︵2024 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ︽2023 | ᠣᠨ ᠤ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ | ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾ ᠵᠢᠴᠢ 2024 ᠣᠨ ᠤ ᠲᠥᠪ ᠤᠨ ᠪᠠ ᠣᠷᠣᠨ ᠨᠤᠲᠤᠭ ᠤᠨ | ᠲᠥᠰᠥᠪ ᠤᠨ ᠲᠥᠰᠥᠯ ᠢ ᠬᠢᠨᠠᠨ ᠪᠠᠶᠢᠴᠠᠭᠠᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠤᠨ ᠠᠵᠤ | ᠠᠬᠤᠢ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠵᠥᠪᠰᠢᠶᠡᠷᠡᠪᠡ᠃ ᠬᠤᠷᠠᠯ ᠠᠴᠠ ︽2023 ᠣᠨ ᠤ ᠲᠥᠪ ᠤᠨ | ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ | ᠲᠥᠰᠥᠯ ᠤᠨ ᠲᠤᠬᠠᠢ ᠮᠡᠳᠡᠭᠦᠯᠦᠯᠲᠡ︾ ᠶᠢ ᠵᠥᠪᠰᠢᠶᠡᠷᠡᠵᠦ᠂ 2024 ᠣᠨ ᠤ ᠲᠥᠪ ᠤᠨ ᠲᠥᠰᠥᠪ ᠢ ᠵᠥᠪᠰᠢᠶᠡᠷᠡᠬᠦ ᠪᠠᠷ ᠲᠣᠭᠲᠠᠪᠠ᠃ | |