ᠣᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠲᠣᠪᠴᠢᠶ᠎ᠠ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/3/12
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠢᠨ ᠲᠣᠰ ᠲᠣᠪᠴᠢᠶ᠎ᠠ ᠶᠢᠨ ᠭᠠᠶᠢᠯᠢ ᠬᠦᠢᠴᠡᠳᠭᠡᠭᠦ ᠦᠢᠯᠡᠴᠢᠯᠡᠬᠡᠨ ᠤ ᠲᠢᠩᠬᠢᠮ᠂ ᠮᠤᠨᠠ ᠠᠭᠤᠯᠠ ᠶᠢᠨ ᠬᠤᠪᠢᠶᠠᠷᠢ ᠲᠣᠪᠴᠢᠶ᠎ᠠ ᠳᠤ ᠬᠦᠷᠴᠦ ᠠᠵᠢᠯ ᠤᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠ ᠴᠢᠬᠤᠯᠠ ᠵᠠᠩᠭᠢᠯᠠᠭ᠎ᠠ ᠶᠢᠨ ᠴᠡᠭ ᠤᠨ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠪᠠᠷ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠃    ᠨᠢᠭᠤᠴᠠ ᠪᠠᠷ ᠰᠤᠷᠪᠤᠯᠵᠢᠯᠠᠬᠤ ᠳᠤᠭᠤᠶᠢᠯᠠᠩ ᠤᠨ ᠬᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠳᠤᠮᠳᠠ᠂  ᠵᠠᠰᠠᠭ ᠵᠠᠬᠢᠷᠭᠠᠨ ᠤ ᠠᠵᠢᠯ ᠠᠴᠠ ᠪᠣᠰᠣᠳ ᠰᠣᠯᠠ ᠠᠵᠢᠯ ᠬᠢᠵᠣ ᠪᠠᠶᠢᠭ᠎ᠠ᠂ ᠠᠵᠢᠯ ᠤᠨ ᠰᠠᠬᠢᠯᠭ᠎ᠠ ᠪᠠᠲᠤ᠂ ᠠᠵᠢᠯ ᠳᠤ ᠭᠠᠷᠬᠤ ᠶᠢ ᠰᠢᠯᠭᠠᠬᠤ ᠳᠦᠷᠢᠮ ᠢ ᠴᠢᠩᠭ᠎ᠠ ᠵᠢᠷᠤᠮᠯᠠᠭᠰᠠᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠪᠠ᠃ ᠪᠠᠶᠢᠴᠠᠭᠠᠯᠲᠠ ᠪᠠᠷ ᠳᠡᠮᠵᠢᠨ ᠪᠠᠶᠢᠴᠠᠭᠠᠭᠳᠠᠵᠤ ᠪᠠᠶᠢᠭ᠎ᠠ ᠰᠠᠯᠠᠭ᠎ᠠ ᠮᠥᠴᠢᠷ ᠤᠨ ᠠᠵᠢᠯᠲᠠᠳ ᠴᠥᠮ ᠠᠵᠢᠯ ᠤᠨ ᠰᠠᠬᠢᠯᠭ᠎ᠠ ᠪᠠᠲᠤ  ᠶᠢ ᠴᠢᠩᠭ᠎ᠠ ᠬᠡᠷᠡᠭᠵᠢᠭᠦᠯᠵᠦ᠂ ᠠᠮᠠᠷᠠᠯᠲᠠ ᠶᠢᠨ ᠴᠢᠯᠦᠭᠡ ᠠᠪᠬᠤ᠂ ᠭᠠᠳᠠᠭᠰᠢ ᠭᠠᠷᠴᠤ ᠬᠤᠷᠠᠯ ᠬᠢᠬᠦ ᠪᠤᠶᠤ ᠠᠯᠪᠠᠨ ᠠᠵᠢᠯ ᠤᠨ ᠠᠵᠢᠯᠲᠠᠳ ᠴᠥᠮ ᠬᠤᠯᠪᠣᠭᠳᠠᠯ ᠪᠦᠬᠦᠢ ᠴᠢᠯᠦᠭᠡ ᠭᠤᠶᠤᠬᠤ ᠭᠠᠷ ᠭᠦᠢᠴᠡᠳᠬᠡᠯ ᠢ ᠭᠦᠢᠴᠡᠳᠬᠡᠵᠦ᠂ ᠪᠠᠶᠢᠭᠤᠯᠭ᠎ᠠ  ᠶᠢᠨ ᠠᠵᠢᠯ ᠤᠨ ᠰᠤᠷᠲᠠᠯ ᠴᠢᠩᠭ᠎ᠠ ᠨᠢᠮᠪᠠᠢ ᠪᠠᠶᠢᠬᠤ ᠶᠢ ᠣᠯᠵᠤ ᠮᠠᠲᠠᠵᠠᠢ᠃ ᠡᠬᠦᠨ ᠠᠴᠠ ᠭᠠᠳᠠᠨ᠎ᠠ ᠪᠠᠰᠠ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠠᠯᠵᠠᠭᠤ ᠬᠤᠶᠢᠷᠭᠤ ᠪᠠᠶᠢᠬᠤ ᠡᠰᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠭᠠᠶᠢᠯᠢ ᠲᠤᠰᠢᠶᠠᠭᠴᠢ ᠲᠠᠢ ᠬᠠᠮᠲᠤ ᠪᠠᠷ ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠠᠰᠠᠭᠤᠨ ᠰᠢᠢᠳᠪᠦᠷᠢᠯᠡᠵᠦ᠂ ᠴᠣᠩᠬᠤᠪᠴᠢ ᠶᠢᠨ ᠠᠵᠢᠯᠲᠠᠨ ᠤ ᠦᠢᠯᠡᠴᠢᠯᠡᠬᠦ ᠣᠪᠣᠷ᠂ ᠭᠠᠶᠢᠯᠢ ᠭᠦᠢᠴᠡᠳᠬᠡᠭᠰᠡᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠠᠵᠤ ᠠᠬᠤᠶᠢᠯᠠᠯ ᠤᠨ ᠭᠠᠶᠢᠯᠢ ᠭᠦᠢᠴᠡᠳᠭᠡᠭᠴᠢ ᠶᠢᠨ ᠦᠨᠡᠯᠡᠯᠲᠡ ᠵᠢᠴᠢ ᠰᠠᠨᠠᠭᠤᠯᠭ᠎ᠠ ᠶᠢ ᠰᠣᠨᠣᠰᠪᠠ᠃     ᠲᠣᠰ ᠵᠢᠯ᠂ ᠤᠷᠠᠳ ᠤᠨ ᠡᠮᠦᠨᠡᠲᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠢᠨ ᠤᠯᠤᠰ ᠲᠥᠷᠥ ᠶᠢᠨ ᠬᠢᠨᠠᠯᠲᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠡᠳᠦᠷ ᠲᠤᠲᠤᠮ ᠤᠨ ᠬᠢᠨᠠᠯᠲᠠ ᠶᠢ ᠨᠠᠷᠢᠨ ᠨᠢᠮᠪᠠᠢ ᠬᠢᠵᠦ᠂ ᠪᠥᠬᠦ ᠲᠠᠯ᠎ᠠ ᠶᠢᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢ ᠠᠬᠢᠭᠤᠯᠤᠨ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠯ᠎ᠡ ᠲᠥᠷᠥᠯ ᠤᠨ ᠬᠢᠨᠠᠯᠲᠠ ᠶᠢ  ᠲᠣᠭᠤᠰᠢᠯᠠᠭᠤᠯᠤᠨ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ