ᠤᠷᠠᠳ ᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠭᠤᠤᠯᠳᠠᠯᠭ᠎ᠠ ᠲᠠᠢ ᠲᠥᠷᠥᠯ ᠵᠦᠢᠯ ᠤᠨ ᠬᠢᠨᠠᠨ ᠪᠤᠳᠤᠯᠲᠠ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2024/3/11
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠥᠬᠦ ᠲᠠᠯ᠎ᠠ ᠶᠢᠨ ᠬᠢᠨᠠᠨ ᠪᠤᠳᠤᠬᠤ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ 7 ᠬᠢᠨᠠᠨ ᠪᠤᠳᠤᠬᠤ ᠳᠤᠭᠤᠶᠢᠯᠠᠩ ᠪᠠᠶᠢᠭᠤᠯᠵᠤ ᠬᠠᠮᠲᠤ ᠳᠤᠨᠢ 7 ᠬᠢᠨᠠᠨ ᠪᠤᠳᠤᠬᠤ ᠲᠥᠷᠥᠯ  ᠵᠦᠢᠯ ᠳᠤ ᠬᠢᠨᠠᠨ ᠪᠤᠳᠤᠯᠲᠠ ᠬᠢᠵᠦ᠂ ᠬᠠᠷᠠᠯᠲᠠ ᠪᠠᠨ ᠲᠣᠭᠲᠠᠭᠠᠨ᠂ ᠡᠷᠴᠢ ᠵᠣᠷᠢᠭ ᠢᠶᠠᠨ ᠬᠥᠪᠴᠢᠯᠡᠵᠦ᠂ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠶ ᠥᠷᠨᠢᠯᠲᠡ ᠶᠢ ᠠᠬᠢᠭᠤᠯᠪᠠ᠃      ᠲᠣᠰ ᠲᠣᠪᠴᠢᠶ᠎ᠠ ᠡᠷᠲᠡ ᠲᠥᠯᠥᠪᠵᠢᠭᠦᠯᠬᠦ᠂ ᠡᠷᠲᠡ ᠠᠬᠢᠭᠤᠯᠬᠤ᠂ ᠡᠷᠲᠡ ᠬᠡᠷᠡᠭᠵᠢᠭᠦᠯᠬᠦ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠢᠭᠡᠳᠦᠯᠲᠡᠶ ᠬᠢᠨᠠᠬᠤ ᠲᠥᠷᠥᠯ  ᠵᠦᠢᠯ ᠢ ᠰᠠᠶᠢᠲᠤᠷ ᠭᠥᠯᠢᠶᠡᠨ ᠠᠪᠬᠤ ᠶᠢᠨ ᠬᠠᠮᠲᠤ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠨᠡᠶᠢᠭᠡᠮ ᠤᠨ ᠠᠩᠬᠠᠷᠤᠯ ᠤᠨ ᠲᠥᠪ᠂ ᠬᠠᠯᠠᠮᠰᠢᠯ ᠬᠦᠷᠢᠶ᠎ᠡ ᠶᠢ ᠣᠨᠢᠯᠠᠵᠤ᠂ 2024 ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢᠨ ᠠᠵᠢᠯ ᠢ ᠰᠠᠶᠢᠲᠤᠷ ᠲᠥᠯᠥᠪᠵᠢᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠪᠠ᠃ ᠬᠢᠨᠠᠨ ᠪᠤᠳᠤᠬᠤ ᠲᠥᠷᠥᠯ ᠵᠦᠢᠯ ᠢ ᠲᠥᠷᠥᠯ ᠬᠤᠪᠢᠶᠠᠨ ᠬᠠᠮᠢᠶᠠᠷᠴᠤ᠂ ᠡᠯ᠎ᠡ ᠬᠢᠨᠠᠨ ᠪᠤᠳᠤᠬᠤ ᠳᠤᠭᠤᠶᠢᠯᠠᠩ ᠤᠨ ᠲᠤᠬᠠᠶ ᠶᠢᠨ ᠲᠠᠯᠠᠪᠠᠶ ᠳᠤ ᠬᠡᠷᠡᠭᠵᠢᠭᠦᠯᠬᠦ ᠠᠬᠢᠴᠠ ᠶᠢ ᠴᠢᠩᠭ᠎ᠠ ᠬᠢᠵᠠᠭᠠᠷᠯᠠᠵᠤ᠂ ᠡᠭᠦᠷᠭᠡ ᠶᠢᠨ ᠨᠠᠷᠢᠨ ᠬᠠᠭᠤᠳᠠᠰᠤ ᠶᠢᠨ ᠬᠦᠰᠦᠨᠦᠭᠲᠦ ᠲᠠᠢ ᠬᠠᠷᠭᠤᠭᠤᠯᠤᠨ᠂ ᠡᠯ᠎ᠡ ᠳᠤᠭᠤᠶᠢᠯᠠᠩ ᠤᠨ ᠬᠡᠷᠡᠭᠵᠢᠭᠦᠯᠬᠦ ᠠᠬᠢᠴᠠ ᠵᠢᠴᠢ ᠬᠢᠨᠠᠨ ᠪᠤᠳᠤᠭᠰᠠᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠲᠤᠬᠠᠶ ᠶᠢᠨ ᠲᠠᠯᠠᠪᠠᠶ ᠶᠢᠨ ᠬᠡᠷᠡᠭᠵᠢᠭᠦᠯᠬᠦ ᠲᠥᠯᠥᠪᠯᠡᠭᠡ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠬᠢᠨᠠᠨ ᠪᠤᠳᠤᠬᠤ ᠲᠥᠷᠥᠯ  ᠵᠦᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠳᠡᠬᠦ ᠶᠢ ᠦᠨᠡᠨ ᠬᠦ ᠪᠠᠲᠤᠯᠠᠪᠠ᠃ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠪᠤᠳᠤᠬᠤ ᠡᠩᠨᠡᠭᠡ ᠶᠢ ᠰᠠᠶᠢᠲᠤᠷ ᠠᠳᠬᠤᠬᠤ ᠲᠠᠯ᠎ᠠ ᠪᠠᠷ ᠴᠢᠩᠭ᠎ᠠ ᠱᠠᠭᠠᠷᠳᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠳᠠᠯᠠᠨ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠂ ᠬᠢᠨᠠᠨ ᠪᠤᠳᠤᠬᠤ ᠪᠠᠶᠢᠭᠤᠯᠭ᠎ᠠ ᠶᠢᠨ ᠰᠠᠶᠢᠨ ᠰᠠᠶᠢᠬᠠᠨ ᠳᠦᠷᠢ ᠲᠥᠷᠬᠦ ᠶᠢ  ᠬᠠᠮᠠᠭᠠᠯᠠᠪᠠ᠃ ᠬᠢᠨᠠᠨ ᠪᠤᠳᠤᠬᠤ ᠠᠵᠢᠯ ᠤᠨ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠬᠢᠨᠠᠨ ᠪᠤᠳᠤᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠨᠠᠷᠢᠯᠢᠭ ᠣᠨᠣᠪᠴᠢᠲᠠᠶ ᠥᠨᠳᠥᠷ ᠪᠦᠲᠦᠮᠵᠢᠲᠡᠶ  ᠨᠠᠶᠢᠳᠠᠪᠤᠷᠢᠵᠢᠭᠤᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ