ᠤᠷᠠᠳ ᠤᠨ ᠡᠮᠦᠨᠡᠲᠦ ᠬᠤᠰᠢᠭᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
      3 ᠰᠠᠷ᠎ᠠ ᠶᠢᠨ 5 ᠤ ᠡᠳᠦᠷ᠂ ᠤᠷᠠᠳ ᠤᠨ ᠡᠮᠦᠨᠡᠲᠦ ᠬᠤᠰᠢᠭᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃       ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠢᠩ ᠬᠤᠤ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠪᠠᠶᠠᠨᠨᠠᠭᠤᠷ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠷᠠᠳ ᠤᠨ ᠡᠮᠦᠨᠡᠲᠦ ᠬᠤᠰᠢᠭᠤᠨ ᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃

食品安全示范市.jpg

 

      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤ ᠪᠠᠷ ᠢᠶᠠᠨ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ

ᠠᠵᠢᠯ ᠤᠨ ᠬᠤᠭᠤᠴᠠᠭ᠎ᠠ ᠪᠠᠨ ᠲᠣᠩᠭᠤᠷᠠᠭᠤ ᠵᠢᠭᠰᠠᠭᠠᠵᠤ᠂ ᠡᠯ᠎ᠡ ᠵᠦᠢᠯ ᠤᠨ ᠡᠭᠦᠳᠦᠨ ᠪᠠᠶᠢᠭᠤᠯᠬᠤ ᠭᠦᠢᠴᠡᠳᠭᠡᠯ ᠲᠤᠭ᠎ᠠ ᠶᠢ ᠪᠣᠳᠠᠲᠠᠶ ᠨᠠᠷᠢᠯᠢᠭ

ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯᠳᠠᠯᠭ᠎ᠠ ᠪᠠᠨ ᠲᠣᠪᠤᠶᠢᠯᠭᠠᠨ᠂ ᠡᠯ᠎ᠡ ᠲᠥᠷᠥᠯ ᠤᠨ ᠢᠳᠡᠭᠡᠨ ᠤ ᠠᠶᠤᠯ ᠦᠭᠡᠶ ᠶᠢᠨ ᠤᠬᠠᠭᠤᠯᠭ᠎ᠠ ᠶᠢ ᠪᠦᠬᠦ

ᠲᠠᠯ᠎ᠠ ᠪᠠᠷ᠂ ᠣᠯᠠᠨ ᠠᠷᠭ᠎ᠠ ᠵᠠᠮ ᠢᠶᠠᠷ ᠥᠷᠨᠢᠭᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ

ᠪᠠᠶᠢᠭᠤᠯᠬᠤ ᠳᠤ ᠮᠡᠳᠡᠬᠦ ᠨᠣᠷᠮ᠎ᠠ᠂ ᠨᠡᠶᠢᠲᠡ ᠣᠯᠠᠨ ᠤ ᠣᠷᠣᠯᠴᠠᠬᠤ ᠬᠡᠮᠵᠢᠶ᠎ᠡ ᠪᠣᠯᠤᠨ ᠢᠳᠡᠭᠡᠨ ᠤ ᠠᠶᠤᠯ ᠦᠭᠡᠶ ᠶᠢᠨ ᠬᠠᠨᠤᠮᠵᠢ ᠶᠢᠨ ᠬᠡᠮᠵᠢᠶ᠎ᠡ ᠶᠢ

ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠬᠠᠮᠵᠢᠯᠴᠠᠬᠤ ᠪᠠᠨ ᠴᠢᠩᠭᠠᠳᠬᠠᠵᠤ᠂ ︽ᠲᠣᠣᠷᠵᠢᠭᠤᠯᠬᠤ ᠮᠠᠶ᠋ᠢᠭ︾᠂ ︽ᠪᠦᠬᠦᠨ ᠢ ᠬᠠᠮᠤᠷᠬᠤ ᠮᠠᠶ᠋ᠢᠭ︾ ᠤᠨ

ᠵᠢᠭᠰᠠᠭᠠᠨ ᠪᠠᠶᠢᠴᠠᠭᠠᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ ᠴᠢᠩᠭᠠᠳᠬᠠᠵᠤ

᠂ ᠰᠢᠮᠳᠠᠭᠤᠯᠤᠨ ᠪᠠᠶᠢᠴᠠᠭᠠᠵᠤ ᠲᠣᠬᠢᠷᠠᠭᠤᠯᠬᠤ ᠶᠢ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢ ᠱᠠᠯᠠᠪᠳᠠᠨ ᠴᠡᠭᠴᠡᠯᠡᠨ ᠰᠠᠶᠢᠵᠢᠷᠠᠭᠤᠯᠵᠤ᠂

ᠲᠤᠬᠠᠶ ᠶᠢᠨ ᠲᠠᠯᠠᠪᠠᠶ ᠶᠢᠨ ᠣᠷᠣᠨ ᠪᠠᠶᠢᠷᠢ ᠶᠢ ᠪᠦᠬᠦᠨ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠬᠤ ᠬᠡᠷᠡᠭᠲᠡᠶ᠃ ᠨᠠᠮ ᠵᠠᠰᠠᠭ ᠬᠠᠮᠲᠤᠪᠠᠷ

ᠬᠠᠷᠢᠭᠤᠴᠠᠬᠤ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠣᠷᠣᠭᠤᠯᠤᠯᠲᠠ ᠪᠠᠨ ᠨᠡᠮᠡᠭᠳᠡᠭᠦᠯᠦᠨ᠂

ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠰᠢᠯᠢᠳᠡᠭ ᠬᠢᠷᠢ ᠪᠦᠲᠦᠮᠵᠢ ᠪᠠᠷ ᠬᠢᠨᠠᠨ ᠲᠣᠭᠲᠠᠭᠠᠵᠤ ᠰᠢᠯᠭᠠᠨ ᠠᠪᠬᠤ ᠶᠢ ᠤᠭᠲᠤᠵᠤ᠂ ᠢᠳᠡᠭᠡᠨ ᠤ

ᠠᠶᠤᠯ ᠦᠭᠡᠶ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠤᠢᠭᠡᠢ ᠪᠣᠶ ᠪᠣᠯᠭᠠᠬᠤ ᠬᠡᠷᠡᠭᠲᠡᠶ ᠭᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ