︵2024 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ | ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠬᠡᠯ ᠳᠤ ᠳᠤᠷᠠᠳᠤᠭᠰᠠᠨ 2024 ᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ᠂ | ᠡᠨᠡ ᠬᠦ ᠢᠯᠡᠳᠬᠡᠯ ᠢ ᠵᠥᠪᠰᠢᠶᠡᠷᠡᠬᠦ ᠪᠠᠷ ᠲᠣᠭᠲᠠᠪᠠ᠃ | ᠬᠤᠷᠠᠯ ᠠᠴᠠ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠲᠤᠭᠤᠰᠢᠯᠠᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ | ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ | ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠠᠳᠬᠤᠵᠤ ᠪᠣᠳᠠᠲᠠᠢ ᠠᠵᠢᠯᠯᠠᠵᠤ᠂ | ᠪᠦᠯᠬᠦᠮᠳᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ | ᠰᠢᠯᠢᠳᠡᠭ ᠬᠢᠷᠢ ᠪᠦᠲᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠨ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠠᠶᠠᠷᠯᠠᠨ | ᠤᠭᠲᠤᠶ᠎ᠠ ᠭᠡᠵᠦ ᠤᠷᠢᠶᠠᠯᠠᠪᠠ︕ | |