠᠲᠤ ᠪᠠᠭᠰᠢ︾ ᠶᠢ ᠬᠥᠮᠦᠵᠢᠭᠦᠯᠬᠦ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ 90 ᠨᠡᠷᠡᠰ ᠠᠴᠠ ᠳᠡᠭᠡᠭᠰᠢ ᠰᠢᠯᠢᠳᠡᠭ ᠪᠠᠭᠰᠢ ᠶᠢ ᠢᠯᠡ ᠪᠠᠷ ᠤᠷᠢᠨ ᠡᠯᠰᠡᠨ᠎ᠡ᠃      ᠭᠤᠷᠪᠠ ᠳᠤ᠂ ᠡᠮ ᠡᠮᠨᠡᠯᠭᠡ ᠡᠷᠡᠭᠦᠯ ᠮᠡᠨᠳᠦ ᠶᠢ ᠨᠠᠩ ᠰᠠᠨᠠᠭ᠎ᠠ ᠠᠮᠤᠷ ᠪᠠᠶᠢᠯᠭᠠᠬᠤ ᠶᠢ ᠪᠠᠲᠣᠯᠠᠨ᠎ᠠ᠃ ᠡᠮᠴᠢᠯᠡᠬᠡᠨ ᠤ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠠᠴᠢᠮ ᠬᠦᠨᠳᠦ ᠡᠪᠡᠳᠴᠢᠨ ᠢ ᠡᠮᠨᠡᠨ ᠵᠠᠰᠠᠬᠤ ᠲᠥᠪ ᠢ ᠠᠰᠢᠭᠯᠠᠯᠲᠠ ᠳᠤ  ᠣᠷᠣᠭᠤᠯᠬᠤ ᠶᠢ ᠪᠠᠲᠣᠯᠠᠨ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠳᠤ ᠲᠡᠰ ᠳᠡᠪᠰᠢᠭᠦᠯᠬᠦ ᠪᠠᠷ ᠴᠢᠷᠮᠠᠶᠢᠨ᠎ᠠ᠃ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ︾ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︽15 ᠮᠢᠨᠦ᠋ᠲ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠬᠡᠨ ᠤ ᠲᠣᠭᠤᠷᠢᠭ︾ ᠤᠨ ᠵᠢᠱᠢᠶ᠎ᠡ ᠦᠵᠡᠭᠦᠯᠬᠦ‍ ᠴᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠬᠡᠨ ᠤ ᠪᠣᠯᠤᠮᠵᠢᠲᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ DIP ᠲᠣᠭᠠᠴᠠᠭ᠎ᠠ ᠬᠢᠬᠦ ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠤ ᠲᠥᠷᠥᠯ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠬᠦ ᠶᠢ ᠠᠬᠢᠭᠤᠯᠤᠨ᠎ᠠ᠃ ᠡᠷᠡᠭᠦᠯ ᠡᠩᠬᠡ ᠡᠮᠦᠨᠡᠲᠦ ᠬᠤᠰᠢᠭᠤᠨ ᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠭᠠᠨ᠎ᠠ᠃     ᠳᠥᠷᠪᠡ ᠳᠤ᠂ ᠨᠡᠶᠢᠭᠡᠮ ᠤᠨ ᠠᠰᠠᠷᠠᠮᠵᠢ ᠶᠢ ᠨᠠᠩ ᠢᠯᠡᠭᠦᠦ ᠪᠠᠲᠣᠯᠠᠨ᠎ᠠ᠃  ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠬᠦᠴᠢᠷᠳᠡᠯ ᠲᠠᠢ ᠬᠠᠮᠲᠤᠯᠢᠭ ᠤᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠠ ᠶᠢ ᠦᠷᠭᠦᠯᠵᠢᠯᠡᠨ ᠥᠷᠭᠡᠳᠬᠡᠨ᠎ᠡ᠃ ᠨᠠᠰᠤᠲᠠᠶᠢᠴᠤᠳ᠂ ᠨᠠᠰᠤᠨ ᠳᠤ ᠥᠯᠥ ᠭᠦᠷᠦᠭᠰᠡᠳ᠂ ᠵᠡᠮᠳᠡᠭᠴᠦᠳ ᠵᠡᠷᠭᠡ ᠣᠨᠴᠠᠭᠠᠶ ᠬᠥᠮᠦᠰ ᠲᠤ ᠦᠢᠯᠡᠴᠢᠯᠡᠬᠦ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ ᠥᠨᠥᠴᠢᠨ ᠬᠡᠦᠬᠡᠳ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠬᠠᠯᠠᠭᠤᠨ ᠳᠤᠯᠠᠭᠠᠨ ᠪᠣᠯᠭᠠᠨ᠎ᠠ᠃ ︽ᠨᠢᠭᠡ ᠨᠠᠰᠤᠲᠠᠨ ᠨᠢᠭᠡ ᠨᠢᠯᠬ᠎ᠠ︾ ᠶᠢ ᠰᠡᠳᠬᠢᠯ ᠲᠠᠯᠪᠢᠨ ᠬᠠᠯᠠᠮᠵᠢᠯᠠᠵᠤ᠂ ᠡᠬᠡ ᠨᠢᠯᠬᠠᠰ ᠤᠨ ᠠᠮᠤᠷ ᠲᠦᠪᠰᠢᠨ ᠤ ᠠᠵᠢᠯᠯᠠᠭ᠎ᠠ ᠪᠠ ᠡᠷᠡᠭᠦᠯ ᠴᠢᠭᠢᠷᠠᠭ ᠬᠡᠦᠬᠡᠳ ᠤᠨ ᠠᠵᠢᠯᠯᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ ᠠᠵᠢᠯ ᠢ ᠰᠦᠪᠡᠭᠴᠢᠯᠡᠨ ᠥᠷᠨᠢᠭᠦᠯᠵᠦ᠂  ᠠᠭᠤᠯᠠ ᠶᠢᠨ ᠡᠮᠦᠨᠡᠬᠢ ᠨᠠᠰᠤᠲᠠᠨ ᠢ ᠠᠰᠠᠷᠠᠬᠤ ᠬᠦᠷᠢᠶᠡᠯᠡᠩ ᠢ ᠡᠬᠢᠯᠡᠨ ᠬᠡᠷᠡᠭᠯᠡᠨ᠎ᠡ᠃     ᠲᠠᠪᠤ ᠳᠤ᠂ ᠣᠯᠠᠨ ᠨᠡᠶᠢᠲᠡ ᠶᠢᠨ ᠰᠣᠶᠣᠯ ᠢ ᠨᠠᠩ ᠢᠯᠡᠭᠦᠦ  ᠪᠠᠲᠣᠯᠠᠨ᠎ᠠ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠠᠭᠤᠰᠤᠯᠴᠠᠯ᠂ ᠲᠠᠯ᠎ᠠ ᠨᠤᠲᠤᠭ ᠤᠨ ᠲᠠᠷᠢᠶᠠᠯᠠᠬᠤ ᠵᠡᠷᠭᠡ ᠲᠡᠦᠬᠡ ᠰᠣᠶᠣᠯ ᠢ ᠭᠦᠨᠵᠡᠭᠡᠶ ᠠᠭᠤᠳᠠᠯᠵᠤ᠂ ᠤᠯᠠᠭᠠᠨᠮᠥ᠋ᠴᠢᠷ ᠤᠨ ᠬᠢᠨ ᠤ ︽ᠰᠤᠷᠤᠯᠴᠠᠬᠤ᠂ ᠡᠭᠦᠳᠬᠦ᠂ ᠲᠣᠭᠯᠠᠬᠤ︾ ᠦᠷ᠎ᠡ ᠪᠦᠲᠦᠭᠡᠯ ᠤᠨ ᠦᠵᠡᠭᠦᠯᠦᠯᠭᠡ ᠥᠷᠨᠢᠭᠦᠯᠬᠦ ᠶᠢ ᠳᠡᠮᠵᠢᠵᠦ᠂ ᠣᠯᠠᠨ ᠲᠦᠮᠡᠨ ᠲᠠᠢ ᠣᠶᠢᠷᠠᠲᠤᠭᠰᠠᠨ᠂ ᠣᠯᠠᠨ ᠲᠦᠮᠡᠨ  ᠳᠤ ᠲᠠᠭᠠᠰᠢᠶᠠᠭᠳᠠᠭᠰᠠᠨ ᠨᠠᠩ ᠣᠯᠠᠨ ᠰᠢᠯᠢᠳᠡᠭ ᠪᠦᠲᠦᠭᠡᠯ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ︽ᠪᠠᠭ᠋ᠠᠷᠣᠯᠲᠣ ᠤᠷᠠᠳ︾ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ᠂ ᠤᠯᠠᠭᠠᠨᠰᠤᠬᠠᠢ ᠶᠢ ᠲᠣᠭᠤᠷᠢᠭᠰᠠᠨ ᠪᠥᠬᠦ ᠤᠯᠤᠰ ᠤᠨ ᠳᠤᠭᠤᠶ ᠲᠡᠷᠭᠡᠨ ᠤ ᠤᠷᠢᠯᠭ᠎ᠠ ᠶᠢᠨ ᠤᠷᠤᠯᠳᠤᠭᠠᠨ  ᠵᠡᠷᠭᠡ ᠴᠢᠬᠤᠯᠠ ᠶᠡᠭᠡ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ  ᠶᠢ  ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠭᠡᠷ ᠳᠣᠲᠣᠷᠠᠬᠢ  ᠲᠠᠯᠠᠪᠣᠷ ᠣᠷᠳᠣᠨ ᠢ ᠨᠡᠭᠡᠭᠡᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠮᠤ ᠪᠠᠯᠭᠠᠰᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠱᠠᠭᠠᠷᠳᠠᠯᠭ᠎ᠠ ᠶᠢ ᠬᠠᠩᠭᠠᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ︽ᠲᠣᠰᠬᠤᠨ ᠤ ᠳᠠᠭᠤᠤ ︾᠂ ︽ᠲᠣᠰᠬᠤᠨ ᠤ ᠦᠳᠡᠰᠢᠯᠡᠭᠡ︾᠂ ᠠᠭᠤᠳᠠᠮ ᠲᠠᠯᠠᠪᠠᠢ ᠶᠢᠨ ᠪᠥᠵᠢᠭ ᠵᠡᠷᠭᠡ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠡᠷᠬᠢᠯᠡᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃     ︵ᠳᠣᠯᠤᠭ᠎ᠠ︶ ᠠᠮᠤᠷ ᠲᠦᠪᠰᠢᠨ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠬᠠᠮᠠᠭᠠᠯᠠᠨ᠎ᠠ᠃ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠲᠣᠭᠲᠠᠭᠤᠨ ᠪᠠᠶᠢᠯᠭᠠᠬᠤ ᠠᠵᠢᠯ ᠶᠠᠭᠤᠨ ᠠᠴᠠ ᠴᠤ ᠴᠢᠬᠤᠯᠠ ᠶᠤᠮ᠃ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ︽ᠭᠤᠷᠪᠠᠨ ᠪᠦᠬᠦ ᠬᠦᠴᠦᠨ︾ ᠢ ᠡᠷᠡᠰ ᠪᠡᠶᠡᠯᠡᠭᠦᠯᠵᠦ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠦᠨᠡᠨ ᠬᠦ ᠪᠠᠲᠤᠯᠠᠨ᠎ᠠ᠃      ᠨᠢᠭᠡ ᠳᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠦᠬᠦ ᠬᠦᠴᠦᠨ ᠢᠶᠠᠷ ᠪᠠᠬᠢᠵᠢᠬᠦᠯᠦᠨ᠎ᠡ᠃ ᠪᠦᠬᠦ ᠤᠯᠤᠰ  ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠢᠨᠵᠧᠨᠧᠷᠢᠩ ᠢ  ᠬᠡᠷᠡᠭᠵᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ  ᠵᠦᠢᠯ ᠤᠨ ᠠᠵᠢᠯ ᠤᠨ ᠭᠤᠤᠯ ᠰᠢᠵᠢᠮ ᠪᠣᠯᠭᠠᠵᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ  ᠲᠣᠭᠤᠰᠢᠯᠠᠭᠤᠯᠤᠨ ᠨᠠᠶᠢᠳᠠᠪᠣᠷᠢᠵᠢᠭᠤᠯᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠥᠷᠭᠡᠨ ᠢᠶᠠᠷ ᠤᠬᠠᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠴᠢᠩᠭᠠᠳᠬᠠᠨ᠎ᠠ᠃ ︽ᠲᠦᠮᠡᠨ ᠠᠷᠠᠳ ᠨᠢᠭᠲᠠᠷᠠᠨ ᠪᠦᠯᠬᠦᠮᠳᠡᠵᠦ  ᠬᠦᠰᠡᠯ ᠢᠶᠠᠨ ᠬᠠᠮᠲᠣ ᠪᠠᠷ ᠲᠡᠷᠭᠡᠯᠰᠢᠯᠡᠬᠦᠯᠬᠦ︾ ᠭᠤᠣᠯ ᠰᠡᠳᠦᠪᠲᠦ ︽ᠠᠷᠪᠠᠨ ᠨᠢᠭᠡ︾ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ ︽  ᠭᠤᠷᠪᠠᠨ ᠰᠠᠯᠵᠤ ᠴᠢᠳᠠᠬᠤ ᠦᠭᠡᠢ︾᠂ ︽  ᠳᠦᠷᠪᠡᠨ ᠬᠠᠮᠲᠣ ᠪᠠᠷ︾᠂ ︽ᠲᠠᠪᠤᠨ ᠬᠠᠮᠲᠤ ᠶᠢᠨ ᠲᠠᠨᠢᠯᠲᠠ︾ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠦᠨᠡᠨ ᠬᠦ ᠨᠢᠭᠲᠠᠷᠠᠭᠤᠯᠤᠨ᠎ᠠ᠃     ᠬᠤᠶᠠᠷ ᠲᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃  ᠡᠯ᠎ᠡ ᠲᠥᠷᠥᠯ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠳᠠᠮᠵᠢᠵᠤ᠂ ᠡᠯ᠎ᠡ ᠲᠥᠷᠥᠯ ᠤᠨ ᠬᠥᠨᠥᠭᠡᠯ ᠲᠠᠢ ᠮᠡᠳᠡᠭᠡ ᠵᠠᠩᠭᠢ ᠶᠢ ᠪᠦᠬᠦ ᠲᠠᠯ᠎ᠠ ᠪᠠᠷ ᠪᠠᠶᠢᠴᠠᠭᠠᠨ ᠬᠤᠷᠢᠭᠯᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠪᠠ ᠶᠠᠷᠢᠶ᠎ᠠ ᠬᠡᠯᠡᠯᠴᠡᠭᠡᠨ ᠤ ᠵᠦᠷᠢᠴᠡᠯ ᠢ ᠬᠦᠴᠦᠯᠡᠨ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠬᠡᠷᠡᠭᠯᠡᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠭᠦᠨᠵᠡᠭᠡᠢ ᠠᠬᠢᠭᠤᠯᠵᠤ᠂ ︽  ᠰᠣᠷᠪᠣᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠤ ᠠᠵᠢᠯ︾ ᠢ ᠦᠨᠡᠨ ᠬᠦ ᠨᠠᠷᠢᠯᠢᠭ ᠪᠣᠳᠠᠲᠠᠢ ᠬᠢᠵᠦ᠂ ᠣᠯᠠᠨ ᠵᠢᠯ ᠦᠯᠡᠳᠡᠭᠳᠡᠵᠦ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠭᠦᠢᠴᠡᠳ ᠰᠢᠢᠳᠪᠦᠷᠢᠯᠡᠵᠦ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠪᠣᠯᠬᠤ ᠪᠠᠷ ᠴᠢᠷᠮᠠᠶᠢᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠤᠮᠠᠷᠠᠲᠤ ᠬᠢᠯᠢ ᠶᠢᠨ ᠡᠬᠦᠯᠡᠨ  ᠲᠠᠪᠴᠠᠩ ᠣᠶᠤᠨᠴᠢ ᠳᠣᠲᠣᠭᠠᠳᠤ ᠶᠢ ᠬᠠᠮᠠᠭᠠᠯᠠᠬᠤ︾᠂ ︽ᠠᠮᠣᠷ ᠢ ᠬᠠᠮᠠᠭᠠᠯᠠᠬᠤ ᠢᠨᠵᠧᠨᠧᠷᠢᠩ︾ ᠤᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃     ᠭᠤᠷᠪᠠ ᠳᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ᠎ᠡ᠃ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ︾ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠥᠬᠡᠶ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠢᠯᠳᠠᠨ  ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠡᠯ᠎ᠡ ᠵᠦᠢᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠬᠤᠩ ᠱᠠᠨ ᠺᠸᠦ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ᠂ ᠰᠠᠨ ᠬᠣ᠋ ᠾᠧ ᠭᠤᠣᠯ ᠤᠨ ᠦᠶᠡᠷ ᠵᠠᠯᠠᠬᠤ ᠵᠠᠮ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃  ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠬᠦᠢᠯᠭᠡᠭᠡ᠂ ᠡᠮ ᠤᠨ ᠵᠦᠢᠯ ᠪᠠ ᠡᠮ ᠤᠨ ᠪᠠᠭᠠᠵᠢ ᠬᠡᠷᠡᠭᠰᠡᠯ ᠢ ᠡᠵᠡᠩᠨᠡᠨ ᠪᠣᠷᠣᠯᠠᠭᠤᠯᠬᠤ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠬᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠮᠥᠩᠭᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠠᠰᠠᠭᠤᠳᠠᠯ ᠪᠠ ᠡᠳ᠋ ᠬᠥᠷᠥᠩᠭᠡ ᠶᠢ ᠢᠯᠭᠠᠷᠠᠭᠤᠯᠣᠨ ᠬᠤᠷᠢᠶᠠᠵᠤ ᠰᠢᠢᠳᠪᠦᠷᠢᠯᠡᠬᠦ  ᠠᠵᠢᠯ ᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠮᠥᠩᠭᠦᠨ  ᠬᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠥᠷᠢ ᠥᠭᠴᠡᠭᠡ ᠶᠢᠨ ᠦᠯᠡᠳᠡᠭᠡᠯ ᠢ ᠯᠠᠪᠳᠠᠭᠤᠨ ᠢᠶᠠᠷ ᠠᠷᠢᠯᠭᠠᠵᠤ᠂ ᠨᠡᠮᠡᠭᠳᠡᠯ ᠢ ᠬᠤᠷᠢᠭᠯᠠᠨ᠂ ᠦᠭᠴᠡᠭᠡᠨ ᠤ ᠬᠡᠪᠴᠢᠶ᠎ᠡ ᠪᠠ ᠲᠦᠭᠰᠢᠭᠦᠷᠢ ᠶᠢᠨ ︽ᠬᠤᠤᠰ ᠪᠠᠭᠤᠷᠠᠯᠲᠠ︾ ᠶᠢ ᠪᠡᠶᠡᠯᠡᠭᠦᠯᠦᠨ᠎ᠡ      ︵ᠨᠠᠢᠮᠠ︶ ᠲᠣᠰ ᠪᠡᠶ᠎ᠡ ᠶᠢᠨ ᠪᠠᠶᠢᠭᠤᠯᠤᠯᠲᠠ ᠳᠤ ᠪᠠᠨ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠰᠢᠨ᠎ᠡ ᠳᠦᠷᠢ ᠲᠥᠷᠬᠦ ᠶᠢ ᠪᠤᠢ ᠪᠣᠯᠭᠠᠨ᠎ᠠ᠃  ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠪᠠᠳᠠᠷᠠᠭᠤᠯᠤᠨ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃     ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠵᠤ᠂  ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠬᠢᠬᠦ ᠳᠤ ᠡᠷᠡᠰ ᠰᠢᠭᠤᠷᠬᠠᠶ ᠪᠠᠷ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠪᠠᠷ ᠬᠦᠢᠴᠡᠳᠭᠡᠵᠦ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠲᠥᠷᠥ ᠪᠠᠷ ᠶᠡᠷᠦᠩᠬᠡᠶᠢᠯᠡᠨ ᠵᠢᠯᠣᠭᠤᠳᠣᠭᠤᠯᠵᠤ ᠵᠠᠰᠠᠭ ᠤᠨ ᠣᠷᠳᠣᠨ ᠤ ᠰᠢᠰᠲ᠋ᠧᠮ ᠤᠨ ᠲᠥᠷᠥ ᠪᠠᠷᠢᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃     ᠬᠤᠶᠠᠷ ᠲᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ 2025 ᠣᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠦᠨᠡᠯᠡᠨ ᠵᠢᠱᠢᠬᠦ ᠶᠢ ᠪᠦᠲᠦᠮᠵᠢᠲᠡᠶ ᠥᠷᠨᠢᠭᠦᠯᠦᠨ᠂ ᠵᠠᠰᠠᠭ ᠤᠨ ᠣᠷᠳᠣᠨ ᠤ  ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠥᠩᠭᠡᠨ ᠲᠠᠯ᠎ᠠ ᠪᠠ ᠦᠨᠳᠦᠰᠦ ᠰᠣᠷᠪᠣᠯᠵᠢ ᠶᠢ ᠵᠡᠷᠭᠡ ᠪᠠᠷ ᠵᠠᠰᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠳᠡᠭᠡᠭᠰᠢᠯᠡᠭᠦᠯᠬᠦ ᠪᠠᠷ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠳᠠᠶᠢᠴᠢᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ︽  ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠪᠦᠬᠦ ᠠᠷᠠᠳ ᠤᠨ ᠬᠠᠤᠯᠢ ᠶᠢ ᠰᠤᠷᠬᠤ ᠬᠠᠤᠯᠢ ᠶᠢ ᠬᠦᠨᠳᠦᠳᠬᠡᠬᠦ ᠬᠠᠤᠯᠢ ᠶᠢ ᠬᠡᠷᠡᠭᠯᠡᠬᠦ ᠬᠠᠤᠯᠢ ᠶᠢ ᠰᠠᠬᠢᠬᠤ ᠤᠬᠠᠮᠰᠠᠷ ᠢ ᠦᠨᠡᠨ ᠬᠦ ᠴᠢᠩᠭᠠᠳᠬᠠᠨ᠎ᠠ᠃     ᠭᠤᠷᠪᠠ ᠳᠤ᠂ ᠪᠣᠳᠠᠲᠠᠢ ᠠᠵᠢᠯᠯᠠᠬᠤ ᠰᠤᠷᠲᠠᠯ ᠢ ᠴᠢᠩᠭᠠᠳᠬᠠᠨ᠎ᠠ᠃ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠨ ᠬᠡᠪ ᠰᠤᠷᠲᠠᠯ ᠢᠶᠠᠨ ᠶᠡᠬᠡᠪᠡᠷ ᠰᠠᠶᠢᠵᠢᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠭᠠᠪᠰᠢᠭᠠᠶᠢᠯᠠᠨ ᠲᠡᠮᠡᠴᠡᠬᠦ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠣᠶ ᠪᠣᠯᠭᠠᠨ᠎ᠠ᠃ ᠴᠠᠭ ᠲᠤᠬᠠᠶ ᠳᠤᠨᠢ ᠰᠢᠯᠭᠠᠯᠲᠠ ᠪᠠᠨ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ᠂ ᠴᠢᠬᠤᠯᠠ ᠶᠡᠭᠡ ᠲᠥᠷᠥᠯ ᠵᠦᠢᠯ ᠳᠤ ᠠᠷᠭ᠎ᠠ ᠰᠦᠪᠡᠭᠴᠢᠯᠡᠬᠦ ︱ ᠰᠢᠢᠳᠪᠦᠷᠢᠲᠦ ᠪᠣᠳᠣᠯᠭ᠎ᠠ ᠲᠣᠭᠲᠠᠭᠠᠬᠤ ︱ ᠬᠡᠷᠡᠭᠵᠢᠭᠦᠯᠬᠦ ︱ ᠬᠠᠷᠢᠭᠤ ᠲᠤᠰᠬᠠᠬᠤ︾ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠢ ᠦᠨᠡᠨ ᠬᠦ ︽ᠵᠠᠪᠠᠯ ᠬᠢᠵᠦ᠂ ᠬᠢᠪᠡᠯ ᠵᠠᠪᠠᠯ ᠪᠦᠲᠦᠭᠡᠵᠦ᠂ ᠪᠦᠲᠦᠪᠡᠯ ᠵᠠᠪᠠᠯ ᠰᠢᠯᠢᠳᠡᠭᠵᠢᠭᠦᠯᠬᠦ︾ ᠪᠣᠯᠭᠠᠨ᠎ᠠ᠃ ᠬᠤᠷᠠᠯ ᠢ ᠤᠯᠠᠮ ᠨᠢᠭᠡ ᠠᠯᠬᠤᠮ ᠴᠣᠮᠬᠠᠳᠬᠠᠨ᠂ ᠪᠢᠴᠢᠭ ᠮᠠᠲ᠋ᠧᠷᠢᠶᠠᠯ ᠢ ᠪᠠᠭᠠᠰᠬᠠᠵᠤ᠂ ᠠᠵᠢᠯ ᠶᠠᠪᠤᠳᠠᠯ ᠤᠨ ᠴᠢᠨᠠᠷᠲᠠᠶ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠠᠩ ᠣᠯᠠᠨ ᠣᠶᠤᠨ ᠴᠢᠳᠠᠯ ᠢᠶᠠᠨ ᠬᠡᠷᠡᠭᠵᠢᠬᠦᠯᠦᠨ ᠨᠠᠶᠢᠳᠠᠪᠣᠷᠢᠵᠢᠭᠤᠯᠵᠤ᠂ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠵᠦ᠂ ᠪᠣᠳᠠᠲᠠᠶ ᠠᠵᠢᠯᠯᠠᠵᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠶᠢ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠢᠯᠡ ᠲᠣᠳᠣ ᠣᠨᠴᠠᠯᠢᠭ ᠰᠢᠨᠵᠢ ᠪᠣᠯᠭᠠᠨ᠎ᠠ᠃      ᠳᠥᠷᠪᠡ ᠳᠤ᠂ ᠠᠷᠢᠭᠤᠨ ᠴᠢᠬᠡᠴᠢ ᠶᠢᠨ ᠮᠥᠨ ᠴᠢᠨᠠᠷ ᠢ ᠴᠡᠪᠡᠷᠰᠢᠭᠦᠯᠦᠨ᠎ᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ᠂ ᠰᠢᠨ᠎ᠡ ᠰᠤᠷᠲᠠᠯ ᠢ ᠪᠤᠢ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠬᠦᠴᠦᠨ ᠲᠠᠢ ᠪᠠᠶᠢᠯᠭᠠᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠡᠳ᠋ ᠤᠨ ᠵᠠᠰᠠᠭ ᠤᠨ ᠪᠡᠯᠡ ᠮᠥᠩᠭᠦ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠪᠠ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠠᠯᠪᠠᠨ ᠤ ᠭᠤᠷᠪᠠᠨ ᠵᠦᠢᠯ ᠤᠨ ᠵᠠᠷᠤᠳᠠᠯ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠣᠭᠤᠰ ᠨᠢᠭᠡᠪᠦᠷᠢ ᠶᠢ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠩᠭᠢᠯᠠᠭ᠎ᠠ ᠶᠢᠨ ᠭᠠᠵᠠᠷ ᠲᠤ ᠬᠡᠷᠡᠭᠯᠡᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠤᠯᠤᠰ ᠲᠥᠷᠥ  ᠶᠢᠨ ᠲᠠᠯ᠎ᠠ ᠪᠠᠷ ᠢᠯᠡ ᠲᠣᠳᠣ᠂ ᠵᠠᠰᠠᠭ ᠤᠨ ᠣᠷᠳᠣᠨ ᠠᠷᠢᠭᠤᠨ ᠴᠢᠬᠡᠴᠢ᠂ ᠺᠠᠳ᠋ᠷ ᠲᠥᠪ ᠴᠢᠬᠡᠴᠢ ᠪᠠᠶᠢᠬᠤ ᠶᠢ  ᠪᠡᠶᠡᠯᠡᠭᠦᠯᠦᠨ᠎ᠡ᠃     ᠲᠥᠯᠥᠭᠡᠯᠡᠭᠴᠢᠳ ᠡ︕ ᠡᠭᠦᠷᠭᠡ ᠬᠠᠷᠢᠭᠤᠴᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠪᠣᠳᠠᠲᠠᠢ ᠠᠵᠢᠯᠯᠠᠪᠠᠯ ᠢᠷᠡᠭᠡᠳᠦᠢ ᠪᠠᠨ ᠴᠣᠭᠴᠠᠯᠠᠵᠤ ᠴᠢᠳᠠᠬᠤ ᠶᠣᠮ᠃ ᠪᠢᠳᠡ ᠶᠡᠷᠦᠩᠬᠡᠶ ᠱᠦᠵᠢ ᠰᠢ ᠶᠢᠨ ᠫᠢᠩ ᠨᠦᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠪᠦᠯᠬᠦᠮᠳᠡᠵᠦ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ︽ᠠᠵᠢᠯ  ᠦᠢᠯᠡᠰ ᠢᠶᠠᠷ ᠠᠷᠠᠳ ᠢᠶᠠᠨ ᠪᠠᠶᠠᠵᠢᠭᠤᠯᠵᠤ᠂ ᠥᠩᠭᠡ ᠦᠵᠡᠮᠵᠢ  ᠭᠤᠶᠢᠳᠠ ᠰᠠᠶᠢᠬᠠᠨ᠂ ᠠᠭᠤᠰᠤᠯᠴᠠᠨ ᠴᠢᠯᠥᠭᠡᠲᠡᠶ ᠶᠠᠪᠤᠯᠴᠠᠬᠤ︾ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕                                  ᠨᠡᠷ᠎ᠡ ᠦᠬᠡᠰ ᠤᠨ ᠲᠠᠶᠢᠯᠪᠣᠷᠢ︽ᠬᠤᠶᠠᠷ ᠶᠡᠭᠡ ᠶᠠᠪᠤᠳᠠᠯ︾᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ᠃︽ᠲᠠᠪᠤᠨ ᠶᠡᠭᠡ ᠡᠭᠦᠷᠭᠡ︾᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠤᠨ᠎ᠠ︔ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ︔ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠨ ᠪᠦᠲᠦᠭᠡᠨ᠎ᠡ᠃︽ᠭᠤᠷᠪᠠ ᠶᠢ ᠨᠠᠶᠢᠳᠠᠪᠣᠷᠢᠵᠢᠭᠤᠯᠬᠤ ᠨᠢᠭᠡ ᠶᠢ ᠪᠠᠬᠢᠵᠢᠭᠦᠯᠬᠦ︾᠄ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃︽ᠲᠠᠪᠤᠨ ᠥᠨᠳᠥᠷ ᠲᠠᠪᠤᠨ ᠣᠷᠣᠨ︾᠄ ᠥᠨᠳᠥᠷ ᠲᠦᠪᠰᠢᠨ ᠲᠠᠢ ᠠᠮᠢ ᠠᠬᠤᠶ ᠶᠢᠨ ᠬᠠᠮᠠᠭᠠᠯᠠᠯᠲᠠ᠂ ᠴᠢᠨᠠᠷ ᠰᠠᠶᠢᠲᠠᠶ ᠠᠵᠤ ᠠᠬᠤᠶ ᠶᠢᠨ ᠬᠥᠭᠵᠢᠯᠲᠡ᠂ ᠴᠢᠨᠠᠷ ᠰᠠᠶᠢᠲᠠᠶ ᠠᠷᠠᠳ ᠤᠨ ᠠᠮᠢᠳᠤᠷᠠᠯ᠂ ᠥᠨᠳᠥᠷ ᠪᠦᠲᠦᠮᠵᠢᠲᠡᠶ ᠨᠡᠶᠢᠭᠡᠮ ᠤᠨ ᠵᠠᠰᠠᠯᠲᠠ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ︔ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠭᠰᠠᠨ ᠵᠢᠱᠢᠶᠡᠴᠢ ᠣᠷᠣᠨ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠲᠥᠪᠯᠡᠷᠡᠭᠰᠡᠨ ᠣᠷᠣᠨ᠂ ᠠᠵᠤ  ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠭᠰᠠᠨ ᠬᠤᠰᠢᠭᠤᠴᠢ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ᠃︽ᠵᠢᠷᠭᠤᠭᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ︾᠄ ᠮᠠᠨ ᠤ ᠬᠤᠰᠢᠭᠤ ᠪᠠᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ᠂ ᠪᠠᠶᠠᠨᠨᠠᠭᠤᠷ ᠬᠤᠲᠠ ᠶᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ︽ᠲᠤᠯᠭᠠᠭᠤᠷᠢᠯᠠᠬᠤ ᠴᠡᠭ︾ ᠪᠣᠯᠭᠠᠨ ᠪᠥᠲᠥᠭᠡᠨ ᠪᠠᠶᠢᠭᠤᠯᠤᠨ᠎ᠠ︔ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ︽ᠰᠢᠨ᠎ᠡ ᠥᠨᠳᠦᠷᠯᠢᠭ︾︔ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ︽ᠵᠢᠱᠢᠶ᠎ᠡ ᠦᠵᠡᠭᠦᠯᠬᠦ ᠣᠷᠣᠨ︾︔ ᠠᠮᠤᠷ ᠲᠦᠪᠰᠢᠨ ᠡᠶ᠎ᠡ ᠵᠣᠬᠢᠴᠠᠩᠭᠤᠶ ᠨᠡᠶᠢᠭᠡᠮ ᠤᠨ ᠵᠠᠰᠠᠯᠲᠠ ᠶᠢᠨ ︽ᠲᠣᠭᠲᠠᠪᠤᠷᠢᠵᠢᠭᠤᠯᠤᠭᠴᠢ︾︔ ᠭᠠᠳᠠᠭᠰᠢ ᠨᠡᠭᠡᠭᠡᠯᠲᠡ ᠬᠢᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ︽ᠭᠤᠣᠯ ᠵᠠᠮ︾︔ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠢ ᠬᠠᠮᠠᠭᠠᠯᠠᠬᠤ ︽ᠲᠤᠭ ᠬᠠᠮᠠᠭᠠᠯᠠᠭᠴᠢ︾᠃︽ᠨᠢᠭᠡ ᠴᠠᠭᠠᠷᠢᠭ ᠬᠤᠶᠠᠷ ᠪᠦᠰᠡ︾᠄ ᠤᠯᠠᠭᠠᠨᠰᠤᠬᠠᠢ ᠶᠢ ᠬᠦᠷᠢᠶᠡᠯᠡᠨ᠎ᠡ︔ 110 ᠤᠯᠤᠰ ᠤᠨ ᠵᠠᠮ ᠳᠠᠭᠠᠤ ᠬᠠᠳᠤᠨ ᠭᠤᠤᠯ ᠤᠨ ᠠᠮᠢ ᠠᠬᠤᠶ ᠶᠢ ᠰᠡᠷᠭᠦᠭᠡᠬᠦ ᠪᠦᠰᠡ︔ 311 ᠮᠤᠵᠢ ᠶᠢᠨ ᠮᠣᠨᠠ ᠠᠭᠤᠯᠠ ᠶᠢᠨ ᠠᠷᠤ ᠬᠤᠷᠮᠣᠶ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠦᠰᠡ ᠳᠠᠭᠠᠤ᠃︽ᠵᠢᠭᠤᠯᠴᠢᠯᠠᠯ ᠤᠨ ᠳᠥᠷᠪᠡᠨ ᠭᠠᠵᠠᠷ︾᠄ ᠤᠯᠤᠰ ᠤᠨ ᠳᠣᠲᠣᠭᠠᠳᠤ ᠶᠢᠨ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠥᠩᠭᠡᠷᠡᠭᠡᠬᠦ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠃︽ᠬᠤᠶᠠᠷ ᠰᠠᠭᠤᠷᠢᠨ ᠭᠠᠵᠠᠷ᠂ ᠳᠥᠷᠪᠡᠨ ᠪᠦᠯᠦᠭᠯᠡᠯ︾᠄ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ᠂ ᠴᠡᠪᠡᠷ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠰᠠᠭᠤᠷᠢᠨ ᠭᠠᠵᠠᠷ︔ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠬᠡᠯᠪᠡᠷᠢ ᠶᠢᠨ ᠠᠯᠲᠠ ᠵᠠᠰᠠᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠯᠡᠯ ︽ᠳᠥᠷᠪᠡᠨ ᠲᠠᠯ᠎ᠠ ᠪᠠᠷ ᠬᠠᠮᠲᠤ ᠪᠠᠷ ᠵᠠᠰᠠᠬᠤ︾ ︽ᠲᠠᠪᠤᠨ ᠬᠤᠷᠠᠯ ᠢᠶᠠᠷ ᠬᠠᠮᠲᠣᠷᠠᠨ ᠲᠣᠬᠢᠷᠠᠭᠤᠯᠬᠤ︾᠄ ᠨᠠᠮ ᠤᠨ ᠳᠤᠭᠤᠶᠢᠯᠠᠩ᠂ ᠥᠮᠴᠢᠲᠡᠨ ᠤ ᠵᠥᠪᠯᠡᠯ᠂ ᠠᠳᠠᠯ ᠠᠬᠤᠶ᠂ ᠳᠠᠭᠠᠭᠠᠴᠢᠯᠠᠨ ᠬᠠᠷᠢᠯᠴᠠᠬᠤ ᠨᠢᠭᠡᠴᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠣᠷᠣᠰᠢᠵᠤ ᠪᠠᠶᠢᠭ᠎ᠠ ᠠᠰᠠᠭᠤᠳᠠᠯ ᠢ ᠬᠠᠮᠲᠤ ᠪᠠᠷ ᠵᠠᠰᠠᠨ᠎ᠠ︔ ᠨᠢᠭᠡᠴᠢ ᠶᠢᠨ ᠶᠠᠷᠢᠯᠴᠠᠬᠤ ᠬᠤᠷᠠᠯ᠂ ᠠᠰᠠᠷ ᠤᠨ ᠳᠤᠭᠤᠶᠢᠯᠠᠩ ᠤᠨ ᠬᠤᠷᠠᠯ᠂ ᠵᠢᠵᠢᠭ ᠲᠣᠭᠤᠷᠢᠭ ᠤᠨ ᠬᠡᠷᠡᠭ ᠵᠥᠪᠯᠡᠬᠦ ᠬᠤᠷᠠᠯ᠂ ᠰᠦᠯᠵᠢᠶᠡᠨ ᠤ ᠵᠥᠪᠳᠡᠯᠴᠡᠬᠦ ᠬᠤᠷᠠᠯ᠂ ᠨᠡᠶᠢᠭᠡᠮ ᠲᠣᠭᠤᠷᠢᠭ ᠤᠨ ᠬᠠᠮᠲᠤᠷᠠᠭᠰᠠᠨ ᠬᠤᠷᠠᠯ ᠤᠨ ᠬᠡᠷᠡᠭᠴᠡᠭᠡ ᠪᠠᠷ ᠨᠢ ᠵᠥᠪᠯᠡᠬᠦ ᠬᠤᠷᠠᠯ ᠬᠢᠵᠦ᠂ ᠰᠠᠭᠤᠭᠠᠯᠢ ᠠᠷᠠᠳ ᠤᠨ ᠡᠯ᠎ᠡ ᠵᠦᠢᠯ ᠤᠨ ᠬᠡᠷᠡᠭ ᠶᠠᠪᠤᠳᠠᠯ ᠪᠠ ᠵᠥᠷᠢᠴᠡᠯ ᠵᠢᠭᠤᠷᠠᠯᠳᠤᠭᠠᠨ ᠢ ᠱᠠᠳᠤ ᠬᠤᠪᠢᠶᠠᠨ ᠰᠢᠢᠳᠪᠦᠷᠢᠯᠡᠨ᠎ᠡ᠃︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠤᠮᠳᠠᠬᠢ ᠰᠤᠷᠭᠠᠨ ᠬᠥᠮᠦᠵᠢᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠡᠮ ᠡᠮᠨᠡᠯᠭᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢᠯᠡᠰ ᠤᠨ ᠬᠠᠮᠲᠤᠷᠠᠯᠴᠠᠭᠠᠨ ᠤ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠃︽ᠲᠠᠪᠤᠨ ᠥᠬᠡᠶ︾  ᠱᠠᠭᠠᠷᠳᠠᠯᠭ᠎ᠠ᠄ ᠬᠤᠷᠢᠭᠯᠠᠬᠤ ᠥᠬᠡᠶ ᠠᠪᠬᠤ ᠥᠬᠡᠶ᠂ ᠬᠤᠶᠢᠰᠢᠯᠠᠭᠤᠯᠬᠤ ᠥᠬᠡᠶ᠂ ᠮᠡᠬᠡᠯᠡᠬᠦ ᠥᠬᠡᠶ ᠨᠢᠭᠤᠬᠤ ᠥᠬᠡᠶ᠂ ᠰᠠᠭᠠᠲᠠᠭᠠᠬᠤ ᠥᠬᠡᠶ᠂ ᠢᠯᠳᠠᠷ ᠬᠠᠶᠠᠬᠤ ᠥᠬᠡᠶ ᠥᠮᠥᠭᠯᠡᠬᠦ ᠥᠬᠡᠶ᠃︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ︾᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠤᠤᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠤᠤᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠤᠤᠷ᠎ᠠ ᠣᠯᠤᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠤᠭᠰᠠᠨ ᠶᠤᠮ᠃︽ᠠᠷᠪᠠᠨ ᠨᠢᠭᠡ︾ ᠢᠨᠵᠧᠨᠧᠷᠢᠩ᠄ ᠨᠢᠭᠡ ᠳᠠᠭᠤᠤ ᠶᠢ ᠬᠠᠩᠭᠢᠨᠠᠭᠤᠯᠵᠤ᠂ ᠨᠢᠭᠡ ᠵᠦᠴᠦᠭᠡ ᠶᠢ ᠨᠠᠶᠢᠷᠠᠭᠤᠯᠤᠨ ᠲᠣᠭᠯᠠᠵᠤ᠂ ᠨᠢᠭᠡ ᠪᠦᠯᠦᠭ ᠲᠣᠭᠠᠴᠢᠯᠠᠭᠰᠠᠨ ᠰᠣᠶᠣᠯ ᠤᠨ ᠡᠭᠦᠳᠦᠨ ᠪᠦᠲᠦᠭᠡᠯᠲᠡ ᠶᠢᠨ ᠪᠦᠲᠦᠭᠡᠭᠳᠡᠬᠦᠨ ᠢ ᠵᠣᠬᠢᠶᠠᠨ ᠪᠦᠲᠦᠭᠡᠵᠦ᠂ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠰᠣᠩᠭᠤᠨ ᠪᠣᠢ ᠪᠣᠯᠭᠠᠵᠤ᠂ ᠠᠯᠢ ᠣᠯᠠᠨ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠵᠦ᠂ ᠨᠢᠭᠡ ᠭᠤᠣᠯ ᠰᠡᠳᠦᠪᠲᠦ ᠴᠡᠴᠡᠷᠯᠢᠭ ᠢ ᠪᠠᠶᠢᠭᠤᠯᠵᠤ᠂ ᠨᠢᠭᠡ ᠭᠤᠣᠯ ᠰᠡᠳᠦᠪᠲᠦ ᠲᠠᠯᠠᠪᠠᠢ ᠣᠷᠳᠣᠨ ᠢ ᠳᠡᠯᠭᠡᠨ ᠦᠵᠡᠭᠦᠯᠵᠦ᠂ ᠨᠢᠭᠡ ᠤᠯᠠᠮᠵᠢᠯᠠᠨ ᠰᠤᠷᠭᠠᠬᠤ ᠲᠠᠯᠠᠪᠤᠷ ᠢ ᠪᠦᠲᠦᠭᠡᠨ ᠪᠠᠶᠢᠭᠤᠯᠵᠤ᠂ ᠨᠢᠭᠡ ᠵᠤᠷᠪᠤᠰ ᠰᠣᠳᠣᠨ ᠵᠠᠮ ᠱᠤᠭᠤᠮ ᠢ ᠡᠭᠦᠳᠦᠨ ᠪᠠᠶᠢᠭᠤᠯᠵᠤ᠂ ᠨᠢᠭᠡ ᠰᠡᠳᠬᠢᠯ ᠢᠶᠠᠷ ᠦᠢᠯᠡᠰ ᠪᠣᠰᠬᠠᠬᠤ ᠵᠡᠭᠡᠯᠢ ᠲᠣᠭᠤᠷᠢᠭ ᠢ ᠬᠠᠮᠲᠤ ᠪᠠᠷ ᠪᠠᠶᠢᠭᠤᠯᠤᠨ᠎ᠠ᠃︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ︾᠄ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂  ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠲᠡᠶ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ